ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠲᠠᠢ ᠵᠣᠯᠭᠠᠭᠤᠯᠵᠤ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠨ᠎ᠡ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠪᠠ  ᠼᠠᠢ ᠴᠢ  ᠴᠧᠨ ᠵᠢᠢ ᠨᠢᠩ  ᠱᠢ ᠲᠠᠢ ᠹᠧᠩ  ᠪᠦ᠋ ᠰᠢᠶᠤᠤ ᠯᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2020/8/26
     8 ᠰᠠᠷ᠎ᠠ ᠶᠢᠨ 24᠎ ᠠᠴᠠ 25᠎ ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠤ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠵᠣᠯᠭᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠼᠠᠢ ᠴᠢ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠧᠨ ᠵᠢᠶ ᠨᠢᠩ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠨᠡᠷ ᠬᠠᠮᠲᠤ ᠳᠠᠭᠠᠨ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠵᠠᠢ᠃
     8 ᠰᠠᠷ᠎ᠠ ᠶᠢᠨ 24᠎ ᠤ ᠡᠳᠦᠷ᠂ ᠪᠡᠭᠡᠵᠢᠩ ᠬᠤᠳᠠ ᠶᠢᠨ ᠨᠠᠮ ᠵᠠᠰᠠᠭ ᠤᠨ ᠲᠦᠯᠦᠭᠡᠯᠡᠭᠴᠢᠳ ᠤᠨ ᠪᠦᠯᠬᠦᠮ ᠤᠯᠠᠭᠠᠨᠬᠠᠳᠠ ᠬᠤᠳᠠ ᠶᠢᠨ ᠯᠢᠨᠰᠢ ᠰᠢᠶᠠᠨ ᠤ ᠳ᠋ᠧ ᠴᠢᠩ ᠶᠤᠸᠠᠨ ᠠᠯᠳᠠᠨ ᠲᠠᠬᠢᠶ᠎ᠠ ᠶᠢᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠤᠨ ᠲᠤᠭᠤᠷᠢᠭ ᠲᠤ ᠶᠠᠳᠠᠭᠤ ᠶᠢ ᠳᠡᠳᠭᠦᠵᠤ ᠪᠠᠶᠢᠬᠤ ᠪᠠ ᠪᠦᠲᠦᠭᠡᠭᠳᠡᠬᠦᠨ ᠢᠶᠠᠨ ᠪᠤᠯᠪᠠᠰᠤᠷᠠᠭᠤᠯᠤᠨ ᠪᠤᠷᠤᠯᠠᠭᠤᠯᠵᠤ ᠪᠠᠶᠢᠬᠤ ᠪᠠᠶᠢᠳᠠᠯ ᠢ ᠤᠢᠢᠯᠠᠭᠠᠵᠤ ᠪᠠᠶᠢᠭ᠎ᠠ ᠨᠢ᠃
     ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠎ ᠤᠨ ᠪᠦᠯᠬᠦᠮ ᠤᠷᠢᠳ ᠬᠤᠵᠢᠳ ᠣᠩᠨᠢᠭᠤᠳ ᠬᠤᠰᠢᠭᠤᠨ ᠤ ᠹᠦ᠋ ᠰᠢᠩ ᠨᠡᠶᠢᠭᠡᠮ ᠲᠣᠭᠤᠷᠢᠭ ᠤᠨ ᠣᠨᠳᠣᠤ ᠭᠠᠵᠠᠷ ᠲᠤ ᠨᠡᠭᠦᠯᠭᠡᠨ ᠠᠵᠢᠯ ᠣᠯᠭᠤᠵᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠭᠤᠷᠢᠨ᠂ ᠮᠢᠩ ᠶᠠᠩ ᠲᠠᠷᠢᠶᠠᠯᠠᠩ ᠤᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠤ ᠦᠢᠯᠡᠰ ᠤᠨ ᠬᠦᠷᠢᠶᠡᠯᠡᠩ᠂ ᠯᠢᠨᠰᠢ ᠰᠢᠶᠠᠨ ᠤ ᠱᠡᠬᠡᠷᠳᠤ ᠰᠢᠶᠠᠩ ᠤᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ᠂ ᠳ᠋ᠧ ᠴᠢᠩ ᠶᠤᠸᠠᠨ ᠠᠯᠲᠠᠨ ᠲᠠᠬᠢᠶ᠎ᠠ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠰᠠᠭᠤᠷᠢᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠶᠠᠳᠠᠭᠤ ᠶᠢ ᠪᠠᠭᠠᠰᠬᠠᠵᠤ ᠶᠠᠳᠠᠭᠤ ᠬᠦᠴᠢᠷᠳᠡᠯᠳᠡᠢ ᠬᠦᠮᠦᠨ ᠠᠮᠠ ᠶᠢ ᠳᠠᠶᠢᠴᠢᠯᠠᠭᠰᠠᠨ ᠦᠷ᠎ᠡ ᠪᠦᠲᠦᠮᠵᠢ ᠶᠢ ᠭᠦᠨᠵᠡᠭᠡᠶ ᠣᠶᠢᠯᠠᠭᠠᠵᠤ᠂ ᠡᠷᠦᠬᠡ ᠳᠤ ᠤᠷᠤᠵᠥ ᠶᠠᠳᠠᠭᠤ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠪᠡᠭᠡᠵᠢᠩ ᠤᠨ ᠲᠦᠷ ᠴᠠᠭ ᠲᠤᠰᠢᠶᠠᠯ ᠡᠬᠦᠷᠬᠡᠯᠡᠬᠦ ᠺᠠᠳ᠋ᠷ ᠤᠨ ᠲᠥᠯᠥᠭᠡᠯᠡᠭᠴᠢᠳ ᠢ ᠪᠣᠯᠭᠤᠭᠠᠨ ᠦᠵᠡᠪᠡ᠃
     25᠎ ᠤ ᠦᠳᠡ ᠶᠢᠨ ᠡᠮᠦᠨ᠎ᠡ᠂ ᠪᠡᠭᠡᠵᠢᠩ ᠬᠤᠲᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠼᠠᠢ ᠴᠢ᠂ ᠱᠢ ᠲᠠᠢ ᠹᠧᠩ ᠶᠠᠷᠢᠶ᠎ᠠ ᠲᠠᠯᠪᠢᠵᠤ᠂ ᠴᠧᠨ ᠵᠢᠢ ᠨᠢᠩ᠂ ᠪᠦ᠋ ᠰᠢᠶᠤᠤ ᠯᠢᠨ ᠲᠤᠰ ᠲᠤᠰ ᠶᠠᠳᠠᠭᠤ ᠶᠢ ᠲᠡᠳᠬᠦᠬᠦ ᠬᠠᠮᠵᠢᠯᠴᠠᠭᠠᠨ ᠎ ᠤ ᠠᠵᠢᠯ ᠵᠡᠷᠭᠡ ᠪᠠᠶᠢᠳᠠᠯ ᠢ ᠲᠠᠨᠢᠯᠴᠠᠭᠤᠯᠪᠠ᠃      ᠼᠠᠢ ᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠬᠤᠭᠤᠴᠠᠭᠠᠨ ᠤ ᠲᠤᠷᠰᠢ ᠢᠳᠡᠭᠡᠨ ᠤ ᠬᠠᠩᠭᠠᠯᠭ᠎ᠠ᠂ ᠡᠨᠧᠷᠭᠢ ᠶᠢᠨ ᠪᠠᠲᠤᠯᠠᠭ᠎ᠠ᠂ ᠠᠮᠤᠷ ᠲᠣᠭᠲᠠᠭᠤᠨ᠂ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠡᠭᠡᠵᠢᠩ ᠬᠤᠲᠠ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠪᠡᠭᠡᠵᠢᠩ ᠬᠤᠲᠠ ᠳᠤ ᠦᠵᠡᠭᠦᠯᠦᠭᠰᠡᠨ ᠬᠠᠷᠠᠮ ᠦᠭᠡᠢ ᠬᠠᠪᠰᠤᠷᠤᠯᠭ᠎ᠠ ᠳᠤ ᠲᠠᠯᠠᠷᠬᠠᠪᠠ᠃ ᠲᠡᠷᠡ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠪᠣᠯᠤᠨ᠎ᠠ᠃ ᠪᠡᠭᠡᠵᠢᠩ ᠨᠡᠶᠢᠰᠯᠡᠯ ᠬᠤᠳᠠ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠡᠭᠦᠷᠭᠡ ᠪᠠᠨ ᠡᠷᠡᠰ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠨ᠎ᠡ ᠬᠡᠵᠥ ᠵᠢᠭᠠᠵᠥ ᠭᠠᠷᠭᠠᠪᠠ᠃      ᠼᠠᠢ ᠴᠢ᠂ ᠬᠢᠵᠢᠭ ᠤᠨ ᠪᠠᠶᠢᠳᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠦᠵᠡᠭᠦᠯᠦᠭᠰᠡᠨ ᠨᠥᠯᠥᠭᠡ ᠶᠢ ᠢᠯᠠᠨ ᠳᠠᠪᠠᠭ᠋ᠤ ᠪᠠᠷ ᠴᠢᠷᠮᠠᠶᠢᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠬᠠᠮᠲᠤ ᠪᠠᠷ ᠰᠠᠶᠢᠲᠤᠷ ᠬᠢᠭᠰᠡᠨ ᠤᠷᠢᠲᠠᠯ ᠳᠣᠤᠷ᠎ᠠ᠂ ᠭᠠᠳᠠᠭᠰᠢ ᠭᠠᠷᠴᠤ ᠠᠵᠢᠯ ᠤᠯᠵᠤ ᠬᠢᠬᠦ ᠳᠤ ᠬᠦᠴᠢᠷ᠂ ᠬᠦᠳᠡᠭᠡ ᠠᠵᠤ ᠠᠬᠤᠢ ᠶᠢᠨ ᠳᠠᠭᠠᠯᠳᠠ ᠪᠦᠲᠦᠭᠡᠭᠳᠡᠬᠦᠨ ᠢ ᠪᠣᠷᠣᠯᠠᠭᠤᠯᠬᠤ ᠳᠤ ᠬᠦᠴᠢᠷ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠳᠠᠢ᠃ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠭᠤᠬᠤ ᠶᠢ ᠠᠬᠢᠭᠤᠯᠵᠤ᠂ ︽ᠨᠢᠭᠡ ᠨᠢᠭᠡ ᠪᠠᠷ ᠬᠠᠷᠢᠯᠴᠠᠵᠤ︾ ᠤᠨᠤᠴᠠᠳᠠᠢ ᠪᠠᠷ ᠬᠠᠪᠰᠤᠷᠤᠨ ᠠᠵᠢᠯ ᠤᠨ ᠪᠠᠶᠢᠷᠢ ᠳᠤᠨᠢ ᠪᠤᠴᠠᠭᠠᠵᠤ ᠰᠢᠯᠵᠢᠭᠦᠯᠦᠨ ᠠᠵᠢᠯ ᠣᠯᠭᠤᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ ᠶᠢ ᠭᠤᠤᠯᠳᠠᠯᠭ᠎ᠠ ᠲᠠᠢ ᠳᠣᠭᠢᠷᠠᠭᠤᠯᠬᠤ ᠬᠡᠷᠡᠭᠳᠠᠢ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ︽ᠲᠤᠯᠤᠭᠠᠨ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠮᠣ ᠬᠡᠯᠪᠡᠷᠢ ᠶᠢᠨ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠪᠠ ᠬᠤᠳᠠᠯᠳᠤᠭ᠎ᠠ ᠬᠠᠮ ᠳᠡᠯᠭᠡᠭᠦᠷ ᠢ ᠵᠣᠬᠢᠶᠠᠨ ᠪᠠᠶᠢᠭᠤᠯᠤᠨ ᠦᠪᠦᠷ ᠮᠣᠩᠭᠤᠯ ᠳᠤ ᠬᠦᠷᠴᠤ ︽ᠨᠢᠭᠡ ᠨᠢᠭᠡ ᠪᠠᠷ ᠬᠠᠷᠢᠯᠴᠠᠨ︾ ᠰᠢᠭᠤᠳ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠎ ᠶᠢᠨ ︽ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠭᠦᠳᠬᠦ︾ ᠲᠥᠪ ᠪᠠ ᠡᠯ᠎ᠡ ᠲᠥᠷᠥᠯ ᠎ ᠤᠨ ᠰᠦᠯᠵᠢᠶᠡᠨ ᠳᠡᠭᠡᠷᠡᠬᠢ ᠲᠠᠪᠴᠠᠩ ᠢ ᠰᠠᠶᠢᠲᠤᠷ ᠬᠡᠷᠡᠭᠯᠡᠨ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠬᠦ ᠬᠡᠷᠡᠭᠳᠠᠢ᠃ ᠶᠠᠳᠠᠭᠤ ᠶᠢ ᠲᠡᠳᠬᠦᠬᠦ ᠡᠷᠴᠢᠮ ᠢᠶᠠᠨ ᠦᠨᠡᠨ ᠬᠦ ᠴᠢᠩᠭᠠᠷᠠᠭᠤᠯᠬᠤ ᠬᠡᠷᠡᠭᠲᠡᠶ᠃ ᠪᠠᠯᠠ ᠮᠥᠩᠭᠦ ᠪᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠦᠮᠦᠰ ᠲᠤ ᠨᠠᠩ ᠢᠯᠡᠭᠦᠤ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠰ ᠢ ᠳᠠᠶᠢᠴᠢᠯᠠᠬᠤ ᠦᠷ᠎ᠡ ᠪᠦᠲᠦᠮᠵᠢ ᠶᠢ ᠳᠣᠪᠤᠶᠢᠯᠭᠠᠬᠤ ᠬᠡᠷᠡᠭᠳᠠᠢ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠢᠯ ᠤᠨ ᠠᠬᠢᠴᠠ ᠶᠢ ᠲᠦᠷᠭᠡᠳᠭᠡᠵᠤ᠂ ᠵᠢᠯ ᠤᠨ ᠰᠡᠭᠦᠯᠴᠢ ᠠᠴᠠ ᠡᠮᠦᠨ᠎ᠡ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠢᠳᠡᠭ ᠠᠵᠢᠯᠳᠠᠨ ᠢ ᠰᠣᠩᠭᠤᠨ ᠶᠠᠳᠠᠭᠤ ᠶᠢ ᠲᠡᠳᠬᠦᠬᠦ ᠡᠮᠦᠨ᠎ᠠ ᠹᠷᠣᠨᠲ ᠲᠤ ᠲᠤᠮᠢᠯᠠᠨ ᠳᠠᠪᠳᠠᠨ ᠪᠤᠯᠪᠠᠰᠤᠷᠠᠭᠤᠯᠵᠤ᠂ ᠲᠤᠰᠬᠠᠶ ᠮᠡᠷᠭᠡᠵᠢᠯ ᠎ ᠤᠨ ᠴᠢᠳᠠᠪᠤᠷᠢᠲᠠᠨ ᠢ ᠣᠨᠣᠴᠠᠲᠠᠶ ᠪᠠᠷ ᠰᠤᠩᠭᠤᠨ ᠲᠣᠮᠢᠯᠠᠵᠤ᠂ ᠲᠤᠰᠠᠯᠠᠵᠤ ᠪᠠᠶᠢᠭ᠎ᠠ ᠭᠠᠵᠠᠷ ᠤᠨ ᠶᠠᠳᠠᠭᠤ ᠶᠢ ᠲᠡᠳᠬᠦᠬᠦ ᠺᠠᠳ᠋ᠷ ᠴᠢᠳᠠᠪᠤᠷᠢᠲᠠᠨ ᠤ ᠪᠣᠯᠪᠠᠰᠤᠷᠠᠯ ᠢ ᠴᠢᠩᠭᠠᠳᠬᠠᠬᠤ ᠬᠡᠷᠡᠭᠳᠠᠢ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠵᠡᠷᠭᠡ ᠨᠡᠷᠡᠳᠦ ᠲᠥᠷᠥᠯ ᠲᠡᠮᠳᠡᠭ ᠤᠨ ᠠᠵᠢᠯᠯᠠᠭ᠎ᠠ ᠶᠢ ᠰᠠᠶᠢᠲᠤᠷ ᠠᠳᠬᠤᠵᠤ᠂ ᠶᠠᠳᠠᠭᠤ ᠶᠢ ᠲᠡᠳᠬᠦᠬᠦ ᠶᠡᠭᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠼᠠᠢ ᠴᠢ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢ ᠤᠨᠤᠴᠠᠳᠠᠢ ᠬᠡᠷᠡᠭᠵᠢᠭᠦᠯᠵᠦ᠂ ᠰᠢᠯᠢᠳᠡᠭ ᠡᠮᠴᠢ ᠰᠤᠪᠢᠯᠠᠭᠴᠢ ᠶᠢ ᠦᠷᠭᠦᠯᠵᠢᠯᠡᠨ ᠰᠣᠩᠭᠤᠨ ᠲᠣᠮᠢᠯᠠᠬᠤ᠂ ᠠᠯᠤᠰ ᠡᠵᠡᠮᠰᠢᠯ ᠤᠨ ᠡᠮᠴᠢᠯᠡᠭᠡᠨ ᠤ ᠠᠷᠭ᠎ᠠ ᠪᠠᠷᠢᠯ ᠢ ᠬᠡᠷᠡᠭᠯᠡᠬᠦ ᠵᠡᠷᠭᠡ ᠪᠠᠷ ᠳᠠᠮᠵᠢᠭᠤᠯᠤᠨ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠶᠢ ᠢᠳᠡᠪᠬᠢᠲᠡᠢ ᠥᠷᠨᠢᠭᠦᠯᠬᠦ ᠬᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠶᠠᠭᠤ ᠬᠡᠷᠡᠭᠴᠡᠭᠡ ᠲᠠᠢ ᠪᠣᠯ ᠶᠠᠭᠤ ᠪᠠᠷ ᠳᠡᠮᠵᠢᠵᠦ᠂ ᠶᠠᠭᠤ ᠳᠤᠲᠠᠭᠳᠠᠵᠤ ᠪᠠᠶᠢᠪᠠᠯ ᠶᠠᠭᠤ ᠨᠥᠬᠦᠪᠥᠷᠢᠯᠡᠵᠤ ᠦᠭᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ︽ᠰᠢᠯᠵᠢᠯᠲᠡ ᠶᠢᠨ ᠬᠤᠭᠤᠴᠠᠭ᠎ᠠ︾᠎ ᠳᠠᠬᠢ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ︽ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠪᠡᠭᠡᠵᠢᠩ ᠤᠨ ᠠᠵᠤ ᠠᠬᠤᠶᠢᠯᠠᠯ ᠤᠨ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠬᠦᠳᠦᠯᠦᠨ ᠵᠢᠯᠤᠭᠤᠳᠴᠤ᠂ ᠪᠡᠭᠡᠵᠢᠩ ᠤᠨ ᠵᠠᠬ᠎ᠠ ᠳᠡᠯᠭᠡᠭᠦᠷ᠂ ᠮᠡᠷᠭᠡᠵᠢᠯ᠂ ᠬᠠᠮᠢᠶᠠᠷᠤᠯᠲᠠ ᠵᠡᠷᠭᠡ ᠡᠬᠢ ᠪᠠᠶᠠᠯᠢᠭ ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠷᠢᠯᠴᠠᠨ ᠤᠶᠠᠯᠳᠤᠭᠤᠯᠬᠤ ᠶᠢ ᠠᠬᠢᠭᠤᠯᠬᠤ ᠬᠡᠷᠡᠭᠲᠡᠶ᠃ ᠶᠠᠳᠠᠭᠤ ᠶᠢ ᠳᠡᠳᠭᠦᠵᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠰᠠᠶᠢᠲᠤᠷ ᠬᠢᠬᠦ ᠬᠡᠷᠡᠭᠳᠠᠢ᠃ ᠪᠡᠭᠡᠵᠢᠩ ᠥᠪᠥᠷ ᠮᠣᠩᠭᠤᠯ ᠎ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠣᠯᠠᠨ ᠬᠦᠷᠢᠶ᠎ᠡ ᠴᠠᠷᠠᠭ᠎ᠠ᠂ ᠭᠦᠨ ᠳᠠᠪᠬᠤᠷᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠨ ᠨᠡᠮᠡᠷᠢᠯᠡᠬᠦ ᠬᠡᠷᠡᠭᠳᠠᠢ᠃ ᠡᠯ᠎ᠡ ᠱᠠᠲᠤᠨ ᠤ ᠱᠦᠵᠢ ᠪᠡᠶ᠎ᠡ ᠪᠠᠷ ᠢᠶᠠᠨ ᠠᠳᠬᠤᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠬᠡᠷᠡᠭᠲᠡᠶ᠃ ᠪᠡᠭᠡᠵᠢᠩ ᠬᠤᠲᠠ ᠶᠢᠨ ᠶᠠᠳᠠᠭᠤ ᠶᠢ ᠲᠡᠳᠬᠦᠨ ᠲᠤᠰᠠᠯᠠᠬᠤ ᠠᠯᠪᠠᠨ ᠭᠡᠷ ᠤᠨ ᠬᠢᠨ ᠲᠦᠷᠦᠭᠦᠯᠡᠨ ᠬᠢᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠥᠪᠥᠷ ᠮᠣᠩᠭᠤᠯ ᠳᠤ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ ᠺᠠᠳ᠋ᠷ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠣᠭᠤᠷᠢᠭ ᠤᠨ ᠬᠢᠨ ︽ᠬᠠᠮᠲᠤ ᠪᠠᠷ ᠴᠢᠨᠡᠭᠡᠯᠢᠭᠵᠢᠬᠦ ᠵᠦᠪᠯᠡᠯᠴᠡᠭᠡᠷ︾᠎ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢᠳᠡᠪᠬᠢᠲᠡᠢ ᠠᠵᠢᠯᠯᠠᠬᠤ ᠬᠡᠷᠡᠭᠳᠠᠢ᠃ ᠶᠠᠳᠠᠭᠤ ᠶᠢ ᠲᠡᠳᠬᠦᠬᠦ ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠶᠠᠳᠠᠭᠤ ᠶᠢ ᠲᠡᠳᠬᠦᠭᠰᠡᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠪᠡᠭᠡᠵᠢᠩ ᠬᠤᠳᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠢᠮᠠᠭᠲᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠪᠠᠶᠢᠩᠭᠤ ᠥᠨᠳᠥᠷ ᠲᠦᠪᠰᠢᠨ ᠲᠠᠢ ᠠᠬᠢᠭᠤᠯᠵᠤ᠂ ᠴᠢᠩ ᠦᠨᠡᠨ ᠰᠡᠳᠬᠢᠯ ᠢᠶᠠᠨ ᠵᠤᠷᠢᠭᠤᠯᠵᠤ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠶᠢ ᠪᠠᠷᠢᠮᠲᠠᠯᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠦᠬᠦ ᠲᠠᠯ᠎ᠠ ᠪᠠᠷ ᠦᠨᠡᠨ ᠪᠣᠳᠠᠲᠠᠶ ᠬᠦᠴᠦᠨ ᠨᠡᠮᠡᠷᠢᠯᠡᠵᠦ᠂ ᠦᠨᠡᠨ ᠬᠦ ᠬᠠᠮᠤᠭ ᠤᠨ ᠰᠠᠶᠢᠨ ᠪᠠᠷᠢᠮᠵᠢᠶ᠎ᠠ ᠪᠠᠷ ᠦᠨᠡᠨ ᠪᠤᠳᠠᠳᠠᠢ ᠠᠵᠢᠯᠯᠠᠭ᠎ᠠ ᠪᠠᠷ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠡᠶ᠃ ᠪᠡᠭᠡᠵᠢᠩ ᠬᠤᠲᠠ ᠨᠠᠷᠢᠯᠢᠭ ᠣᠨᠣᠴᠠᠲᠠᠶ ᠪᠠᠷ ᠠᠩᠬᠠᠷᠤᠯ ᠎ ᠢᠶᠠᠨ ᠲᠥᠪᠯᠡᠷᠡᠭᠦᠯᠬᠦ᠂ ᠪᠣᠳᠠᠲᠠᠶ ᠶᠢ ᠡᠷᠬᠢᠮᠯᠡᠨ ᠠᠬᠢᠭᠤᠯᠬᠤ ᠶᠢ ᠪᠠᠷᠢᠮᠲᠠᠯᠠᠨ᠂ ᠪᠡᠯᠡ ᠮᠥᠩᠭᠦᠨ ᠤ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠬᠠᠪᠰᠤᠷᠤᠨ ᠲᠡᠳᠬᠦᠬᠦ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠦᠷ᠎ᠡ ᠪᠦᠲᠦᠮᠵᠢ ᠪᠠᠷ ᠰᠠᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠳ ᠢ ᠲᠥᠯᠥᠪᠯᠡᠨ ᠬᠡᠷᠡᠭᠵᠢᠭᠦᠯᠵᠦ᠂ ᠬᠠᠪᠰᠤᠷᠤᠨ ᠲᠡᠳᠬᠦᠬᠦ ᠠᠵᠢᠯ ᠤᠨ ᠡᠷᠴᠢᠮ ᠴᠢᠩᠭ᠎ᠠ᠂ ᠠᠷᠭ᠎ᠠ ᠬᠡᠮᠵᠢᠶ᠎ᠡ ᠪᠣᠳᠠᠲᠠᠢ᠂ ᠶᠠᠰᠤ ᠴᠢᠨᠠᠷ ᠰᠠᠶᠢᠨ᠂ ᠦᠷ᠎ᠡ ᠪᠦᠲᠦᠮᠵᠢ ᠰᠠᠶᠢᠨ ᠪᠠᠶᠢᠵᠤ᠂ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠬᠢᠴᠠ ᠶᠢ ᠲᠦᠷᠭᠡᠳᠬᠡᠬᠦ ᠳᠤ ᠬᠦᠴᠦᠲᠡᠢ ᠳᠡᠮᠵᠢᠯᠭᠡ ᠬᠠᠩᠭᠠᠪᠠ᠃ ᠣᠷᠣᠨ ᠳᠠᠶᠠᠭᠠᠷ ᠢᠶᠠᠨ ᠬᠠᠪᠰᠤᠷᠤᠨ ᠲᠡᠳᠬᠦᠭᠰᠡᠡ ᠰᠡᠳᠬᠢᠯ ᠢ ᠨᠢ ᠬᠤᠪᠢ ᠳᠠᠬᠢᠨ ᠨᠠᠨᠳᠢᠩᠨᠠᠵᠤ᠂ ᠬᠠᠪᠰᠤᠷᠤᠨ ᠲᠡᠳᠬᠦᠬᠦ ᠬᠦᠴᠦᠨ ᠢ ᠦᠨᠡᠨ ᠬᠦ ᠰᠠᠶᠢᠲᠤᠷ ᠬᠡᠷᠡᠭᠯᠡᠵᠦ᠂ ᠨᠢᠭᠡ ᠯᠡ ᠠᠮᠢᠰᠬᠤᠭ᠎ᠠ ᠪᠠᠷ ᠰᠢᠷᠭᠠᠭᠤ ᠬᠠᠲᠠᠭᠤᠵᠢᠯᠲᠠᠶ ᠲᠡᠮᠡᠴᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠭᠦᠯ ᠬᠤᠷᠢᠶᠠᠬᠤ ᠳᠠᠶᠢᠯᠠᠯᠳᠤᠭᠠᠨ ᠤ ᠢᠯᠠᠯᠲᠠ ᠶᠢ ᠴᠢᠨᠠᠷ ᠰᠠᠶᠢᠲᠠᠶ ᠣᠯᠬᠤ ᠶᠢ ᠦᠨᠡᠨ ᠬᠦ ᠪᠠᠲᠤᠯᠠᠬᠤ ᠬᠡᠷᠡᠭᠳᠠᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠠᠵᠢᠯ ᠢᠶᠠᠨ ᠴᠢᠩᠭ᠎ᠠ ᠠᠳᠬᠤᠵᠤ ᠨᠠᠷᠢᠯᠢᠭ ᠠᠳᠬᠤᠵᠤ᠂ ᠤᠴᠢᠷ ᠶᠠᠪᠤᠳᠠᠯ ᠢ ᠪᠣᠳᠠᠲᠠᠢ ᠬᠢᠵᠦ ᠰᠠᠶᠢᠲᠤᠷ ᠬᠢᠵᠦ᠂ ᠪᠡᠭᠡᠵᠢᠩ ᠬᠤᠳᠠ ᠶᠢᠨ ᠬᠠᠯᠠᠮᠵᠢᠯᠠᠯ ᠳᠡᠮᠵᠢᠯᠭᠡ ᠪᠠ ᠥᠷᠭᠡᠨ ᠤᠯᠠᠨ ᠲᠦᠮᠡᠨ ᠤ ᠬᠠᠯᠠᠭᠤᠨ ᠬᠦᠰᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠳᠠᠢ ᠭᠡᠵᠦ ᠬᠡᠯᠡᠪᠡ᠃      ᠱᠢ ᠲᠠᠢ ᠹᠧᠩ᠂ ᠦᠪᠥᠷ ᠮᠣᠩᠭᠤᠯ ᠪᠣᠯᠤᠨ ᠪᠡᠭᠡᠵᠢᠩ ᠭᠠᠵᠠᠷ ᠨᠤᠲᠤᠭ ᠣᠶᠢᠷᠠᠯᠴᠠᠭ᠎ᠠ᠂ ᠬᠥᠮᠦᠨ ᠠᠷᠠᠳ ᠎ ᠤᠨ ᠶᠠᠪᠤᠯᠴᠠᠭ᠎ᠠ ᠳᠣᠲᠣᠨᠣ ᠪᠠᠶᠢᠵᠤ᠂ ᠤᠷᠲᠤ ᠬᠤᠭᠤᠴᠠᠭᠠᠨ ᠤ ᠲᠤᠷᠰᠢ ᠢᠯᠠᠩᠭᠤᠶ᠎ᠠ ᠪᠡᠭᠡᠵᠢᠩ ᠥᠪᠥᠷ ᠮᠣᠩᠭᠤᠯ ᠎ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠤᠶᠠᠷ ᠭᠠᠵᠠᠷ ᠤᠨ ᠰᠣᠯᠢᠯᠴᠠᠭ᠎ᠠ ᠶᠠᠪᠤᠬᠤ ᠳᠤᠳᠤᠮ ᠨᠢᠭᠲᠠᠷᠠᠵᠤ᠂ ᠬᠠᠮᠲᠤᠷᠠᠯᠴᠠᠭ᠎ᠠ ᠶᠠᠪᠤᠬᠤ ᠳᠤᠳᠤᠮ ᠥᠷᠭᠡᠵᠢᠵᠦ᠂ ᠬᠠᠶᠢᠷ᠎ᠠ ᠰᠡᠳᠬᠢᠯᠭᠡ ᠶᠠᠪᠤᠬᠤ ᠳᠤᠳᠤᠮ ᠵᠤᠵᠠᠭᠠᠳᠴᠠᠢ᠃ ᠬᠤᠶᠠᠷ ᠲᠠᠯ᠎ᠠ ᠪᠠᠷ ᠢᠶᠠᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠰᠠᠭᠤᠷᠢᠨ ᠳᠡᠭᠡᠷ᠎ᠡ᠂ ᠡᠯ᠎ᠡ ᠱᠠᠲᠤ ᠳᠠᠪᠬᠤᠷᠭ᠎ᠠ ᠡᠯ᠎ᠡ ᠲᠠᠯ᠎ᠠ ᠶᠢᠨ ᠪᠠᠶᠢᠭᠤᠯᠤᠭᠰᠠᠨ ᠰᠠᠶᠢᠨ ᠰᠠᠶᠢᠬᠠᠨ ᠬᠠᠮᠳᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠦᠷᠢᠶᠡᠨ ᠤ ᠭᠦᠨᠵᠡᠭᠡᠢ ᠬᠠᠮᠳᠤᠷᠠᠯᠴᠠᠭ᠎ᠠ ᠶᠢ ᠴᠢᠨᠠᠭᠰᠢᠳᠠ ᠦᠷᠭᠡᠳᠭᠡᠨ᠂ ᠬᠤᠶᠠᠷ ᠭᠠᠵᠠᠷ ᠤᠨ ᠳᠠᠪᠠᠭᠤᠯᠢᠭ ᠢ ᠨᠠᠩ ᠰᠠᠶᠢᠳᠦᠷ ᠤᠶᠠᠯᠳᠤᠭᠤᠯᠵᠤ᠂ ᠪᠡᠭᠡᠵᠢᠩ ᠤᠨ ᠲᠠᠪᠠᠭᠤᠯᠢᠭ ᠢᠶᠠᠷ ᠥᠪᠥᠷ ᠮᠣᠩᠭᠤᠯ ᠤᠨ ᠬᠦᠷᠦᠯᠴᠡᠬᠦ ᠦᠭᠡᠶ ᠲᠠᠯ᠎ᠠ ᠶᠢ ᠨᠥᠬᠦᠪᠥᠷᠢᠯᠡᠵᠦ᠂ ᠥᠪᠥᠷ ᠮᠣᠩᠭᠤᠯ ᠠᠯᠢ ᠴᠢᠳᠠᠬᠤᠢᠢᠴᠠ ᠬᠦᠴᠦᠨ ᠢᠶᠠᠷ ᠢᠶᠠᠨ ᠪᠡᠭᠡᠵᠢᠩ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ᠂ ᠥᠨᠳᠥᠷ ᠲᠦᠪᠰᠢᠨ ᠪᠥᠬᠦᠶ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ᠃ ᠪᠦᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠷ ᠨᠡᠶᠢᠰᠯᠡᠯ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠦᠢᠯᠡᠴᠢᠯᠡᠭᠡ᠂ ᠪᠠᠲᠤᠯᠠᠭ᠎ᠠ ᠪᠠ ᠬᠠᠮᠵᠢᠯᠴᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠲᠠᠰᠤᠷᠠᠯᠲᠠ ᠥᠬᠡᠶ ᠪᠠᠶᠠᠯᠢᠭ ᠦᠷ᠎ᠠ ᠪᠦᠲᠦᠭᠡᠯ ᠤᠯᠵᠤ᠂ ᠬᠤᠶᠠᠷ ᠭᠠᠵᠠᠷ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠶᠠᠪᠤᠬᠤ ᠲᠤᠲᠤᠮ ᠳᠣᠲᠣᠨᠣ ᠪᠤᠯᠭᠠᠬᠤ ᠬᠡᠷᠡᠭᠳᠠᠢ ᠭᠡᠵᠦ ᠬᠡᠯᠡᠪᠡ᠃      ᠪᠡᠭᠡᠵᠢᠩ ᠬᠤᠲᠠ ᠶᠢᠨ ᠤᠳᠤᠷᠢᠳᠤᠯᠭ᠎ᠠ ᠸᠧᠶ ᠰᠢᠶᠤᠤ ᠳ᠋ᠦᠩ᠂ ᠼᠦᠢ ᠱᠦ ᠴᠢᠶᠠᠩ ᠰᠢᠨᠵᠢᠯᠡᠨ ᠪᠠᠶᠢᠴᠠᠭᠠᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠶᠠᠩ ᠸᠧᠶ ᠳ᠋ᠦᠩ᠂ ᠵᠠᠩ ᠱᠣᠤ ᠴᠦᠨ᠂ ᠵᠠᠩ ᠧᠨ ᠬᠤᠶ᠂ ᠾᠧᠩ ᠰᠢᠶᠤᠤ ᠹᠠᠨ ᠰᠢᠨᠵᠢᠯᠡᠨ ᠪᠠᠶᠢᠴᠠᠭᠠᠬᠤ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃ ᠪᠡᠭᠡᠵᠢᠩ ᠬᠤᠲᠠ ᠶᠢᠨ ᠡᠯ᠎ᠡ ᠲᠣᠭᠤᠷᠢᠭ ᠪᠠ ᠡᠯ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠶᠢᠮᠠᠭ ᠬᠤᠲᠠ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 31 ᠬᠤᠰᠢᠭᠤ ᠰᠢᠶᠠᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号