ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠳᠣ ᠬᠤᠷᠠᠯ ᠠᠴᠠ ᠣᠶᠢᠯᠠᠭᠠᠭᠰᠠᠨ ᠢᠶᠠᠷ᠂ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠪᠣᠯᠤᠨ ᠬᠥᠬᠡᠬᠤᠲᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠲᠤ ᠪᠠᠷ ᠭᠠᠷ ᠤᠨ ᠥᠰᠥᠭ ᠵᠢᠷᠤᠭᠰᠠᠨ ︽ᠮᠥᠩᠭᠦᠨ | ᠭᠦᠢᠯᠭᠡᠭᠡᠨ ᠢᠶᠠᠷ ᠡᠮᠡᠭᠲᠡᠶᠢᠴᠦᠳ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾ ᠶᠣᠰᠣᠭᠠᠷ᠂ | ᠬᠥᠬᠡᠬᠤᠲᠠ ᠶᠢᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠮᠡᠭᠲᠡᠶᠢᠴᠦᠳ ᠵᠡᠷᠭᠡ ᠪᠦᠯᠦᠭᠯᠡᠯ ᠵᠢᠴᠢ | ᠡᠮᠡᠭᠲᠡᠶᠢᠴᠦᠳ ᠢ ᠳᠠᠶᠢᠴᠢᠯᠠᠨ ᠠᠵᠢᠯ ᠣᠯᠭᠤᠭᠰᠠᠨ᠂ ᠶᠠᠳᠠᠭᠤ ᠠᠴᠠ ᠠᠩᠭᠢᠵᠢᠷᠠᠭᠤᠯᠤᠭᠰᠠᠨ ᠵᠢᠵᠢᠭ ᠪᠢᠴᠢᠯ ᠠᠵᠤ | ᠠᠬᠤᠶᠢᠯᠠᠯ ︵ᠬᠤᠷᠰᠢᠶ᠎ᠠ︶ ᠢ ᠭᠤᠤᠯᠳᠠᠯᠭ᠎ᠠ ᠲᠠᠢ ᠳᠡᠮᠵᠢᠪᠡ᠃ ᠥᠨᠥ ᠪᠣᠯᠬᠤ ᠳᠤ᠂ ᠲᠠᠷᠢᠶᠠᠯᠠᠩ ᠤᠨ ᠪᠠᠩᠬᠢ ᠶᠢᠨ | ᠬᠥᠬᠡᠬᠤᠲᠠ ᠳᠠᠬᠢ ᠬᠤᠪᠢᠶᠠᠷᠢ ᠪᠠᠩᠬᠢ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠶᠠᠳᠠᠭᠤ ᠶᠢ | ᠲᠡᠳᠬᠦᠬᠦ ᠠᠯᠪᠠᠨ ᠭᠡᠷ ᠤᠨ ᠲᠠᠨᠢᠯᠴᠠᠭᠤᠯᠭ᠎ᠠ ᠪᠠᠷ ᠳᠠᠮᠵᠢᠨ ᠪᠦᠬᠦ ᠬᠤᠲᠠ ᠳᠤ ᠡᠩ ᠤᠨ ᠬᠥᠳᠡᠭᠡ ᠲᠣᠰᠬᠤᠨ ᠤ | ᠡᠮᠡᠭᠲᠡᠶ ᠲᠠᠷᠢᠶᠠᠴᠢᠨ ᠡᠷᠦᠬᠡ ᠳᠤ ᠨᠡᠶᠢᠲᠡ 31251 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ 3069 | ᠡᠷᠦᠬᠡ ᠡᠮᠡᠭᠲᠡᠶ ᠲᠠᠷᠢᠶᠠᠴᠢᠨ ᠤ ᠠᠳᠠᠯ ᠦᠢᠯᠡᠰ ᠴᠣᠭᠴᠠᠯᠠᠬᠤ ᠦᠢᠯᠡᠳᠪᠦᠷᠢᠯᠡᠯ ᠢ ᠳᠠᠶᠢᠴᠢᠯᠠᠨ ᠳᠡᠮᠵᠢᠪᠡ᠃ | ᠡᠭᠦᠨ ᠳᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 249 ᠡᠷᠦᠬᠡ ᠡᠮᠡᠭᠲᠡᠶᠢᠴᠦᠳ ᠢ 1251 ᠲᠦᠮᠡᠨ | ᠲᠥᠭᠦᠷᠢᠭ ᠢᠶᠠᠷ ᠳᠡᠮᠵᠢᠵᠦ ᠂ ᠡᠮᠡᠭᠲᠡᠶᠢᠴᠦᠳ ᠤᠨ ᠲᠡᠵᠢᠭᠡᠨ ᠦᠷᠡᠵᠢᠭᠦᠯᠬᠦ 837 ᠲᠣᠮᠣ ᠡᠷᠦᠬᠡ ᠶᠢ ᠨᠡᠶᠢᠲᠡ | 11432 ᠲᠦᠮᠡᠨ ᠲᠥᠭᠦᠷᠢᠭ ᠢᠶᠠᠷ ᠳᠡᠮᠵᠢᠪᠡ᠃ ᠡᠮᠡᠭᠲᠡᠶᠢᠴᠦᠳ ᠲᠤ ᠠᠵᠢᠯ ᠣᠯᠭᠤᠬᠤ 2 ᠵᠢᠵᠢᠭ ᠪᠢᠴᠢᠯ ᠠᠵᠤ | ᠠᠬᠤᠶᠢᠯᠠᠯ ᠢ ᠭᠤᠣᠯᠳᠠᠯᠭ᠎ᠠ ᠲᠠᠢ ᠳᠠᠮᠵᠢᠵᠤ᠂ 3200 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ | ᠶᠠᠳᠠᠭᠤ ᠬᠦᠴᠢᠷᠳᠡᠯᠲᠡᠶ ᠡᠷᠦᠬᠡ ᠶᠢᠨ ︽ᠵᠢᠭᠡᠯᠡᠯᠭᠡ ᠣᠯᠵᠤ ᠳᠡᠶᠢᠯᠬᠦ᠂ ᠰᠠᠶᠢᠲᠤᠷ ᠬᠡᠷᠡᠭᠯᠡᠵᠦ ᠳᠡᠶᠢᠯᠬᠦ᠂ | ᠪᠤᠴᠠᠭᠠᠵᠤ ᠳᠡᠶᠢᠯᠬᠦ︾ ᠪᠣᠯᠭᠠᠬᠤ ᠶᠢᠨ ᠲᠥᠯᠥᠭᠡ᠂ ᠲᠠᠷᠢᠶᠠᠯᠠᠩ ᠤᠨ ᠪᠠᠩᠬᠢ ᠶᠢᠨ ᠬᠥᠬᠡᠬᠤᠲᠠ ᠳᠠᠬᠢ ᠬᠤᠪᠢᠶᠠᠷᠢ | ᠪᠠᠩᠬᠢ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠲᠠᠢ ᠬᠠᠮᠲᠤᠷᠠᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠤ ᠢᠳᠡᠪᠬᠢᠲᠡᠶ ᠬᠦᠴᠦᠨ ᠨᠡᠮᠡᠷᠢᠯᠡᠪᠡ᠃ ᠲᠠᠷᠢᠶᠠᠯᠠᠩ ᠤᠨ | ᠪᠠᠩᠬᠢ ᠶᠢᠨ ᠬᠦᠬᠡᠬᠤᠲᠠ ᠳᠠᠬᠢ ᠬᠤᠪᠢᠶᠠᠷᠢ ᠪᠠᠩᠬᠢ ᠨᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠡᠷᠦᠬᠡ ᠳᠤ ᠠᠵᠢᠯ ᠣᠯᠭᠤᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠪᠠ | ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ︽ᠲᠠᠷᠢᠶᠠᠯᠠᠩ ᠤᠨ ᠪᠠᠩᠬᠢ + ᠳᠠᠭᠠᠭᠠᠯᠲᠠ ᠶᠢᠨ | ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠶᠢᠨ ᠢᠲᠡᠭᠡᠮᠵᠢᠲᠦ ᠵᠢᠭᠡᠯᠡᠯᠭᠡ ᠶᠢᠨ ᠰᠢᠨ᠎ᠡ ᠶᠢ ᠡᠭᠦᠳᠬᠦ | ᠵᠠᠭᠪᠤᠷ ᠢ ᠰᠢᠨᠡᠴᠢᠯᠡᠬᠦ ᠪᠠᠷ ᠳᠠᠮᠵᠢᠭᠤᠯᠤᠨ᠂ ᠡᠮᠡᠭᠲᠡᠶᠢᠴᠦᠳ ᠲᠤ ᠤᠷᠢᠳᠠᠪᠠᠷ ᠢᠲᠡᠭᠡᠮᠵᠢ ᠣᠯᠭᠤᠬᠤ᠂ ᠬᠦᠦ | ᠮᠥᠩᠭᠦ ᠶᠢᠨ ᠨᠣᠷᠮ᠎ᠠ ᠳᠤ ᠬᠠᠷᠠᠭᠠᠯᠵᠠᠯ ᠦᠵᠡᠭᠦᠯᠬᠦ᠂ ᠬᠤᠭᠤᠴᠠᠭ᠎ᠠ ᠶᠢ ᠨᠢ ᠠᠮᠢᠳᠤᠯᠢᠭ ᠪᠠᠶᠢᠯᠭᠠᠬᠤ ᠵᠡᠷᠭᠡ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠡᠮᠡᠭᠲᠡᠶᠢᠴᠦᠳ ᠤᠨ ᠠᠵᠤ ᠦᠢᠯᠡᠰ ᠬᠥᠭᠵᠢᠭᠦᠯᠬᠦ ᠶᠢ ᠨᠢ | ᠪᠦᠬᠦ ᠬᠦᠴᠦᠨ ᠢᠶᠠᠷ ᠢᠶᠠᠨ ᠳᠠᠮᠵᠢᠵᠤ᠂ ᠶᠠᠳᠠᠭᠤ ᠬᠦᠴᠢᠷᠳᠡᠯᠲᠡᠢ ᠡᠷᠦᠬᠡ ᠶᠢ ᠳᠠᠭᠠᠭᠤᠯᠤᠨ ᠣᠷᠣᠯᠭ᠎ᠠ ᠶᠢ ᠨᠢ | ᠦᠷᠭᠦᠯᠵᠢᠯᠡᠨ ᠨᠡᠮᠡᠭᠳᠡᠭᠦᠯᠪᠡ᠃ | ᠣᠶᠢᠯᠠᠭᠠᠭᠰᠠᠨ ᠢᠶᠠᠷ᠂ 2011 ᠣᠨ ᠠᠴᠠ 2020 ᠣᠨ ᠪᠣᠯᠲᠠᠯ᠎ᠠ᠂ ᠬᠤᠲᠠ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠬᠥᠬᠡᠬᠤᠲᠠ ᠶᠢᠨ 11175 ᠨᠡᠷᠡᠰ | ᠬᠤᠲᠠ ᠬᠥᠳᠡᠭᠡ ᠶᠢᠨ ᠡᠮᠡᠭᠲᠡᠶᠢᠴᠦᠳ ᠲᠤ ᠲᠠᠷᠢᠶᠠᠯᠠᠩ ᠤᠨ ᠪᠠᠩᠬᠢ᠂ ᠰᠢᠤᠳᠠᠨ ᠤ ᠬᠠᠳᠠᠭᠠᠯᠠᠮᠵᠢ᠂ ᠥᠪᠥᠷ | ᠮᠣᠩᠭᠤᠯ ᠤᠨ ᠪᠠᠩᠬᠢ ᠪᠠ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠳᠤ ᠣᠯᠭᠤᠬᠤ ᠪᠠᠭ᠎ᠠ | ᠲᠣᠭᠠᠨ ᠤ ᠳᠠᠭᠠᠭᠠᠯᠲᠠᠲᠤ ᠵᠢᠭᠡᠯᠡᠯᠭᠡ ᠶᠢ 8.7 ᠳ᠋ᠦᠩᠰᠢᠭᠤᠷ ᠲᠥᠭᠦᠷᠢᠭ ᠣᠯᠭᠤᠵᠤ ᠥᠭᠴᠡᠶ᠃ |