8 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠲᠦᠩᠯᠢᠶᠣᠤ | ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠲᠤ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ | ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠵᠤ᠂ ᠬᠢᠯᠢ ᠶᠢᠨ ᠬᠠᠮᠠᠭᠠᠯᠠᠯᠳᠠ ᠶᠢᠨ ᠬᠠᠷᠠᠭᠤᠯ ᠤᠨ ᠭᠠᠵᠠᠷ ᠤᠨ | ᠳᠠᠷᠤᠭ᠎ᠠ ᠪᠠᠶᠢᠯᠳᠤᠭᠴᠢᠳ ᠢ ᠡᠷᠭᠢᠵᠦ ᠦᠵᠡᠪᠡ᠃ | | | | | | | ᠲᠦᠩᠯᠢᠶᠣᠤ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ᠤᠨ ᠠᠭᠤᠯᠵᠠᠷ ᠬᠡᠰᠡᠭ ᠪᠠ | ᠲᠦᠩᠯᠢᠶᠣᠤ ᠶᠢᠨ ᠬᠤᠣᠯᠢᠩᠭᠤᠣᠯ ᠬᠤᠲᠠ ᠶᠢᠨ ᠴᠡᠷᠢᠭ ᠤᠨ ᠠᠳᠤᠭᠤᠨ ᠤ ᠲᠠᠯᠠᠪᠠᠢ ᠶᠢᠨ ᠠᠮᠢ ᠠᠬᠤᠢ ᠶᠢᠨ | ᠬᠠᠮᠠᠭᠠᠯᠠᠯᠲᠠ ᠶᠢᠨ ᠣᠷᠣᠨ ᠳᠤ᠂ ᠪᠦ᠋ ᠰᠢᠶᠤᠤ ᠯᠢᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠨᠠᠷᠢᠨ ᠬᠢᠨᠠᠮᠠᠭᠠᠶ ᠰᠣᠨᠣᠰᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠣ | ᠰᠤᠮᠤᠨ ᠳᠤ ᠪᠦ᠋ ᠰᠢᠶᠤᠤ ᠯᠢᠨ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ ᠬᠥᠭᠵᠢᠯᠲᠡ ᠪᠠ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ | ᠰᠡᠷᠭᠦᠭᠡᠨ ᠵᠠᠰᠠᠯᠳᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠲᠡᠷᠡ ᠪᠠᠰᠠ ᠷᠠᠰᠢᠶᠠᠨ ᠬᠤᠲᠠ ᠶᠢᠨ ᠶᠡᠭᠡ | ᠬᠢᠩᠭᠠᠨ ᠳᠠᠪᠠᠭ᠎ᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ ᠬᠠᠭᠠᠯᠪᠤᠷᠢᠯᠠᠭᠰᠠᠨ ᠣᠶ ᠰᠢᠭᠤᠶ ᠶᠢᠨ | ᠭᠠᠵᠠᠷ ᠤᠨ ᠲᠠᠷᠢᠶᠠᠯᠠᠬᠤ ᠶᠢ ᠵᠣᠭᠰᠣᠭᠠᠵᠤ ᠣᠶ ᠮᠣᠳᠣ ᠲᠠᠷᠢᠬᠤ ᠲᠥᠷᠥᠯ ᠵᠦᠢᠯ ᠤᠨ ᠣᠷᠣᠨ ᠳᠤ ᠬᠦᠷᠴᠦ ᠲᠥᠷᠥᠯ | ᠵᠦᠢᠯ ᠤᠨ ᠠᠬᠢᠴᠠ ᠶᠢ ᠣᠶᠢᠯᠠᠭᠠᠵᠥ᠂ ᠷᠠᠰᠢᠶᠠᠨ ᠬᠤᠲᠠ ᠶᠢᠨ ᠳᠦᠯᠡᠷ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠤ ᠬᠦᠷᠴᠦ ᠵᠡᠭᠡᠷ᠎ᠡ ᠵᠢᠴᠢ ᠬᠡᠭᠡᠷ᠎ᠡ ᠶᠢᠨ ᠠᠮᠢᠲᠠᠨ ᠤ ᠨᠡᠪᠲᠡᠷᠡᠬᠦ ᠵᠠᠮ ᠤᠨ ᠲᠤᠷᠰᠢᠯᠲᠠ ᠶᠢᠨ ᠴᠡᠭ ᠤᠨ | ᠲᠥᠷᠥᠯ ᠵᠦᠢᠯ ᠤᠨ ᠬᠠᠮᠢᠶᠠᠷᠴᠤ ᠬᠠᠮᠠᠭᠠᠯᠠᠵᠤ ᠠᠪᠤᠷᠠᠨ ᠲᠤᠰᠠᠯᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠰᠢᠨᠵᠢᠯᠡᠨ ᠪᠠᠶᠢᠴᠠᠭᠠᠪᠠ᠃ ᠪᠦ᠋ ᠰᠢᠶᠣᠤ ᠯᠢᠨ᠂ ᠨᠤᠲᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ | ᠪᠦᠲᠦᠭᠡᠨ ᠪᠠᠶᠢᠭᠤᠯᠤᠯᠲᠠ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠲᠠᠢ ᠨᠢᠭᠡᠳᠬᠡᠵᠦ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠪᠠᠷ ᠬᠥᠭᠵᠢᠬᠦᠯᠬᠦ ᠴᠢᠨᠠᠷ ᠰᠠᠶᠢᠲᠠᠶ ᠬᠥᠭᠵᠢᠯᠲᠡ ᠶᠢᠨ | ᠤᠳᠤᠷᠢᠳᠤᠮᠵᠢ ᠲᠠᠢ ᠨᠢᠭᠡᠳᠬᠡᠵᠦ᠂ ᠠᠭᠤᠯᠠ ᠤᠰᠤ ᠣᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ | ᠨᠤᠳᠤᠬ ᠪᠡᠯᠴᠢᠬᠡᠷ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ | ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ | ᠳᠡᠯᠬᠡᠷᠡᠬᠦᠯᠵᠥ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠪᠠᠷ ᠣᠷᠣᠰᠢᠬᠤ ᠶᠢ ᠠᠬᠢᠭᠤᠯᠬᠤ ᠬᠡᠷᠡᠭᠳᠡᠢ | ᠬᠡᠵᠥ ᠴᠢᠬᠤᠯᠠᠴᠢᠯᠠᠪᠠ᠃ | | | | ᠪᠦ᠋ ᠰᠢᠶᠤᠤ ᠯᠢᠨ ᠰᠦᠵᠢ ᠶᠢᠨ ᠪᠤᠯᠠᠭ ᠴᠠᠭᠠᠨ ᠢᠳᠡᠭᠡᠨ ᠤ ᠲᠤᠰᠬᠠᠶ ᠬᠤᠷᠰᠢᠶ᠎ᠠ ᠳᠤ ᠬᠦᠷᠴᠦ᠂ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ | ᠦᠢᠯᠡᠳᠪᠤᠷᠢᠯᠡᠬᠦ᠂ ᠦᠢᠯᠡᠳᠬᠦᠨ ᠤ ᠲᠥᠷᠥᠯ ᠵᠦᠢᠯ᠂ ᠪᠣᠭᠤᠳᠠᠯᠯᠠᠨ ᠪᠣᠷᠣᠯᠠᠭᠤᠯᠬᠤ ᠵᠡᠷᠭᠡ ᠪᠠᠶᠢᠳᠠᠯ ᠢ ᠣᠶᠢᠯᠠᠭᠠᠪᠠ᠃ | ᠬᠤᠷᠰᠢᠶ᠎ᠠ ᠠᠴᠠ ᠰᠦᠢᠳᠬᠡᠯ ᠬᠤᠷᠢᠶᠠᠬᠤ ᠦᠭᠡᠢ ᠪᠠᠷ ᠴᠠᠭᠠᠨ ᠢᠳᠡᠭᠡ ᠦᠢᠯᠡᠳᠪᠤᠷᠢᠯᠡᠬᠦ ᠪᠣᠯᠪᠠᠰᠤᠷᠠᠯ ᠤᠨ ᠠᠩᠭᠢ | ᠡᠷᠬᠢᠯᠡᠵᠦ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠳᠤ | ᠲᠦᠷ ᠴᠠᠭ ᠬᠥᠯᠥᠰᠥᠨ ᠠᠵᠢᠯ ᠬᠢᠬᠦ᠂ ᠮᠡᠷᠭᠡᠵᠢᠯ ᠤᠨ ᠵᠢᠯᠤᠭᠤᠳᠤᠯᠭ᠎ᠠ ᠪᠣᠯᠪᠠᠰᠤᠷᠠᠭᠤᠯᠤᠯ ᠵᠢᠴᠢ ᠴᠠᠭᠠᠨ ᠢᠳᠡᠭᠡᠨ ᠢ | ᠣᠷᠣᠯᠠᠨ ᠪᠣᠷᠣᠯᠠᠭᠤᠯᠬᠤ ᠵᠡᠷᠭᠡ ᠦᠢᠯᠡᠴᠢᠯᠡᠭᠡ ᠬᠠᠩᠭᠠᠵᠦ ᠪᠠᠶᠢᠬᠤ ᠶᠢ ᠤᠢᠢᠯᠠᠭᠠᠵᠦ ᠮᠡᠳᠡᠬᠡᠳ᠂ ᠪᠦ᠋ ᠰᠢᠶᠤᠤ ᠯᠢᠨ | ᠬᠤᠷᠰᠢᠶ᠎ᠠ ᠶᠢᠨ ᠬᠢᠳᠡᠯ ᠢ ᠭᠦᠢᠴᠡᠳ ᠨᠤᠲᠠᠯᠠᠵᠥ᠂ ᠬᠤᠷᠰᠢᠶ᠎ᠠ ᠶᠢᠨ ᠬᠢᠨ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ | ᠲᠦᠪᠰᠢᠨ ᠢᠶᠠᠨ ᠳᠡᠭᠡᠭᠰᠢᠯᠡᠭᠦᠯᠵᠥ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠤᠷᠢᠯᠡᠬᠦ | ᠮᠡᠷᠭᠡᠵᠢᠯ ᠢᠶᠠᠨ ᠤᠯᠠᠮ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠᠨ ᠴᠢᠩᠭᠠᠳᠬᠠᠨ᠂ ᠠᠵᠤ | ᠦᠢᠯᠡᠰ ᠤᠨ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠰᠦᠬᠡᠢ ᠬᠡᠵᠥ ᠵᠤᠷᠢᠬᠵᠢᠭᠤᠯᠪᠠ᠃ | | | | ᠡᠨᠡ ᠬᠤᠭᠤᠴᠠᠭᠠᠨ ᠳᠤ᠂ ᠪᠦ᠋ ᠰᠢᠶᠤᠤ ᠯᠢᠨ ᠪᠣᠭᠳᠠ ᠠᠭᠤᠯᠠ ᠬᠠᠷᠠᠭᠤᠯ ᠤᠨ ᠭᠠᠵᠠᠷ ᠲᠤ ᠬᠦᠷᠴᠦ | ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠢ ᠡᠷᠭᠢᠨ ᠦᠵᠡᠵᠦ ᠲᠣᠬᠤᠨᠢᠭᠤᠯᠵᠤ᠂ ᠳᠠᠷᠤᠭ᠎ᠠ | ᠪᠠᠶᠢᠯᠳᠤᠭᠴᠢᠳ ᠤᠨ ᠪᠠᠶᠢᠯᠳᠤᠭᠠᠨ ᠤ ᠪᠣᠯᠪᠠᠰᠤᠷᠠᠯ ᠪᠠ ᠠᠮᠢᠳᠤᠷᠠᠯ ᠰᠤᠷᠤᠯᠴᠠᠯᠭ᠎ᠠ ᠵᠡᠷᠭᠡ ᠲᠠᠯ᠎ᠠ ᠶᠢᠨ ᠪᠠᠶᠢᠳᠠᠯ ᠢ | ᠨᠠᠷᠢᠨ ᠣᠶᠢᠯᠠᠭᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠴᠡᠷᠢᠭ ᠠᠩᠬᠢ ᠪᠠ ᠣᠷᠣᠨ ᠨᠤᠲᠤᠭ ᠤᠨ ᠬᠠᠮᠲᠤ ᠪᠠᠷ | ᠪᠠᠶᠢᠭᠤᠯᠬᠤ᠂ ᠠᠭᠤᠰᠤᠯᠴᠠᠨ ᠬᠥᠭᠵᠢᠬᠦ ᠰᠢᠨ᠎ᠠ ᠬᠠᠭᠤᠳᠠᠰᠤ ᠶᠢ ᠪᠢᠴᠢᠭᠯᠡᠰᠦᠬᠡᠢ ᠬᠡᠵᠥ ᠬᠦᠰᠡᠪᠡ᠃ ᠲᠡᠷᠡ ᠪᠠᠰᠠ | ᠷᠠᠰᠢᠶᠠᠨ ᠤ ᠣᠤ ᠯᠦᠨ ᠪᠦ᠋ ᠺᠠᠨ ᠬᠤᠪᠢ ᠶᠢᠨ ᠮᠠᠰᠢᠨ ᠲᠡᠷᠭᠡ ᠵᠢᠯᠣᠭᠤᠳᠴᠤ ᠵᠢᠭᠤᠯᠴᠢᠯᠠᠬᠤ ᠭᠠᠵᠠᠷ ᠲᠤ ᠬᠦᠷᠴᠦ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠶ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠩᠭᠠᠨ ᠠᠶᠢᠮᠠᠭ ᠤᠨ | ᠨᠠᠮ ᠤᠨ ᠬᠤᠷᠢᠶᠠᠨ ᠤ ᠱᠦᠵᠢ ᠵᠠᠩ ᠧᠨ ᠬᠤᠶ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠬᠤ ᠳᠤ ᠣᠷᠣᠯᠴᠠᠵᠠᠢ᠃ | |