ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ | ︽2020 ᠣᠨ ᠤ ᠬᠢᠩᠭᠠᠨ ᠠᠶᠢᠮᠠᠭ ᠤᠨ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ | ᠮᠥᠩᠭᠦ ᠶᠢᠨ ᠵᠠᠷᠤᠯᠭ᠎ᠠ ᠶᠢᠨ ᠲᠥᠰᠦᠪ ᠤᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ᠶᠢᠨ ᠵᠣᠷᠢᠭ ᠰᠠᠨᠠᠭ᠎ᠠ ᠶᠢ | ᠦᠨᠳᠦᠰᠦᠯᠡᠨ᠂ ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ 2020 ᠣᠨ ᠤ | ᠵᠡᠮᠳᠡᠭᠴᠦᠳ ᠤᠨ ᠦᠢᠯᠡᠰ ᠤᠨ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ 750. | 4 ᠲᠦᠮᠡᠨ ᠲᠥᠭᠦᠷᠢᠭ ᠪᠠᠭᠤᠯᠭᠠᠪᠠ᠃ | ᠲᠣᠰ ᠤᠳᠠᠭᠠᠨ ᠤ ᠪᠠᠭᠤᠯᠭᠠᠭᠰᠠᠨ ᠨᠥᠬᠦᠪᠥᠷᠢ ᠪᠠᠯᠠ ᠮᠥᠩᠭᠦ ᠶᠢ ᠵᠡᠮᠳᠡᠭᠴᠦᠳ ᠲᠤ ᠠᠵᠢᠯ ᠣᠯᠭᠤᠬᠤ | ᠦᠢᠯᠡᠴᠢᠯᠡᠭᠡ᠂ ᠶᠠᠳᠠᠭᠤ ᠬᠦᠴᠢᠷᠳᠡᠯᠲᠡᠶ ᠵᠡᠮᠳᠡᠭᠴᠦᠳ ᠢ ᠠᠪᠤᠷᠠᠨ ᠲᠤᠰᠠᠯᠠᠵᠤ ᠲᠣᠬᠤᠨᠢᠭᠤᠯᠬᠤ᠂ ᠵᠡᠮᠳᠡᠭᠴᠦᠳ ᠤᠨ | ᠠᠵᠢᠯ ᠤᠨ ᠪᠣᠯᠪᠠᠰᠤᠷᠠᠭᠤᠯᠤᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠨᠥᠬᠦᠪᠥᠷᠢ᠂ ᠨᠠᠶᠢᠳᠠᠨ | ᠠᠰᠠᠷᠠᠭᠤᠯᠬᠤ ᠨᠥᠬᠦᠪᠥᠷᠢ᠂ ᠶᠠᠳᠠᠭᠤ ᠶᠢ ᠲᠡᠳᠬᠦᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠲᠤᠰᠠᠯᠠᠬᠤ | ᠴᠢᠨᠠᠷᠲᠠᠢ ᠠᠵᠢᠯ ᠣᠯᠭᠤᠯᠲᠠ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠮᠡᠷᠭᠡᠵᠢᠯ ᠤᠨ | ᠬᠥᠮᠦᠵᠢᠯ ᠵᠢᠴᠢ ᠵᠢᠭᠠᠨ ᠰᠤᠷᠭᠠᠬᠤ ᠪᠠᠭᠠᠵᠢ ᠬᠡᠷᠡᠭᠰᠡᠯ ᠤᠨ ᠨᠥᠬᠦᠪᠥᠷᠢ᠂ ᠵᠡᠮᠳᠡᠭᠴᠦᠳ ᠤᠨ ᠰᠤᠷᠤᠯᠭ᠎ᠠ ᠶᠢᠨ | ᠨᠠᠮᠲᠠᠷ ᠢ ᠳᠡᠭᠡᠭᠰᠢᠯᠡᠭᠦᠯᠬᠦ᠂ ᠲᠠᠭᠠᠯᠠᠮᠵᠢᠲᠤ ᠬᠡᠷ ᠣᠷᠣᠨ ᠤ ᠪᠥᠲᠥᠭᠡᠨ ᠪᠠᠶᠢᠭᠤᠯᠤᠯᠲᠠ᠂ ᠵᠡᠮᠳᠡᠭᠴᠦᠳ ᠤᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠰᠢᠨᠡᠳᠬᠡᠬᠦ ᠵᠡᠷᠭᠡ ᠵᠠᠷᠤᠯᠭ᠎ᠠ ᠳᠤ ᠬᠡᠷᠡᠭᠯᠡᠨ᠎ᠡ᠃ | |