7 ᠳ᠋ᠤᠭᠠᠷ ᠰᠠᠷ᠎ᠠ ᠶᠢᠨ 31 ᠤ ᠡᠳᠦᠷ ᠤᠯᠠᠭᠠᠨᠬᠠᠳᠠ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠄ ᠡᠨᠡ ᠵᠢᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯ ᠢ ᠪᠦᠬᠦᠨ ᠢ ᠪᠡᠶᠡᠯᠡᠭᠦᠯᠪᠡ᠃ ᠪᠥᠬᠦ | ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ | ᠠᠵᠢᠯ ᠠᠴᠠ ᠪᠠᠨ ᠠᠮᠠᠷᠠᠭᠰᠠᠳ 409679 ᠬᠥᠮᠦᠨ ᠪᠠᠶᠢᠨ᠎ᠠ᠃ 1 ᠠᠴᠠ 8 ᠳ᠋ᠤᠭᠠᠷ ᠰᠠᠷ᠎ᠠ ᠪᠣᠯᠲᠠᠯ᠎ᠠ | ᠲᠣᠬᠢᠷᠠᠭᠤᠯᠤᠯᠲᠠ ᠪᠠᠷ ᠳᠠᠮᠵᠢᠨ ᠨᠦᠬᠦᠪᠦᠷᠢᠯᠡᠨ ᠣᠯᠭᠤᠬᠤ ᠨᠠᠰᠤᠵᠢᠯ ᠤᠨ ᠠᠰᠠᠷᠠᠮᠵᠢ ᠶᠢᠨ ᠮᠥᠩᠭᠦ ᠨᠢ 43346. | 52 ᠲᠦᠮᠡᠨ ᠲᠥᠭᠦᠷᠢᠭ ᠪᠠᠶᠢᠵᠤ᠂ ᠣᠯᠭᠤᠬᠤ ᠬᠠᠷᠢᠴᠠᠯ ᠢ 100% ᠪᠣᠯᠪᠠ︔ ᠰᠠᠷ᠎ᠠ ᠪᠦᠷᠢ ᠬᠥᠮᠦᠨ ᠪᠦᠷᠢ | ᠳᠤᠮᠳᠠᠴᠢ ᠪᠠᠷ 132.26 ᠲᠥᠭᠦᠷᠢᠭ ᠨᠡᠮᠡᠭᠳᠡᠵᠦ᠂ ᠪᠦᠬᠦ ᠬᠤᠲᠠ ᠶᠢᠨ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠰᠠᠷ᠎ᠠ ᠪᠦᠷᠢ ᠬᠥᠮᠦᠨ ᠪᠦᠷᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮᠵᠢᠶ᠎ᠡ | 2485.75 ᠲᠥᠭᠦᠷᠢᠭ ᠪᠠᠶᠢᠭᠰᠠᠨ ᠠᠴᠠ ᠪᠠᠨ 2618.01 ᠲᠥᠭᠦᠷᠢᠭ ᠪᠣᠯᠤᠨ ᠨᠡᠮᠡᠭᠳᠡᠪᠡ᠃ 8 ᠳ᠋ᠤᠭᠠᠷ | ᠰᠠᠷ᠎ᠠ ᠳᠤ᠂ ᠲᠣᠬᠢᠷᠠᠭᠤᠯᠤᠯᠲᠠ ᠬᠢᠭᠰᠡᠨ ᠵᠢᠴᠢ ᠨᠥᠬᠦᠪᠥᠷᠢᠯᠡᠨ ᠣᠯᠭᠤᠬᠤ ᠨᠠᠰᠤᠵᠢᠯ ᠤᠨ ᠠᠰᠠᠷᠠᠮᠵᠢ ᠶᠢᠨ ᠮᠦᠩᠭᠦ ᠶᠢ | ᠪᠦᠬᠦᠨ ᠢ ᠪᠣᠳᠠᠲᠠᠶᠢᠵᠢᠭᠤᠯᠪᠠ᠃ | ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠠᠮᠢᠶ᠎ᠠ ᠪᠦᠬᠦᠢ ᠬᠥᠮᠦᠰ ᠤᠨ | ᠲᠠᠨᠢᠯᠴᠠᠭᠤᠯᠤᠭᠰᠠᠨ ᠢᠶᠠᠷ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠳᠡᠭᠡᠭᠰᠢᠯᠡᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠤ ᠶᠡᠷᠦᠩᠬᠡᠶ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠢᠭᠡᠳ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽2020 ᠣᠨ ᠳᠤ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠴᠠᠭ ᠲᠤᠬᠠᠶ ᠳᠤ ᠨᠢ | ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠢᠳᠡᠪᠬᠢᠲᠡᠢ ᠪᠠᠷ ᠪᠠᠯᠠ ᠮᠥᠩᠭᠦ | ᠴᠤᠭᠯᠠᠭᠤᠯᠵᠤ᠂ 7 ᠳ᠋ᠤᠭᠠᠷ ᠰᠠᠷ᠎ᠠ ᠶᠢᠨ ᠡᠴᠦᠰ ᠲᠤ ᠪᠥᠬᠦ ᠬᠤᠲᠠ ᠶᠢᠨ 2019 ᠣᠨ ᠤ 12 ᠳ᠋ᠤᠭᠠᠷ ᠰᠠᠷ᠎ᠠ ᠶᠢᠨ | 31 ᠤ ᠡᠳᠦᠷ ᠠᠴᠠ ᠡᠮᠦᠨ᠎ᠡ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠪᠡ᠃ | ᠲᠣᠰ ᠤᠳᠠᠭᠠᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ ᠶᠢ ᠭᠤᠷᠪᠠᠨ ᠬᠡᠰᠡᠭ ᠬᠤᠪᠢᠶᠠᠪᠠ᠄ ᠨᠢᠭᠡ ᠳᠤ᠂ ᠲᠣᠭᠲᠠᠭᠰᠠᠨ | ᠨᠤᠷᠮ᠎ᠠ ᠶᠢᠨ ᠲᠣᠬᠢᠷᠠᠭᠤᠯᠤᠯᠲᠠ ᠬᠢᠪᠡ᠂ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠬᠥᠮᠦᠨ ᠪᠦᠷᠢ ᠰᠠᠷ᠎ᠠ ᠳᠤ | 54 ᠲᠥᠭᠦᠷᠢᠭ ᠨᠡᠮᠡᠭᠳᠡᠭᠦᠯᠪᠡ᠃ ᠬᠤᠶᠠᠷ ᠲᠤ ᠬᠤᠯᠪᠣᠭᠳᠠᠭᠤᠯᠤᠨ ᠲᠣᠬᠢᠷᠠᠭᠤᠯᠪᠠ᠃ ᠨᠢᠭᠡ ᠳᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠬᠢᠷᠢ ᠲᠥᠪᠰᠢᠨ ᠲᠠᠢ ᠬᠤᠯᠪᠣᠭᠳᠠᠭᠤᠯᠤᠨ ᠲᠣᠬᠢᠷᠠᠭᠤᠯᠪᠠ᠃ ᠠᠵᠢᠯ ᠠᠴᠠ ᠪᠠᠨ | ᠪᠠᠭᠤᠵᠤ ᠠᠮᠠᠷᠠᠭᠰᠠᠳ ᠲᠤ ᠲᠣᠰ ᠬᠥᠮᠦᠨ ᠤ 2019 ᠣᠨ ᠤ 12 ᠳ᠋ᠤᠭᠠᠷ ᠰᠠᠷ᠎ᠠ ᠶᠢᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 1.8% ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠨᠡᠮᠡᠭᠳᠡᠭᠦᠯᠪᠡ ︵ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠵᠦᠢᠯᠡᠰ ᠲᠤ ᠣᠷᠣᠭᠤᠯᠤᠭᠰᠠᠨ ᠢᠶᠠᠷ ᠪᠠᠷᠢᠮᠵᠢᠶ᠎ᠠ ᠪᠣᠯᠭᠠᠪᠠ︶᠃ | ᠬᠤᠶᠠᠷ ᠲᠤ ᠰᠦᠢᠳᠬᠡᠯ ᠲᠤᠰᠢᠶᠠᠭᠰᠠᠨ ᠣᠨ ᠵᠢᠯ ᠲᠠᠢ ᠬᠤᠯᠪᠣᠭᠳᠠᠭᠤᠯᠤᠨ ᠲᠣᠬᠢᠷᠠᠭᠤᠯᠪᠠ᠃ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠰᠦᠢᠳᠬᠡᠯ ᠲᠤᠰᠢᠶᠠᠭᠰᠠᠨ ᠣᠨ ᠵᠢᠯ ᠨᠢ ᠪᠦᠬᠦᠯᠢ ᠨᠢᠭᠡ ᠵᠢᠯ ᠪᠣᠯᠬᠤ ᠪᠦᠷᠢ 1 | ᠲᠥᠭᠦᠷᠢᠭ ᠨᠡᠮᠡᠭᠳᠡᠭᠦᠯᠵᠦ ︵ᠰᠦᠢᠳᠬᠡᠯ ᠲᠤᠰᠢᠶᠠᠭᠰᠠᠨ ᠣᠨ ᠵᠢᠯ ᠢ ᠲᠣᠭᠲᠠᠭᠠᠯ ᠶᠣᠰᠣᠭᠠᠷ ᠬᠤᠪᠢ ᠬᠥᠮᠦᠨ ᠤ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠦᠢᠳᠬᠡᠯ ᠤᠨ ᠲᠦᠷᠢᠮ ᠢ ᠬᠡᠷᠡᠭᠵᠢᠭᠦᠯᠬᠦ ᠠᠴᠠ | ᠡᠮᠦᠨᠡᠬᠢ ᠦᠷᠭᠦᠯᠵᠢᠯᠡᠨ ᠠᠵᠢᠯᠯᠠᠭᠰᠠᠨ ᠣᠨ ᠵᠢᠯ ᠢᠶᠠᠷ ᠬᠡᠷᠡᠭᠵᠢᠭᠦᠯᠵᠦ᠂ ᠨᠢᠭᠡ ᠵᠢᠯ ᠪᠣᠯᠤᠭᠠᠳᠤᠶ ᠪᠣᠯ ᠨᠢᠭᠡ | ᠵᠢᠯ ᠢᠶᠠᠷ ᠲᠣᠬᠢᠷᠠᠭᠤᠯᠪᠠ︶᠂ ᠲᠣᠬᠢᠷᠠᠭᠤᠯᠤᠯᠲᠠ ᠬᠢᠭᠰᠡᠨ ᠤ ᠳᠠᠷᠠᠭ᠎ᠠ 15 ᠲᠥᠭᠦᠷᠢᠭ ᠬᠦᠷᠬᠦ ᠦᠭᠡᠢ ᠪᠣᠯ 15 | ᠲᠥᠭᠦᠷᠢᠭ ᠢᠶᠠᠷ ᠲᠣᠬᠢᠷᠠᠭᠤᠯᠪᠠ᠃ ᠭᠤᠷᠪᠠ ᠳᠤ ᠬᠡᠯᠪᠠᠶᠢᠯᠭᠡᠵᠦ ᠲᠣᠬᠢᠷᠠᠭᠤᠯᠤᠨ᠎ᠠ᠃ ᠨᠢᠭᠡ ᠳᠤ ᠦᠨᠳᠦᠷ ᠨᠠᠰᠤᠲᠠᠶ | ᠪᠦᠯᠦᠭᠯᠡᠯ ᠳᠤ ᠬᠡᠯᠪᠠᠶᠢᠯᠭᠡᠨ ᠲᠣᠬᠢᠷᠠᠭᠤᠯᠪᠠ᠃ 2019 ᠣᠨ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠪᠦᠬᠦᠯᠢ 70 ᠨᠠᠰᠤ ᠬᠦᠷᠦᠭᠰᠡᠨ ᠬᠥᠮᠦᠨ ᠪᠦᠷᠢ ᠰᠠᠷ᠎ᠠ ᠳᠤ 30 ᠲᠦᠭᠦᠷᠢᠭ ᠨᠡᠮᠡᠭᠳᠡᠭᠦᠯᠪᠡ︔ ᠪᠦᠬᠦᠯᠢ 70 | ᠨᠠᠰᠤᠨ ᠠᠴᠠ ᠳᠡᠭᠡᠭᠰᠢᠬᠢ 1 ᠨᠠᠰᠤ ᠨᠡᠮᠡᠭᠳᠡᠬᠦ ᠪᠦᠷᠢ ᠳᠠᠬᠢᠭᠠᠳ 3 ᠲᠥᠭᠦᠷᠢᠭ ᠨᠡᠮᠡᠭᠳᠡᠭᠦᠯᠪᠡ᠃ ᠬᠤᠶᠠᠷ ᠲᠤ ᠠᠵᠤ | ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ ᠠᠴᠠ ᠬᠠᠯᠠᠭᠳᠠᠭᠰᠠᠨ ᠺᠠᠳ᠋ᠷ ᠢ ᠳᠡᠭᠡᠷ᠎ᠡ | ᠳᠤᠷᠠᠳᠤᠭᠰᠠᠨ ᠲᠣᠭᠲᠠᠭᠰᠠᠨ ᠨᠣᠷᠮ᠎ᠠ ᠪᠠᠷ ᠲᠣᠬᠢᠷᠠᠭᠤᠯᠬᠤ᠂ ᠬᠤᠯᠪᠣᠭᠳᠠᠭᠤᠯᠤᠨ ᠲᠣᠬᠢᠷᠠᠭᠤᠯᠬᠤ᠂ ᠦᠨᠳᠦᠷ | ᠨᠠᠰᠤᠨ ᠤ ᠪᠦᠯᠦᠭᠯᠡᠯ ᠲᠡᠰᠢ ᠬᠡᠯᠪᠠᠶᠢᠯᠭᠡᠨ ᠲᠣᠬᠢᠷᠠᠭᠤᠯᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠵᠤ | ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠳᠤᠮᠳᠠᠴᠢ ᠠᠰᠠᠷᠠᠮᠵᠢ ᠶᠢᠨ | ᠮᠥᠩᠭᠦ ᠶᠢᠨ ᠬᠢᠷᠢ ᠲᠥᠪᠰᠢᠨ ᠠᠴᠠ ᠳᠣᠤᠷ᠎ᠠ ᠪᠠᠶᠢᠪᠠᠯ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠬᠢᠷᠢ | ᠲᠥᠪᠰᠢᠨ ᠳᠤ ᠬᠦᠷᠲᠡᠯ᠎ᠡ ᠨᠥᠬᠦᠵᠦ ᠣᠯᠭᠤᠪᠠ᠃ | ᠠᠵᠢᠯ ᠠᠴᠠ ᠪᠠᠭᠤᠵᠤ ᠠᠮᠠᠷᠠᠭᠰᠠᠳ ᠲᠤ ᠬᠥᠮᠦᠨ ᠪᠦᠷᠢ ᠰᠠᠷ᠎ᠠ ᠳᠤ 54 ᠲᠥᠭᠦᠷᠢᠭ ᠨᠡᠮᠡᠭᠳᠡᠭᠦᠯᠪᠡ᠃ | ᠠᠵᠢᠯ ᠠᠴᠠ ᠪᠠᠨ ᠵᠣᠭᠰᠣᠭᠰᠠᠨ ᠠᠮᠢᠳᠤᠷᠠᠯ ᠤᠨ ᠰᠦᠢᠳᠬᠡᠯ ᠤᠨ ᠬᠢᠷᠢ ᠲᠥᠪᠰᠢᠨ ᠤ 1.8% ᠪᠠᠷ | ᠠᠵᠢᠯ ᠠᠴᠠ ᠪᠠᠨ ᠪᠠᠭᠤᠭᠰᠠᠨ ᠠᠮᠢᠳᠤᠷᠠᠯ ᠤᠨ ᠵᠠᠷᠤᠳᠠᠯ ᠢ ᠨᠡᠮᠡᠭᠳᠡᠭᠦᠯᠪᠡ︔ ᠰᠦᠢᠳᠬᠡᠯ ᠲᠤᠰᠢᠶᠠᠭᠰᠠᠨ ᠣᠨ ᠵᠢᠯ | ᠨᠢ ᠪᠦᠬᠦᠯᠢ ᠨᠢᠭᠡ ᠵᠢᠯ ᠪᠣᠯᠬᠤ ᠪᠦᠷᠢ 1 ᠲᠥᠭᠦᠷᠢᠭ ᠨᠡᠮᠡᠭᠳᠡᠭᠦᠯᠵᠦ᠂ 15 ᠲᠥᠭᠦᠷᠢᠭ ᠬᠦᠷᠬᠦ ᠦᠭᠡᠢ ᠪᠣᠯ 15 | ᠲᠥᠭᠦᠷᠢᠭ ᠢᠶᠠᠷ ᠲᠣᠬᠢᠷᠠᠭᠤᠯᠪᠠ᠃ ᠥᠨᠳᠥᠷ ᠨᠠᠰᠤᠲᠠᠶ ᠪᠦᠯᠦᠭᠯᠡᠯ ᠪᠣᠯᠤᠨ ᠠᠵᠤ ᠠᠬᠤᠶᠢᠯᠠᠯ ᠤᠨ ᠴᠡᠷᠢᠭ ᠠᠴᠠ | ᠬᠠᠯᠠᠭᠳᠠᠭᠰᠠᠨ ᠺᠠᠳ᠋ᠷ ᠲᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠡᠯᠪᠠᠶᠢᠵᠦ ᠲᠣᠬᠢᠷᠠᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ |