ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠦᠯᠵᠢᠶᠡᠨ ᠤ ᠤᠳᠬ᠎ᠠ ᠵᠤᠬᠢᠶᠠᠯ ᠤᠨ ᠶᠠᠷᠢᠯᠴᠠᠭᠠᠨ ᠤ ᠲᠡᠪᠴᠡᠩ ᠤᠯᠠᠭᠠᠨᠬᠠᠳᠠ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/8/24
     8 ᠰᠠᠷ᠎ᠠ ᠶᠢᠨ 21᠎ ᠤ ᠡᠳᠦᠷ᠂ ᠪᠦᠬᠦ ᠤᠯᠤᠰ ᠤᠨ ᠰᠦᠯᠵᠢᠶᠡᠨ ᠤ ᠤᠳᠬ᠎ᠠ ᠵᠤᠬᠢᠶᠠᠯ ᠤᠨ ᠠᠵᠢᠯ ᠤᠨ ᠬᠤᠷᠠᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠦᠯᠵᠢᠶᠡᠨ ᠤ ᠤᠳᠬ᠎ᠠ ᠵᠤᠬᠢᠶᠠᠯ ᠤᠨ ᠶᠡᠷᠢᠯᠴᠠᠭᠠᠨ ᠤ ᠲᠡᠪᠴᠡᠩ ᠤᠯᠠᠭᠠᠨᠬᠠᠳᠠ ᠬᠤᠲᠠ ᠳᠤ ᠶᠠᠪᠤᠭᠳᠠᠪᠠ᠃ ᠲᠤᠰ ᠬᠤᠭᠤᠴᠠᠭᠠᠨ ᠤ ᠳᠤᠮᠳᠠᠳᠤ ᠤᠯᠤᠰ ᠤᠨ ᠰᠦᠯᠵᠢᠶᠡᠨ ᠤ ᠤᠳᠬ᠎ᠠ ᠵᠤᠬᠢᠶᠠᠯ ᠤᠨ ᠶᠠᠷᠢᠯᠴᠠᠭᠠᠨ ᠤ ᠲᠡᠪᠴᠡᠩ ᠨᠢ ︽ᠰᠢᠨ᠎ᠡ ᠴᠠᠭ ᠦᠶ᠎ᠠ᠂ ᠰᠢᠨ᠎ᠡ ᠠᠵᠠ ᠳᠤᠬᠢᠶᠠᠯ᠂ ᠰᠢᠨ᠎ᠡ ᠬᠦᠭᠵᠢᠯᠲᠡ︾᠎ ᠪᠠᠷ ᠭᠤᠤᠯ ᠰᠡᠳᠦᠪ ᠪᠤᠯᠭᠠᠵᠤ᠂ 110 ᠭᠠᠷᠤᠢ ᠰᠦᠯᠵᠢᠶᠡᠨ ᠤ ᠵᠤᠬᠢᠶᠠᠯᠴᠢ᠂ ᠰᠦᠯᠵᠢᠶᠡᠨ ᠤ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯᠲᠡᠨ᠂ ᠰᠦᠯᠵᠢᠶᠡᠨ ᠤ ᠤᠳᠬ᠎ᠠ ᠵᠤᠬᠢᠶᠠᠯ ᠤᠨ ᠵᠤᠬᠢᠶᠠᠨ ᠪᠠᠶᠢᠭᠤᠯᠤᠯᠲᠠ ᠶᠢᠨ ᠠᠵᠢᠯᠲᠠᠨ ᠵᠢᠴᠢ ᠬᠡᠰᠡᠭ ᠬᠠᠮᠢᠶ᠎ᠠ ᠪᠦᠬᠦᠢ ᠠᠵᠤ ᠦᠢᠯᠡᠰ ᠤᠨ ᠲᠦᠯᠦᠭᠡᠯᠡᠭᠴᠢ ᠬᠤᠷᠠᠯ ᠳᠤ ᠤᠷᠤᠯᠴᠠᠵᠠᠢ᠃      ᠳᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠢᠢᠯᠠᠩ ᠤᠨ ᠭᠡᠰᠢᠭᠦᠨ ᠬᠤ᠋ ᠪᠠᠩ ᠱᠧᠩ ᠬᠤᠷᠠᠯ ᠳᠡᠭᠡᠷ᠎ᠡ ᠢᠯᠡᠷᠬᠡᠶᠢᠯᠡᠭᠰᠡᠨ ᠨᠢ᠂ 20 ᠭᠠᠷᠤᠢ ᠵᠢᠯ ᠤᠨ ᠬᠦᠭᠵᠢᠯᠲᠡ ᠪᠠᠷ ᠳᠠᠮᠵᠢᠨ ᠰᠦᠯᠵᠢᠶᠡᠨ ᠤ ᠤᠳᠬ᠎ᠠ ᠵᠤᠬᠢᠶᠠᠯ ᠪᠦᠬᠦ ᠨᠡᠶᠢᠭᠡᠮ ᠳᠤ ᠶᠡᠭᠡ ᠬᠡᠮᠵᠢᠶᠡᠨ ᠤ ᠰᠤᠳᠤᠨ ᠪᠦᠲᠦᠭᠡᠯ ᠢ ᠡᠷᠭᠦᠪᠡ᠂ ᠠᠭᠤᠯᠭ᠎ᠠ ᠶᠢᠨ ᠡᠬᠢ ᠰᠤᠷᠪᠤᠯᠵᠢ ᠶᠢᠨ ᠬᠤᠪᠢ ᠪᠠᠷ ᠺᠢᠨᠣ᠋ ᠲᠧᠯᠸᠢᠰ᠂ ᠰᠦᠯᠵᠢᠶᠡᠨ ᠵᠦᠴᠦᠭᠡ᠂ ᠺᠠᠷᠲ᠋ᠤᠨ ᠵᠢᠷᠤᠭ᠂ ᠲᠤᠭᠯᠠᠭᠠᠮ ᠵᠡᠷᠭᠡ ᠤᠷᠠᠯᠢᠭ ᠤᠨ ᠬᠡᠯᠪᠡᠷᠢ ᠵᠢᠴᠢ ᠳᠤᠮᠳᠠᠳᠤ ᠶᠢᠨ ᠰᠤᠶᠤᠯ ᠤᠨ ᠭᠠᠳᠠᠭᠠᠳᠤ ᠳᠤ ᠳᠠᠮᠵᠢᠭᠳᠠᠬᠤ ᠳᠤ ᠳᠤᠪᠤᠶᠢᠮ᠎ᠠ ᠬᠤᠪᠢ ᠨᠡᠮᠡᠷᠢ ᠦᠵᠡᠭᠦᠯᠵᠡᠢ᠃ ᠤᠳᠤᠬᠠᠨ ᠳᠤ᠂ ᠰᠦᠯᠵᠢᠶᠡᠨ ᠤ ᠵᠤᠬᠢᠶᠠᠯᠴᠢᠳ ᠤᠨ ᠲᠤᠭ᠎ᠠ ᠨᠢᠭᠡᠨᠲᠡ 1750 ᠭᠠᠷᠤᠢ ᠲᠦᠮᠡ ᠬᠦᠷᠴᠦ᠂ ᠰᠦᠯᠵᠢᠶᠡᠨ ᠤ ᠤᠳᠬ᠎ᠠ ᠵᠤᠬᠢᠶᠠᠯ ᠤᠨ ᠬᠡᠷᠡᠭᠯᠡᠭᠴᠢ 4.6 ᠳ᠋ᠦᠩᠰᠢᠭᠤᠷ ᠲᠤ ᠬᠦᠷᠴᠦ᠂ ᠰᠦᠯᠵᠢᠶᠡᠨ ᠤ ᠦᠯᠢᠭᠡᠷ ᠤᠨ ᠵᠤᠬᠢᠶᠠᠯ ᠤᠨ ᠶᠡᠷᠦᠩᠬᠡᠢ ᠬᠡᠮᠵᠢᠶ᠎ᠡ ᠪᠠᠷᠤᠭ 2500 ᠲᠦᠮᠡ ᠳᠤ ᠬᠦᠷᠴᠡᠢ᠃      ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ ᠰᠢᠨ᠎ᠡ ᠴᠠᠭ ᠦᠶ᠎ᠠ ᠶᠢᠨ ᠰᠦᠯᠵᠢᠶᠡᠨ ᠤ ᠤᠳᠬ᠎ᠠ ᠵᠤᠬᠢᠶᠠᠯ ᠤᠨ ᠶᠠᠷᠢᠯᠴᠠᠭᠠᠨ ᠤ ᠲᠡᠪᠴᠡᠩ ᠢ ᠡᠷᠬᠢᠯᠡᠪᠡ᠃ ᠵᠦᠩ ᠨᠠᠨ ᠶᠡᠭᠡ ᠰᠤᠷᠭᠠᠭᠤᠯᠢ ᠶᠢᠨ ᠫᠷᠤᠹᠧᠰᠰᠤᠷ ᠡᠸᠦ ᠶᠠᠩ ᠶᠸᠦ ᠴᠢᠤᠸᠠᠨ᠂ ᠪᠡᠭᠡᠵᠢᠩ ᠶᠡᠭᠡ ᠰᠤᠷᠭᠠᠭᠤᠯᠢ ᠶᠢᠨ ᠫᠷᠤᠹᠧᠰᠰᠤᠷ ᠱᠤᠤ ᠶᠠᠨ ᠵᠢᠶᠦ᠋ᠨ᠂ ᠨᠠᠨᠺᠠᠢ ᠶᠡᠭᠡ ᠰᠤᠷᠭᠠᠭᠤᠯᠢ ᠶᠢᠨ ᠫᠷᠤᠹᠧᠰᠰᠤᠷ ᠵᠸᠦ ᡁᠢ ᠴᠢᠶᠠᠩ ᠵᠡᠷᠭᠡ ᠲᠤᠰᠬᠠᠢ ᠮᠡᠷᠭᠡᠵᠢᠯᠲᠡᠨ ᠡᠷᠳᠡᠮᠳᠡᠨ ︽ᠰᠦᠯᠵᠢᠶᠡᠨ ᠤ ᠤᠳᠬ᠎ᠠ ᠵᠤᠬᠢᠶᠠᠯ ᠤᠨ ᠰᠤᠳᠤᠨ ᠪᠦᠲᠦᠭᠡᠯ ᠤᠨ ᠤᠬᠠᠮᠰᠠᠷ︾᠂ ︽ᠰᠦᠯᠵᠢᠶᠡᠨ ᠤ ᠤᠳᠬ᠎ᠠ ᠵᠤᠬᠢᠶᠠᠯ ᠤᠨ ᠰᠤᠶᠤᠯ᠂ ᠤᠷᠠᠯᠢᠭ᠂ ᠵᠤᠭ᠎ᠠ ᠴᠡᠩᠭᠡᠯ᠂ ᠦᠢᠯᠡᠳᠪᠦᠷᠢᠯᠡᠯ ᠤᠨ ᠠᠭᠤᠰᠤᠯᠳᠤᠨ ᠬᠦᠭᠵᠢᠬᠦ ᠬᠠᠨᠳᠤᠰᠢ︾᠂ ︽ᠳᠤᠮᠳᠠᠳᠤ ᠤᠯᠤᠰ ᠤᠨ ᠰᠦᠯᠵᠢᠶᠡᠨ ᠤ ᠬᠡᠯᠡᠨ ᠤ ᠤᠯᠠᠨ ᠤᠯᠤᠰᠴᠢᠯᠠᠭᠰᠠᠨ ᠳᠠᠮᠵᠢᠭᠤᠯᠭ᠎ᠠ︾ ᠵᠡᠷᠭᠡ ᠲᠤᠬᠠᠢ ᠰᠤᠯᠢᠯᠴᠠᠭ᠎ᠠ ᠬᠢᠪᠡ᠃      ᠠᠬᠤᠢ ᠲᠠᠯᠠᠪᠠᠢ ᠳᠤ᠂ ᠬᠤᠷᠠᠯ ᠳᠤ ᠤᠷᠤᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰ ᠪᠡᠶ᠎ᠡ ᠶᠢᠨ ᠦᠵᠠᠯ ᠰᠠᠨᠠᠭ᠎ᠠ ᠲᠠᠨᠢᠯᠲᠠ ᠪᠠ ᠲᠤᠬᠠᠢᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ︽2019 ᠤᠨ ᠤ ᠰᠦᠯᠵᠢᠶᠡᠨ ᠤ ᠤᠳᠬ᠎ᠠ ᠵᠤᠬᠢᠶᠠᠯ ᠤᠨ ᠬᠦᠭᠵᠢᠯᠲᠡ ᠶᠢᠨ ᠮᠡᠳᠡᠭᠦᠯᠦᠯᠲᠡ︾᠎ ᠶᠢ ᠨᠢᠮᠪᠠᠢ ᠰᠤᠨᠤᠰᠴᠤ᠂ ᠰᠦᠯᠵᠢᠶᠡᠨ ᠤ ᠤᠳᠬ᠎ᠠ ᠵᠤᠬᠢᠶᠠᠯ ᠤᠨ ᠬᠦᠭᠵᠢᠯᠲᠡ ᠶᠢᠨ ᠤᠳᠤᠬᠢ ᠪᠠᠶᠢᠳᠠᠯ ᠢ ᠦᠨᠡᠨ ᠬᠦ ᠤᠢᠢᠯᠠᠭᠠᠪᠠ᠃ ᠤᠳᠬ᠎ᠠ ᠵᠤᠬᠢᠶᠠᠯ ᠤᠨ ᠰᠦᠯᠵᠢᠶᠡᠨ ᠤ ᠲᠡᠪᠴᠡᠩ ᠤᠨ ᠬᠠᠷᠢᠭᠤᠴᠠᠯᠭᠠᠲᠠᠨ ᠤ ᠪᠤᠯᠪᠠᠰᠤᠷᠠᠯ ᠤᠨ ᠠᠩᠭᠢ᠂ ᠰᠦᠯᠵᠢᠶᠡᠨ ᠤ ᠤᠳᠬ᠎ᠠ ᠵᠤᠬᠢᠶᠠᠯ ᠤᠨ ᠪᠤᠳᠠᠳᠤ ᠠᠬᠤᠢ ᠶᠢᠨ ᠰᠡᠳᠦᠪᠲᠦ ᠵᠤᠬᠢᠶᠠᠨ ᠪᠦᠲᠦᠭᠡᠬᠦ ᠶᠠᠷᠢᠯᠴᠠᠭᠠᠨ ᠤ ᠲᠡᠪᠴᠡᠩ ᠴᠤ ᠬᠠᠮᠲᠤ ᠳᠤᠨᠢ ᠶᠠᠪᠤᠭᠳᠠᠵᠠᠢ᠃      ᠤᠢᠢᠯᠠᠭᠠᠭᠰᠠᠨ ᠢᠶᠠᠷ᠂ ᠠᠵᠢᠯᠯᠠᠭᠠᠨ ᠨᠢ 8 ᠰᠠᠷ᠎ᠠ ᠶᠢᠨ 24᠎ ᠤ ᠡᠳᠦᠷ ᠪᠤᠯᠲᠠᠯ᠎ᠠ ᠦᠷᠭᠦᠯᠵᠢᠯᠡᠵᠦ᠂ ᠶᠠᠷᠢᠯᠴᠠᠭᠠᠨ ᠤ ᠲᠡᠪᠴᠡᠩ ᠤᠨ ᠳᠠᠷᠠᠭ᠎ᠠ ᠰᠦᠯᠵᠢᠶᠡᠨ ᠤ ᠤᠳᠬ᠎ᠠ ᠵᠤᠬᠢᠶᠠᠯ ᠤᠨ ᠭᠤᠤᠯᠳᠠᠯᠭ᠎ᠠ ᠲᠠᠢ ᠪᠦᠲᠦᠭᠡᠯ ᠤᠨ ᠵᠤᠬᠢᠶᠠᠨ ᠪᠦᠲᠦᠭᠡᠬᠦ ᠬᠤᠷᠠᠯ ᠢ ᠬᠤᠷᠠᠯᠳᠤᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号