ᠪᠦ᠋ ᠰᠢᠶᠤᠤ ᠯᠢᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠥ ᠪᠠᠶᠠᠷ ᠤᠨ ᠡᠳᠦᠷ ᠤᠨ ᠵᠦᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ
ᠨᠡᠶᠢᠲᠡᠯᠡᠭᠰᠡᠨ ᠴᠠᠭ᠄
2020/8/3
     ︽8 · 1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 30᠎ ᠤ ᠦᠳᠡ ᠶᠢᠨ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠪᠦ᠋ ᠰᠢᠶᠣᠤ ᠯᠢᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠢᠭᠡᠨ ᠰᠢᠭᠤᠳ ᠬᠠᠷᠢᠶ᠎ᠠ ᠰᠠᠯᠪᠤᠷᠢ ᠠᠩᠭᠢ ᠳᠤ ᠬᠦᠷᠴᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠤᠭᠰᠠᠨ ᠪᠦᠬᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠦᠪᠡᠷᠳᠡᠬᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃
     ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠤᠮᠠᠨᠳ᠋ᠯᠠᠭᠴᠢ ᠮᠠ ᠴᠢᠩ ᠯᠸᠢ᠂ ᠳᠡᠳ᠋ ᠺᠤᠮᠠᠨᠳ᠋ᠯᠠᠭᠴᠢ ᠵᠠᠩ ᠶᠢᠩ ᠺᠦᠢ ᠪᠤᠯᠭᠤᠭᠠᠨ ᠲᠤᠬᠤᠨᠢᠭᠤᠯᠬᠤ ᠳᠤ ᠣᠷᠣᠯᠴᠠᠵᠠᠢ᠃      ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠢᠬᠡᠨ ᠰᠢᠭᠤᠳ ᠬᠠᠷᠢᠶ᠎ᠠ ᠰᠠᠯᠪᠤᠷᠢ ᠠᠩᠭᠢ ᠪᠣᠯ ᠢᠷᠠᠭᠤ ᠠᠯᠳᠠᠷᠲᠤ ᠲᠡᠦᠬᠡ ᠲᠠᠢ ᠰᠤᠮᠤᠨ ᠠᠩᠭᠢ ᠮᠦᠨ᠂ ᠤᠯᠠᠨ ᠵᠦᠢᠯ ᠤᠨ ᠴᠢᠬᠤᠯᠠ ᠶᠡᠭᠡ ᠪᠠᠲᠤᠯᠠᠭ᠎ᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠤᠷᠢᠳ ᠬᠤᠵᠢᠳ 4 ᠤᠳᠠᠭ᠎ᠠ ᠬᠠᠮᠲᠤ ᠶᠢᠨ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠠᠢ᠃ ᠪᠦ᠋ ᠰᠢᠶᠤᠤ ᠯᠢᠨ ᠰᠤᠮᠤᠨ ᠠᠩᠬᠢ ᠳᠤ ᠬᠦᠷᠴᠦ᠂ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ᠂ ᠵᠢᠵᠢᠭᠦᠷ᠂ ᠰᠤᠷᠤᠯᠴᠠᠯᠭ᠎ᠠ ᠪᠠ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠡᠤᠬᠡᠳ ᠳᠡᠭᠦᠤ ᠨᠡᠷ ᠤᠨ ᠴᠡᠷᠢᠭ ᠤᠨ ᠬᠢᠨ ᠤ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠳᠤ ᠲᠠᠯᠠᠷᠬᠠᠯ ᠢᠶᠠᠨ ᠳᠡᠪᠰᠢᠬᠦᠯᠪᠡ᠃      ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠵᠢᠴᠢ ᠭᠡᠷ ᠪᠦᠯᠢ ᠶᠢᠨ ᠬᠢᠨ ᠢ ᠥᠪᠥᠷ ᠮᠣᠩᠭᠤᠯ ᠳᠤ ᠠᠮᠤᠷ ᠲᠠᠶᠢᠪᠤᠩ ᠠᠵᠤ ᠲᠥᠷᠥᠭᠦᠯᠤᠨ᠎ᠠ᠃ ᠥᠷᠭᠡᠨ ᠤᠯᠠᠨ ᠳᠠᠷᠤᠭ᠎ᠠ ᠪᠠᠶᠢᠯᠳᠤᠭᠴᠢ ᠴᠡᠷᠢᠭ ᠢ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠮᠡᠷᠭᠡᠵᠢᠯ ᠴᠢᠳᠠᠪᠤᠷᠢ ᠪᠠᠨ ᠰᠢᠷᠭᠠᠭᠤ ᠪᠣᠯᠪᠠᠰᠤᠷᠠᠵᠤ᠂ ᠣᠷᠣᠨ ᠨᠤᠲᠤᠭ ᠤᠨ ᠬᠥᠭᠵᠢᠯᠲᠡ ᠶᠢ ᠳᠡᠮᠵᠢᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠯᠭᠤᠭᠠᠨ ᠲᠣᠬᠤᠨᠢᠭᠤᠯᠬᠤ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号