8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠱᠤᠸᠠᠩ ᠯᠢᠶᠠᠩ ᠪᠦᠯᠦᠭᠯᠡᠯ ᠤᠨ ᠶᠡᠷᠦᠩᠬᠡᠢ ᠵᠠᠬᠢᠷᠤᠭᠴᠢ ᠮᠠ ᠫᠸᠢ ᠯᠢᠨ ᠲᠠᠢ ᠠᠭᠤᠯᠵᠠᠪᠠ᠃ | | | | | ᠱᠢ ᠲᠠᠢ ᠹᠧᠩ ᠮᠠ ᠫᠸᠢ ᠯᠢᠨ ᠨᠡᠷ ᠤᠨ ᠥᠪᠥᠷ ᠮᠣᠩᠭᠤᠯ ᠳᠤ ᠬᠠᠮᠲᠤᠷᠠᠯᠴᠠᠭᠠᠨ ᠤ ᠶᠠᠪᠤᠳᠠᠯ | ᠵᠥᠪᠳᠡᠯᠴᠡᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠱᠤᠸᠠᠩ ᠯᠢᠶᠠᠩ | ᠪᠦᠯᠦᠭᠯᠡᠯ ᠪᠣᠯ ᠳᠤᠮᠳᠠᠳᠤ ᠤᠯᠤᠰ ᠤᠨ ᠦᠢᠯᠡᠳᠬᠡᠯ ᠤᠨ 500 ᠬᠦᠴᠦᠷᠬᠡᠭ ᠠᠵᠤ ᠠᠬᠤᠶᠢᠯᠠᠯ ᠤᠨ ᠨᠢᠭᠡ ᠪᠣᠯᠤᠨ᠎ᠠ᠂ | ︽ᠡᠨᠧᠷᠭᠢ ᠠᠷᠪᠢᠯᠠᠬᠤ᠂ ᠤᠰᠤ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ︾ ᠳᠡᠭᠡᠳᠤ ᠲᠡᠰ ᠤᠨ | ᠦᠢᠯᠡᠳᠬᠦ ᠦᠢᠯᠡᠰ ᠤᠨ ᠬᠦᠷᠢᠶᠡᠨ ᠳᠤ ᠭᠤᠤᠯᠯᠠᠬᠤ ᠥᠷᠢᠰᠦᠯᠳᠦᠬᠦ ᠬᠦᠴᠦᠨ ᠲᠠᠢ᠂ ᠱᠤᠸᠠᠩ ᠯᠢᠶᠠᠩ ᠪᠦᠯᠦᠭᠯᠡᠯ | ᠤᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠥ᠂ ᠨᠠᠩ ᠤᠯᠠᠨ ᠲᠤᠮᠤ | ᠲᠥᠷᠥᠯ ᠵᠦᠢᠯ ᠰᠠᠶᠢᠨ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠵᠤ᠂ ᠨᠠᠩ ᠣᠯᠠᠨ ᠴᠢᠨᠠᠷ ᠰᠠᠶᠢᠲᠠᠶ ᠠᠵᠤ | ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠬᠥᠭᠵᠢᠯᠲᠡ ᠶᠢ | ᠬᠠᠮᠲᠤ ᠪᠠᠷ ᠰᠦᠪᠡᠭᠴᠢᠯᠡᠬᠦ ᠶᠢ ᠬᠦᠰᠡᠵᠥ ᠪᠠᠶᠢᠨ᠎ᠠ ᠬᠡᠪᠡ᠃ | ᠮᠠ ᠫᠸᠢ ᠯᠢᠨ᠂ ᠱᠤᠸᠠᠩ ᠯᠢᠶᠠᠩ ᠪᠦᠯᠦᠭᠯᠡᠯ ᠳᠤᠷᠠᠲᠠᠶ᠎ᠠ ᠥᠪᠥᠷ ᠮᠣᠩᠭᠤᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠲᠣᠨᠤᠭ | ᠲᠥᠬᠦᠭᠡᠷᠦᠮᠵᠢ ᠦᠢᠯᠡᠳᠬᠦ᠂ ᠴᠡᠪᠡᠷ ᠡᠨᠧᠷᠭᠢ ᠪᠠᠷ ᠲᠥᠪᠯᠡᠷᠡᠭᠦᠯᠦᠨ ᠢᠯᠴᠢ ᠬᠠᠩᠭᠠᠬᠤ᠂ ᠨᠡᠭᠦᠷᠡᠰᠦᠲᠥ᠋ᠷᠥᠭᠴᠢᠲᠦ | ᠠᠮᠢᠳᠤ ᠪᠣᠳᠠᠰ ᠤᠨ ᠣᠷᠭᠠᠨᠢᠭ ᠪᠣᠷᠲᠣᠭᠤᠷ ᠵᠡᠷᠭᠡ ᠬᠠᠮᠢᠶ᠎ᠠ ᠪᠥᠬᠦᠶ ᠲᠥᠷᠥᠯ ᠵᠦᠢᠯ ᠢ ᠥᠪᠥᠷ ᠮᠣᠩᠭᠤᠯ ᠳᠤ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠭᠦᠨᠵᠡᠭᠡᠶ ᠠᠬᠢᠭᠤᠯᠤᠨ᠎ᠠ ᠭᠡᠵᠥ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ | ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ |