︽ᠥᠨᠥᠳᠦᠷ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠬᠤ ᠪᠠᠷ ᠢᠷᠡᠭᠡᠳ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠥᠪᠡᠰᠦᠪᠡᠨ ᠭᠠᠶᠢᠯᠢ ᠶᠢᠨ ᠶᠠᠪᠤᠳᠠᠯ ᠭᠦᠢᠴᠡᠳᠬᠡᠬᠦ ᠲᠢᠩᠬᠢᠮ ᠳᠤ ᠶᠠᠭ ᠰᠠᠶᠢᠬᠠᠨ | ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠢᠳᠠᠮᠵᠢ | ᠰᠢᠨ᠎ᠡ ᠪᠠᠷ ᠨᠡᠮᠡᠭᠳᠡᠭᠰᠡᠨ ᠢ ᠣᠶᠢᠯᠠᠭᠠᠵᠤ ᠮᠡᠳᠡᠭᠡᠳ᠂ ᠲᠤᠷᠰᠢᠵᠤ ᠦᠵᠡᠬᠦ ᠰᠡᠳᠬᠢᠯᠭᠡ ᠪᠠᠷ ᠪᠡᠶᠡᠴᠢᠯᠡᠨ ᠣᠶᠢᠯᠠᠭᠠᠪᠠ᠃ | ᠦᠨᠡᠬᠡᠷ ᠳᠥᠭᠦᠮ ᠪᠣᠯᠵᠠᠢ᠂ 2 ᠮᠢᠨᠦ᠋ᠲ ᠪᠣᠯᠤᠯ ᠦᠭᠡᠢ ᠪᠠᠷ ᠭᠦᠢᠴᠡᠳᠬᠡᠵᠤ᠂ ᠪᠦᠷᠢᠮᠦᠰᠦᠨ ᠰᠠᠨᠠᠭᠠᠨ ᠠᠴᠠ | ᠭᠠᠳᠠᠭᠤᠷ︕︾ ᠬᠡᠮᠡᠨ ᠬᠤᠲᠠ ᠶᠢᠨ ᠠᠷᠠᠳ ᠡᠤ ᠠᠪᠠᠭ᠋ᠠᠶ ᠥᠪᠡᠰᠦᠪᠡᠨ ᠭᠠᠶᠢᠯᠢ ᠶᠢᠨ ᠶᠠᠪᠤᠳᠠᠯ ᠭᠦᠢᠴᠡᠳᠬᠡᠬᠦ | ᠲᠣᠭᠤᠷᠢᠭ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ ᠪᠠᠶᠠᠷᠲᠠᠶᠢᠬᠠᠨ ᠬᠡᠯᠡᠪᠡ᠃ | | ᠠᠮᠢᠳᠤᠯᠢᠭ ᠢᠶᠠᠷ ᠠᠵᠢᠯ ᠣᠯᠤᠭᠰᠠᠳ ᠤᠨ ᠰᠦᠢᠳᠬᠡᠯ ᠲᠤᠰᠢᠶᠠᠬᠤ ᠬᠡᠷᠡᠭᠴᠡᠭᠡ ᠶᠢ ᠬᠠᠩᠭᠠᠵᠤ᠂ ᠰᠦᠢᠳᠬᠡᠯ | ᠲᠤᠰᠢᠶᠠᠬᠤ ᠳᠤ ᠮᠥᠷᠯᠡᠨ ᠬᠦᠯᠢᠶᠡᠬᠦ ᠴᠠᠭ ᠢ ᠪᠣᠭᠤᠨᠢᠰᠬᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠬᠦ | ᠬᠤᠭᠤᠴᠠᠭᠠᠨ ᠳᠤ ᠬᠦᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠶᠢᠨ ᠲᠤᠰᠠᠳᠠ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠨᠡᠪᠲᠡᠷᠡᠯᠴᠡᠨ ᠵᠥᠪᠳᠡᠯᠴᠡᠬᠦ ᠪᠠᠷ ᠳᠠᠮᠵᠢᠨ᠂ ᠨᠡᠶᠢᠭᠡᠮ ᠤᠨ ᠪᠠᠲᠤᠯᠠᠭ᠎ᠠ | ᠪᠠ ᠭᠠᠶᠢᠯᠢ ᠶᠢᠨ ᠶᠠᠪᠤᠳᠠᠯ ᠤᠨ ᠭᠦᠢᠴᠡᠳᠬᠡᠬᠦ ᠰᠢᠰᠲ᠋ᠧᠮ ᠤᠨ ᠠᠭᠤᠯᠵᠠᠷ ᠤᠨ ᠬᠠᠮᠲᠤ ᠪᠠᠷ ᠬᠦᠷᠲᠡᠬᠦ ᠲᠠᠪᠴᠠᠩ ᠳᠤ | ᠲᠦᠰᠢᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ | ᠰᠦᠢᠳᠬᠡᠯ ᠲᠤᠰᠢᠶᠠᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠢᠨᠠᠨ ᠲᠣᠭᠲᠠᠭᠠᠵᠤ᠂ | ᠨᠡᠶᠢᠭᠡᠮ ᠤᠨ ᠳᠠᠭᠠᠳᠬᠠᠯ ᠤᠨ ᠰᠦᠢᠳᠬᠡᠯ ᠢ ︽ᠰᠦᠯᠵᠢᠶᠡᠨ ᠳᠡᠭᠡᠷ᠎ᠡ ᠨᠡᠪᠲᠡᠷᠡᠭᠦᠯᠵᠦ︾ ︽ᠰᠦᠯᠵᠢᠶᠡᠨ ᠳᠡᠭᠡᠷ᠎ᠡ | ᠲᠤᠰᠢᠶᠠᠬᠤ︾ ᠶᠢ ᠪᠡᠶᠡᠯᠡᠭᠦᠯᠪᠡ᠃ ᠠᠮᠢᠳᠤᠯᠢᠭ ᠢᠶᠠᠷ ᠠᠵᠢᠯ ᠣᠯᠤᠭᠰᠠᠳ ᠪᠡᠶ᠎ᠡ ᠶᠢᠨ ᠦᠨᠡᠮᠯᠡᠯ ᠢᠶᠠᠷ ᠢᠶᠠᠨ | ᠥᠪᠡᠰᠦᠪᠡᠨ ᠭᠦᠢᠴᠡᠳᠬᠡᠬᠦ ᠦᠵᠦᠭᠦᠷᠯᠢᠭ ᠪᠡᠯᠡᠳᠬᠡᠮᠵᠢ ᠳᠡᠭᠡᠷ᠎ᠡ ᠥᠪᠡᠰᠦᠪᠡᠨ ᠭᠦᠢᠴᠡᠳᠬᠡᠨ᠂ ᠥᠪᠡᠰᠦᠪᠡᠨ | ᠳᠠᠩᠰᠠ ᠰᠣᠩᠭᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠵᠤ᠂ ᠭᠠᠶᠢᠯᠢ ᠲᠤᠰᠢᠶᠠᠭᠴᠢ ᠶᠢᠨ | ᠭᠠᠶᠢᠯᠢ ᠶᠢᠨ ᠶᠠᠪᠤᠳᠠᠯ ᠭᠦᠢᠴᠡᠳᠬᠡᠬᠦ ᠴᠣᠩᠬᠤᠪᠴᠢ ᠳᠤ ᠬᠦᠷᠴᠦ ᠰᠦᠢᠳᠬᠡᠯ ᠲᠤᠰᠢᠶᠠᠬᠤ ᠪᠠ ᠨᠡᠶᠢᠭᠡᠮ ᠤᠨ | ᠪᠠᠲᠤᠯᠠᠭ᠎ᠠ ᠶᠢᠨ ᠴᠣᠩᠬᠤᠪᠴᠢ ᠶᠢᠨ ᠳᠠᠩᠰᠠ ᠬᠠᠷᠭᠤᠭᠤᠯᠬᠤ ᠭᠤᠭᠴᠤᠭ᠎ᠠ ᠶᠢ ᠦᠭᠡᠶᠢᠰᠬᠡᠵᠦ᠂ ᠡᠨᠡ ᠨᠢ ᠤᠯᠠᠭᠠᠨᠴᠠᠪ | ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢᠨ ︽ᠥᠪᠡᠰᠦᠪᠡᠨ ᠭᠦᠢᠴᠡᠳᠬᠡᠬᠦ + | ᠥᠪᠡᠰᠦᠪᠡᠨ ᠡᠵᠡᠨ ᠮᠡᠳᠡᠬᠦ︾ ᠭᠠᠶᠢᠯᠢ ᠶᠢᠨ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠰᠢᠨ᠎ᠡ ᠵᠠᠭᠪᠤᠷ ᠲᠤ | ᠣᠷᠣᠭᠰᠠᠨ ᠢ ᠬᠠᠷᠠᠭᠤᠯᠵᠤ ᠪᠠᠶᠢᠨ᠎ᠠ᠃ ᠣᠳᠣᠬᠠᠨ ᠳᠤ᠂ ᠪᠥᠬᠦ ᠬᠤᠲᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ᠂ ᠰᠢᠩ ᠾᠧ ᠰᠢᠶᠠᠨ᠂ ᠬᠤᠸᠠᠳᠧ ᠰᠢᠶᠠᠨ᠂ ᠯᠢᠶᠠᠩᠴᠧᠩ ᠰᠢᠶᠠᠨ ᠪᠣᠯᠤᠨ ᠱᠠᠩᠳᠤ | ᠰᠢᠶᠠᠨ ᠨᠢᠭᠡᠨᠲᠡ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠥᠪᠡᠰᠦᠪᠡᠨ ᠲᠤᠰᠢᠶᠠᠬᠤ ᠶᠢ ᠪᠡᠶᠡᠯᠡᠭᠦᠯᠪᠡ᠃ |