︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ᠢᠨᠲ᠋ᠧᠷ ᠰᠦᠯᠵᠢᠶ᠎ᠡ + ᠡᠮ | ᠡᠮᠨᠡᠯᠭᠡ ᠡᠷᠡᠭᠦᠯ ᠮᠡᠨᠳᠦ︾ ᠶᠢᠨ ᠠᠵᠢᠯ ᠤᠨ ᠪᠠᠶᠢᠷᠢᠯᠠᠭᠤᠯᠤᠯᠲᠠ ᠶᠢ ᠲᠦᠷᠭᠡᠳᠬᠡᠨ ᠠᠬᠢᠭᠤᠯᠵᠦ᠂ ᠬᠢᠨᠠᠨ | ᠵᠥᠪᠰᠢᠶᠡᠷᠡᠬᠦ ᠦᠢᠯᠡᠴᠢᠯᠡᠭᠡᠨ ᠢ ᠠᠷᠠᠳ ᠲᠤ ᠳᠥᠭᠦᠮ ᠪᠣᠯᠭᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠶᠢ | ᠰᠢᠯᠢᠳᠡᠭᠵᠢᠭᠦᠯᠦᠨ ᠪᠥᠷᠢᠨᠰᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠲᠦᠯᠬᠢᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡᠨ ᠤ ᠪᠠᠶᠢᠭᠤᠯᠤᠮᠵᠢ᠂ ᠡᠮᠴᠢ᠂ | ᠰᠤᠪᠢᠯᠠᠭᠴᠢ ᠶᠢᠨ ᠡᠯᠧᠺᠲᠷᠤᠨᠴᠢᠯᠡᠭᠰᠡᠨ ᠳᠠᠩᠰᠠᠯᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠰᠠᠶᠢᠲᠤᠷ ᠬᠢᠬᠦ | ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠨᠢ 8 ᠳ᠋ᠤᠭᠠᠷ ᠰᠠᠷ᠎ᠠ ᠳᠤ ᠪᠥᠬᠦ ᠬᠤᠲᠠ ᠶᠢᠨ ᠬᠡᠪᠴᠢᠶᠡᠨ ᠳᠤ ᠡᠮᠴᠢᠯᠡᠭᠡᠨ ᠤ | ᠪᠠᠶᠢᠭᠤᠯᠤᠮᠵᠢ᠂ ᠡᠮᠴᠢ᠂ ᠰᠤᠪᠢᠯᠠᠭᠴᠢ ᠶᠢᠨ ᠡᠯᠧᠺᠲᠷᠣᠨ ᠦᠨᠡᠮᠯᠡᠯ ᠭᠤᠶᠤᠴᠢᠯᠠᠬᠤ ᠠᠵᠢᠯ ᠢ ᠡᠬᠢᠯᠡᠭᠦᠯᠬᠦ ᠪᠠᠷ | ᠲᠣᠭᠲᠠᠪᠠ᠃ | ᠡᠯᠧᠺᠲᠷᠣᠨ ᠦᠨᠡᠮᠯᠡᠯ ᠪᠣᠯ ᠮᠡᠳᠡᠭᠡ ᠵᠠᠩᠭᠢ ᠶᠢᠨ ᠴᠠᠭ ᠦᠶ᠎ᠡ ᠶᠢᠨ ᠵᠠᠰᠠᠭ ᠤᠨ ᠣᠷᠳᠣᠨ ᠤ ᠬᠠᠮᠢᠶᠠᠷᠤᠯᠲᠠ᠂ | ᠠᠵᠤ ᠠᠬᠤᠢ ᠶᠢᠨ ᠠᠵᠢᠯᠯᠠᠭᠠᠨ ᠤ ᠴᠢᠬᠤᠯᠠ ᠪᠠᠭᠠᠵᠢ ᠮᠥᠨ᠂ ᠡᠮᠴᠢᠯᠡᠭᠡᠨ ᠤ ᠪᠠᠶᠢᠭᠤᠯᠤᠮᠵᠢ᠂ ᠡᠮᠴᠢ ᠪᠣᠯᠤᠨ | ᠰᠤᠪᠢᠯᠠᠭᠴᠢ ᠶᠢᠨ ︽ᠡᠯᠧᠺᠲᠷᠣᠨ ᠦᠨᠡᠮᠯᠡᠯ︾ ᠪᠣᠯ ᠺᠣᠮᠫᠢᠦ᠋ᠲ᠋ᠧᠷ ᠢᠶᠠᠷ ᠠᠵᠢᠯᠯᠠᠬᠤ ᠡᠯᠧᠺᠲᠷᠣᠨ ᠦᠨᠡᠮᠯᠡᠯ ᠮᠦᠨ᠂ | ᠣᠳᠣ ᠶᠢᠨ ᠬᠡᠷᠡᠭᠵᠢᠭᠦᠯᠵᠦ ᠪᠠᠶᠢᠭ᠎ᠠ ᠦᠨᠡᠮᠯᠡᠯ ᠲᠠᠢ ᠵᠡᠷᠭᠡ ᠪᠠᠷ ᠬᠡᠷᠡᠭᠯᠡᠵᠦ᠂ ᠠᠳᠠᠯᠢᠬᠠᠨ ᠬᠦᠴᠦᠨ ᠲᠠᠢ ᠪᠠᠶᠢᠳᠠᠭ᠃ | ᠡᠯᠧᠺᠲᠷᠣᠨ ᠦᠨᠡᠮᠯᠡᠯ ᠪᠣᠯ ᠣᠳᠣ ᠶᠢᠨ ᠴᠠᠭᠠᠰᠤᠨ ᠦᠨᠡᠮᠯᠡᠯ ᠤᠨ ᠰᠠᠭᠤᠷᠢᠨ ᠳᠡᠭᠡᠷ᠎ᠡ᠂ ᠡᠮᠴᠢᠯᠡᠭᠡᠨ ᠤ | ᠪᠠᠶᠢᠭᠤᠯᠤᠮᠵᠢ᠂ ᠡᠮᠴᠢ᠂ ᠰᠤᠪᠢᠯᠠᠭᠴᠢ ᠶᠢᠨ ᠳᠠᠩᠰᠠᠯᠠᠯ ᠪᠠ ᠠᠵᠢᠯ ᠡᠷᠬᠢᠯᠡᠬᠦ ᠮᠡᠳᠡᠭᠡ ᠵᠠᠩᠬᠢ ᠶᠢ ᠡᠮᠬᠢᠳᠬᠡᠵᠦ᠂ | ᠢᠨᠲ᠋ᠧᠷ ᠰᠦᠯᠵᠢᠶᠡᠨ ᠤ ᠮᠡᠷᠭᠡᠵᠢᠯ ᠢᠶᠠᠷ ᠳᠠᠮᠵᠢᠨ ᠪᠡᠶ᠎ᠡ ᠶᠢᠨ ᠬᠢᠷᠢ ᠬᠡᠮ ᠢ ᠢᠯᠭᠠᠨ ᠲᠠᠨᠢᠬᠤ᠂ ᠳᠠᠩᠰᠠᠯᠠᠬᠤ᠂ | ᠬᠤᠪᠢᠷᠠᠭᠤᠯᠬᠤ᠂ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠭᠦᠢᠴᠡᠳᠬᠡᠵᠦ᠂ ᠪᠣᠢ ᠪᠦᠬᠦᠢ ᠡᠮᠴᠢᠯᠡᠭᠡᠨ ᠤ | ᠪᠠᠶᠢᠭᠤᠯᠤᠮᠵᠢ᠂ ᠡᠮᠴᠢ᠂ ᠰᠤᠪᠢᠯᠠᠭᠴᠢ ᠳᠤ ᠵᠥᠪᠰᠢᠶᠡᠷᠡᠯ ᠢᠶᠠᠷ ᠣᠷᠤᠬᠤ ᠪᠠ ᠭᠠᠷᠬᠤ ᠪᠦᠬᠦ ᠠᠵᠢᠯ ᠡᠷᠬᠢᠯᠡᠬᠦ | ᠦᠶᠡᠯᠡᠯ ᠤᠨ ᠮᠡᠳᠡᠭᠡ ᠵᠠᠩᠬᠢᠴᠢᠯᠠᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠨ ᠤ ᠤᠯᠠᠮ ᠢᠶᠠᠷ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠳᠥᠭᠦᠮ ᠳᠥᠲᠡ ᠥᠨᠳᠥᠷ ᠪᠦᠲᠦᠮᠵᠢᠲᠡᠢ᠂ ᠬᠡᠷᠡᠭ | ᠶᠠᠪᠤᠳᠠᠯ ᠤᠨ ᠳᠤᠮᠳᠠ ᠪᠠ ᠳᠠᠷᠠᠭ᠎ᠠ ᠬᠢᠨᠠᠨ ᠬᠠᠮᠢᠶᠠᠷᠬᠤ ᠶᠢ ᠴᠠᠭ ᠲᠤᠬᠠᠶ ᠳᠤ ᠨᠢ ᠬᠦᠳᠡᠯᠦᠩᠭᠦᠢ ᠪᠠᠶᠢᠯᠭᠠᠵᠤ᠂ | ᠡᠮᠴᠢᠯᠡᠭᠡᠨ ᠤ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠡᠮᠴᠢᠯᠡᠭᠡᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠤᠯᠠᠮ ᠠᠬᠢᠭᠤᠯᠤᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠮᠨᠡᠯᠭᠡ ᠶᠢᠨ ᠠᠵᠢᠯᠲᠠᠨ ᠵᠢᠴᠢ ᠨᠡᠶᠢᠭᠡᠮ | ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠣᠯᠣᠨ᠎ᠠ᠃ | ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠶᠢᠭᠤᠯᠤᠮᠵᠢ᠂ ᠡᠮᠴᠢ᠂ ᠰᠤᠪᠢᠯᠠᠭᠴᠢ ᠶᠢᠨ ᠡᠯᠧᠺᠲᠷᠣᠨ | ᠦᠨᠡᠮᠯᠡᠯ ᠵᠣᠬᠢᠶᠠᠵᠤ ᠣᠯᠭᠤᠬᠤ ᠠᠵᠢᠯ 8 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠵᠦ᠂ ᠡᠯᠧᠺᠲᠷᠣᠨ ᠦᠨᠡᠮᠯᠡᠯ ᠤᠨ | ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠡᠮᠴᠢᠯᠡᠭᠡᠨ ᠤ ᠪᠠᠶᠢᠭᠤᠯᠤᠮᠵᠢ᠂ ᠡᠮᠴᠢ᠂ ᠰᠤᠪᠢᠯᠠᠭᠴᠢ ᠶᠢᠨ ᠪᠦᠬᠦ | ᠶᠠᠪᠤᠴᠠ ᠶᠢᠨ ᠬᠥᠳᠡᠯᠦᠩᠭᠦᠶ ᠪᠠᠶᠢᠳᠠᠯ ᠲᠠᠢ ᠠᠵᠢᠯ ᠡᠷᠬᠢᠯᠡᠬᠦ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠤᠢ ᠪᠣᠯᠭᠠᠵᠤ᠂ | ᠡᠮᠴᠢᠯᠡᠭᠡᠨ ᠤ ᠪᠠᠶᠢᠭᠤᠯᠤᠮᠵᠢ᠂ ᠡᠮᠴᠢ᠂ ᠰᠤᠪᠢᠯᠠᠭᠴᠢ ᠵᠡᠷᠭᠡ ᠭᠤᠶᠤᠴᠢᠯᠠᠭᠴᠢᠳ ᠡᠯᠧᠺᠲᠷᠣᠨ ᠳᠡᠩᠰᠡᠯᠡᠯᠲᠡ ᠶᠢᠨ | ᠦᠵᠦᠭᠦᠷ ᠲᠤ ᠲᠤᠬᠠᠶᠢᠯᠠᠭᠰᠠᠨ ᠠᠵᠢᠯ ᠤᠨ ᠭᠤᠶᠤᠴᠢᠯᠠᠯ ᠢᠶᠠᠨ ᠰᠢᠭᠤᠳ ᠲᠤᠰᠢᠶᠠᠵᠤ᠂ ᠬᠥᠳᠡᠯᠦᠩᠭᠦᠶ ᠪᠠᠶᠢᠳᠠᠯ ᠪᠠ | ᠦᠷ᠎ᠡ ᠳ᠋ᠦᠩ ᠢ ᠪᠠᠶᠢᠴᠠᠭᠠᠨ ᠯᠠᠪᠯᠠᠵᠤ᠂ ᠬᠦᠴᠦᠨ ᠪᠦᠬᠦᠢ ᠨᠥᠬᠦᠴᠡᠯ ᠳᠤ ᠨᠡᠶᠢᠴᠡᠬᠦ ᠣᠳᠣᠬᠢ ᠳᠠᠩᠰᠠᠨ ᠳᠤ ᠪᠠᠶᠢᠭ᠎ᠠ | ᠡᠮᠴᠢᠯᠡᠭᠡᠨ ᠤ ᠪᠠᠶᠢᠭᠤᠯᠤᠮᠵᠢ᠂ ᠡᠮᠴᠢ᠂ ᠰᠤᠪᠢᠯᠠᠭᠴᠢ ᠳᠤ ᠡᠨᠡ ᠵᠢᠯ ᠤᠨ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠡᠯᠧᠺᠲᠷᠣᠨ ᠦᠨᠡᠮᠯᠡᠯ ᠣᠯᠭᠤᠬᠤ ᠶᠢ ᠪᠡᠶᠡᠯᠡᠭᠦᠯᠬᠦ ᠪᠣᠯᠤᠨ᠎ᠠ᠃ |