8 ᠰᠠᠷ᠎ᠠ ᠶᠢᠨ 26 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠶᠡᠷᠦᠩᠬᠡᠶ | ᠱᠦᠵᠢ ᠰᠢ ᠶᠢᠨ ᠫᠢᠩ ᠤᠨ ᠠᠵᠤ ᠠᠬᠤᠶ ᠨᠡᠶᠢᠭᠡᠮ ᠤᠨ ᠬᠦᠷᠢᠶᠠᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠬᠡᠨ ᠰᠢᠯᠢᠳᠡᠭᠵᠢᠭᠦᠯᠬᠦ ᠲᠥᠰᠦᠯ︾ ᠵᠡᠷᠭᠡ ᠵᠦᠢᠯ ᠢ ᠰᠤᠳᠤᠯᠵᠠᠢ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠲᠥᠪ ᠤᠨ ᠳᠣᠤᠷ᠎ᠠ ᠬᠠᠭᠠᠰ ᠵᠢᠯ ᠤᠨ ᠠᠵᠢᠯ ᠤᠨ ᠲᠤᠬᠠᠢ ᠲᠣᠬᠢᠷᠠᠭᠤᠯᠤᠯᠲᠠ ᠶᠣᠰᠣᠭᠠᠷ᠂ ᠵᠤᠷᠪᠤᠰ ᠳᠠᠷᠠᠭᠠᠯᠠᠨ ᠬᠠᠷᠢᠴᠠᠭᠤᠯᠤᠨ ᠬᠠᠷᠭᠤᠭᠤᠯᠵᠥ᠂ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠳᠤᠷᠠᠳᠤᠨ ᠭᠠᠷᠭᠠᠬᠤ | ᠬᠡᠷᠡᠭᠲᠡᠶ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠥ᠂ ᠢᠯᠠᠩᠭᠤᠶ᠎ᠠ ᠠᠵᠤ ᠠᠬᠤᠶᠢᠯᠠᠯ ᠤᠨ ᠬᠦᠴᠢᠷᠳᠡᠯ ᠢᠶᠠᠨ ᠰᠢᠢᠳᠪᠦᠷᠢᠯᠡᠵᠥ ᠬᠦᠭᠵᠢᠬᠦ ᠳᠤ ᠬᠦᠴᠦᠨ ᠨᠡᠮᠡᠷᠢᠯᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠡᠷᠬᠡᠪᠰᠢ ᠪᠣᠳᠠᠲᠠᠶ ᠬᠠᠷᠢᠭᠤᠴᠠᠬᠤ ᠪᠠᠶᠢᠭᠤᠯᠭ᠎ᠠ ᠨᠢᠭᠡᠴᠢ ᠶᠢ ᠲᠣᠳᠣᠷᠬᠠᠶᠢᠯᠠᠵᠤ᠂ ᠪᠠᠶᠢᠩᠭᠤ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ ᠰᠠᠨᠠᠭᠠᠰᠢᠷᠠᠬᠤ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ | ᠭᠦᠨᠵᠡᠭᠡᠶ ᠵᠠᠳᠠᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠨᠠᠷᠢᠯᠢᠭ ᠨᠠᠶᠢᠳᠠᠪᠤᠷᠢᠵᠢᠭᠤᠯᠬᠤ | ᠬᠡᠷᠡᠭᠲᠡᠶ᠃ ᠬᠤᠪᠢᠰᠤᠩᠭᠤᠶ ᠰᠡᠳᠬᠢᠬᠦᠶ ᠪᠠᠷ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠵᠤ᠂ | ᠬᠥᠭᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠬᠦᠴᠦᠨ ᠢᠶᠠᠨ ᠵᠤᠬᠢᠶᠠᠨ ᠪᠠᠶᠢᠭᠤᠯᠤᠨ ᠰᠤᠳᠤᠯᠬᠤ ᠪᠠᠨ ᠴᠢᠩᠭᠠᠳᠬᠠᠵᠤ᠂ ᠠᠵᠢᠯ ᠤᠨ ᠪᠠᠶᠢᠯᠳᠤᠬᠤ | ᠪᠤᠳᠤᠯᠭ᠎ᠠ ᠶᠢᠨ ᠴᠢᠨᠠᠷ᠂ ᠠᠯᠤᠰ ᠬᠡᠳᠤ ᠶᠢᠨ ᠴᠢᠨᠠᠷ᠂ ᠪᠦᠬᠦ ᠲᠠᠯ᠎ᠠ ᠶᠢᠨ ᠴᠢᠨᠠᠷ᠂ ᠪᠦᠬᠦᠯᠢ ᠴᠣᠭᠴᠠᠲᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠣᠳᠠᠲᠠᠶ ᠬᠠᠷᠠᠯᠲᠠ ᠡᠭᠦᠷᠭᠡ ᠲᠠᠢ ᠬᠠᠷᠭᠤᠭᠤᠯᠵᠤ | ᠂ ᠡᠯ᠎ᠡ ᠬᠦᠷᠢᠶᠡᠨ ᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠨ ᠤᠶᠤᠲᠠᠨ᠂ ᠬᠥᠯᠥᠰᠥᠨ | ᠳᠠᠷᠢᠶᠠᠴᠢᠨ᠂ ᠬᠤᠲᠠ ᠪᠠᠯᠭᠠᠰᠤᠨ ᠤ ᠶᠠᠳᠠᠭᠤ ᠬᠦᠴᠢᠷᠳᠡᠯᠲᠡᠶ ᠭᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠲᠤ ᠠᠵᠢᠯ | ᠣᠯᠭᠤᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠥ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠪᠠᠷ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠬᠡᠨ ᠰᠢᠯᠢᠳᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠮᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠯᠤᠰ ᠬᠡᠲᠦ ᠶᠢᠨ ᠬᠥᠭᠵᠢᠯᠲᠡ ᠶᠢ | ᠪᠠᠬᠢᠵᠢᠭᠦᠯᠬᠦ ᠶᠡᠭᠡ ᠶᠠᠪᠤᠳᠠᠯ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠤᠨ ᠬᠠᠮᠢᠶ᠎ᠠ ᠪᠥᠬᠦᠶ ᠬᠠᠤᠯᠢ ᠲᠣᠭᠲᠠᠭᠠᠯ ᠪᠠ ᠠᠵᠢᠯ ᠤᠨ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |