ᠦᠪᠣᠷ ᠵᠠᠰᠠᠭ ᠠᠯᠪᠡᠨ ᠳᠠᠷᠬᠠᠭᠠᠭᠰᠠᠨ〔2020〕7 ᠳ᠋ᠣᠭᠠᠷ ᠲᠣᠭᠠᠳᠣ | | ᠡᠯ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠡᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ | ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ | ᠤᠨ ᠣᠷᠳᠣᠨ ᠢᠶᠠᠷ ᠵᠥᠪᠰᠢᠶᠡᠷᠡᠭᠦᠯᠦᠭᠡᠳ ᠲᠨ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠣᠨ | ᠨᠠᠶᠢᠳᠠᠪᠤᠷᠢᠵᠢᠭᠤᠯᠳᠣᠭᠠᠢ᠃ | 2020 ᠣᠨ ᠤ 4 ᠳ᠋ᠣᠭᠡᠷ ᠰᠠᠷ᠎ᠠ ᠶᠢᠨ 23 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ | ᠲᠥᠷᠥᠯ ᠵᠦᠶᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ | ᠲᠠᠢ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠣ᠂ ᠪᠡᠯᠡ ᠣᠷᠣᠭᠤᠯᠤᠯᠲᠠ ᠶᠢᠨ ᠡᠵᠡᠮᠳᠡᠭᠦ ᠲᠣᠭᠲᠠᠴᠠ ᠶᠢ ᠪᠠᠶᠢᠭᠤᠯᠣᠨ᠂ ᠲᠥᠷᠥᠯ | ᠵᠦᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠣᠰᠠᠳᠠ᠂ ︽ᠪᠠᠯᠠ ᠣᠷᠣᠭᠤᠯᠵᠤ ᠪᠠᠯᠠ | ᠳᠣᠭᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠣᠮᠳᠠᠳᠣ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ︵ᠲᠦᠪ ᠲᠠᠷᠬᠠᠭᠠᠭᠰᠠᠨ ︹ 2016 ︺ 18 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠪᠠᠯᠠ ᠣᠷᠣᠭᠤᠯᠣᠯᠳᠠ | ᠶᠢᠨ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 712 ᠳ᠋ᠤᠭᠠᠷ ᠲᠣᠭᠠᠲᠤ︶᠂ ︽ᠪᠠᠷᠢᠯᠭ᠎ᠠ ᠶᠢᠨ ᠦᠶᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2017﹈ 19 | ᠳ᠋ᠣᠭᠡᠷ ᠲᠣᠭᠠᠲᠤ︶᠂ ︽ᠦᠨᠳᠣᠰᠣᠨ ᠪᠦᠳᠣᠭᠡᠨ ᠪᠠᠶᠢᠭᠤᠯᠣᠯᠳᠠ ᠶᠢᠨ ᠡᠳ᠋ ᠤᠨ ᠶᠠᠪᠣᠳᠠᠯ ᠤᠨ ᠵᠢᠷᠤᠮᠯᠡᠯ︾ ︵ᠡᠳ᠋ ᠤᠨ ᠵᠠᠰᠠᠭ ᠤᠨ ᠶᠠᠮᠤᠨ ᠤ ᠵᠠᠷᠯᠢᠭ 81 ᠳ᠋ᠣᠭᠡᠷ | ᠲᠣᠭᠠᠳᠣ︶᠂ ᠡᠳ᠋ ᠤᠨ ᠵᠠᠰᠠᠭ ᠤᠨ ᠶᠠᠮᠣᠨ ᠤ ︽︿ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠥᠪᠡᠷ ᠤᠨ | ᠥᠷᠲᠡᠭ ᠤᠨ ᠬᠠᠮᠢᠶᠠᠷᠤᠯᠲᠠ ᠶᠢᠨ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ ᠪᠠᠶᠢᠭᠤᠯᠣᠯᠳᠠ ﹇2016﹈ 504 ᠳ᠋ᠣᠭᠡᠷ ᠲᠣᠭᠠᠲᠤ︶ | ᠂ ︽ᠪᠠᠯᠠ ᠣᠷᠣᠭᠤᠯᠵᠤ ᠪᠠᠯᠠ ᠳᠣᠭᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠩᠵᠢᠭᠦᠯᠭᠦ ᠰᠠᠨᠠᠯ︾ ︵ᠦᠪᠣᠷ ᠨᠠᠮ | ᠳᠠᠷᠬᠠᠭᠠᠭᠰᠠᠨ〔2017﹈ 11 ᠳ᠋ᠣᠭᠡᠷ ᠲᠣᠭᠠᠳᠣ︶ ᠵᠡᠷᠭᠡ ᠬᠠᠣᠯᠢ ᠲᠣᠭᠳᠠᠭᠠᠯ᠂ ᠲᠣᠭᠳᠠᠭᠠᠯ ᠲᠦᠷᠢᠮ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠣᠰᠣᠯᠡᠵᠣ᠂ ᠦᠪᠡᠷᠳᠡᠭᠡᠨ ᠵᠠᠰᠠᠬᠤ ᠣᠷᠣᠨ ᠤ ᠪᠣᠳᠠᠳᠠᠢ ᠲᠠᠢ ᠣᠶᠠᠯᠳᠣᠭᠤᠯᠣᠨ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠣᠷᠣᠯᠠᠨ ᠪᠠᠶᠢᠭᠤᠯᠬᠤ ᠳᠦᠷᠢᠮ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ | ᠤᠨ ᠣᠷᠳᠣᠨ ᠤ ᠪᠠᠶᠢᠭᠤᠯᠤᠭᠰᠠᠨ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠬᠤ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠣᠷᠳᠣᠨ ᠤ ᠪᠡᠯᠨ | ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠳᠤ ᠲᠥᠪᠯᠡᠷᠡᠭᠦᠯᠦᠨ ᠪᠦᠲᠦᠭᠡᠨ ᠪᠠᠶᠢᠭᠤᠯᠵᠣ ᠬᠠᠮᠢᠶᠠᠷᠬᠤ ᠶᠢ ᠬᠡᠷᠡᠭᠵᠢᠭᠦᠯᠵᠦ᠂ | ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ ᠵᠡᠷᠭᠡ ᠳᠠᠭᠠᠭᠠᠴᠢᠯᠠᠯᠲᠠ ᠵᠠᠷᠯᠠᠬᠤ ᠠᠵᠢᠯ ᠢ ᠵᠣᠬᠢᠶᠠᠨ ᠪᠠᠶᠢᠭᠤᠯᠣᠨ᠂ | ᠲᠥᠷᠥᠯ ᠵᠦᠶᠯ ᠤᠨ ᠪᠡᠯᠡ ᠣᠷᠣᠭᠤᠯᠤᠯᠲᠠ᠂ ᠶᠠᠰᠤ ᠴᠢᠨᠠᠷ᠂ ᠠᠮᠣᠷ ᠲᠦᠪᠰᠢᠨ ᠪᠠ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠡᠵᠡᠮᠳᠠᠵᠣ᠂ ᠲᠥᠷᠥᠯ ᠵᠦᠶᠯ ᠤᠨ | ᠪᠠᠷᠢᠯᠭ᠎ᠠ ᠳᠠᠭᠤᠰᠣᠭᠰᠠᠨ ᠢ ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠬᠡᠷᠡᠭᠯᠡᠬᠦ ᠨᠢᠭᠡᠴᠢ ᠳᠤ ᠨᠢ ᠰᠢᠯᠵᠢᠭᠦᠯᠦᠨ ᠥᠭᠬᠦ ᠳᠦᠷᠢᠮ ᠢ ᠵᠢᠭᠠᠵᠣ | ᠪᠣᠢ᠃ | ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠬᠤ ᠪᠠᠶᠢᠭᠤᠯᠤᠮᠵᠢ ᠨᠢ ᠲᠥᠷᠥᠯ ᠵᠦᠢᠯ ᠤᠨ ᠪᠣᠳᠠᠳᠠᠢ ᠪᠠᠶᠢᠳᠠᠯ ᠢ | ᠦᠨᠳᠦᠰᠦᠯᠡᠨ᠂ ᠣᠷᠣᠯᠠᠨ ᠪᠠᠶᠢᠭᠤᠯᠬᠤ ᠨᠢᠭᠡᠴᠢ ᠪᠣᠯᠣᠭᠰᠠᠨ ᠤ ᠬᠤᠪᠢ ᠳᠤ ᠰᠢᠭᠤᠳ ᠣᠷᠣᠯᠠᠨ ᠪᠠᠶᠢᠭᠤᠯᠬᠤ ᠪᠣᠶᠣ ᠠᠵᠣ ᠠᠬᠤᠶᠢᠯᠠᠯ ᠳᠤ ᠨᠠᠶᠢᠳᠠᠵᠤ ᠪᠠᠶᠢᠭᠠᠳ | ᠣᠷᠣᠯᠠᠨ ᠪᠠᠶᠢᠭᠤᠯᠬᠤ ᠨᠢᠭᠡᠴᠢ ᠪᠣᠯᠭᠠᠨ ᠨᠠᠶᠢᠳᠠᠵᠦᠣᠷᠣᠯᠠᠨ ᠪᠠᠶᠢᠭᠤᠯᠬᠤ ᠵᠠᠭᠪᠤᠷ ᠢ ᠬᠡᠷᠩᠯᠡᠵᠣ ᠲᠥᠷᠥᠯ ᠵᠦᠶᠯ ᠤᠨ ᠪᠦᠲᠦᠭᠡᠨ ᠪᠠᠶᠢᠭᠤᠯᠣᠯᠳᠠ ᠶᠢ ᠬᠠᠮᠢᠶᠠᠷᠣᠨ᠎ᠠ᠃ | ᠭᠤᠷᠪᠠᠳᠤᠭᠠᠷ ᠵᠦᠢᠯ ᠳᠣᠣᠷ᠎ᠠ ᠵᠢᠭᠰᠠᠭᠠᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠳᠠ ᠲᠠᠢ | ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠳᠤ᠂ ᠶᠡᠷᠦᠩᠬᠡᠶ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ︵ᠭᠠᠵᠠᠷ ᠰᠢᠷᠣᠶ ᠲᠠᠲᠠᠪᠤᠷᠢᠯᠠᠬᠤ᠂ ᠭᠡᠷ | ᠪᠠᠶᠢᠰᠢᠩ ᠲᠠᠲᠠᠪᠤᠷᠢᠯᠠᠬᠰᠠᠨ ᠲᠦᠯᠪᠣᠷᠢ ᠶᠢᠨ ᠰᠦᠶᠳᠬᠡᠯ ᠢ ᠪᠠᠭᠲᠠᠭᠠᠬᠤ ᠦᠭᠡᠢ︶ ᠠᠴᠠ ᠳᠡᠭᠡᠭᠰᠢ ᠪᠠᠶᠢᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ ᠶᠡᠷᠦᠩᠬᠡᠶ ᠪᠡᠯᠡ ᠣᠷᠣᠭᠤᠯᠤᠯᠲᠠ ᠶᠢᠨ 50% ᠠᠴᠠ ᠳᠡᠭᠡᠭᠰᠢᠬᠢ ᠶᠢ ᠡᠵᠡᠯᠡᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠳᠤ ᠵᠠᠷᠴᠢᠮ ᠳᠡᠭᠡᠷ᠎ᠡ ᠪᠠᠨ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠦᠨ᠎ᠡ᠃ ᠤᠯᠤᠰ ᠤᠨ ᠠᠮᠤᠷ ᠲᠦᠪᠰᠢᠨ᠂ | ᠨᠢᠭᠤᠴᠠ ᠶᠢ ᠬᠠᠮᠠᠭᠠᠯᠠᠬᠤ᠂ ᠠᠶᠤᠯ ᠪᠠ ᠭᠠᠮᠰᠢᠭ ᠠᠴᠠ ᠠᠪᠤᠷᠠᠬᠤ ᠳᠤ ᠬᠤᠯᠪᠣᠭᠳᠠᠬᠤ ᠵᠦᠢᠯᠡᠰ ᠨᠢ ᠡᠭᠦᠨ ᠳᠤ ᠪᠠᠭᠲᠠᠬᠤ ᠦᠭᠡᠢ᠃ | ︵ᠨᠢᠭᠡ︶ ᠨᠠᠮ ᠵᠠᠰᠠᠭ ᠤᠨ ᠪᠠᠶᠢᠭᠤᠯᠭ᠎ᠠ ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠨ ᠲᠠᠰᠤᠯᠬᠤ᠂ ᠪᠠᠶᠢᠴᠠᠭᠠᠬᠤ ᠵᠢᠴᠢ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ ᠪᠠᠭᠲᠠᠨ᠎ᠠ︶ | ᠵᠢᠴᠢ ᠳᠡᠳᠡᠭᠡᠷ ᠤᠨ ᠲᠣᠮᠢᠯᠠᠭᠰᠠᠨ ᠪᠠᠶᠢᠭᠤᠯᠤᠮᠵᠢ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ ᠤᠨ ᠠᠵᠢᠯᠯᠠᠬᠤ᠂ ᠲᠤᠬᠠᠶᠢᠯᠠᠭᠰᠠᠨ | ᠠᠵᠢᠯ ᠪᠠ ᠪᠤᠯᠪᠠᠰᠤᠷᠠᠯ ᠡᠷᠬᠢᠯᠡᠬᠦ ᠳᠤ ᠬᠡᠷᠡᠭᠯᠡᠬᠦ ᠭᠡᠷ ᠪᠠᠶᠢᠰᠢᠩ ᠵᠡᠷᠭᠡ ᠲᠥᠷᠥᠯ ᠵᠦᠶᠯ᠃ | ︵ᠬᠤᠶᠠᠷ︶ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠠ ᠶᠢᠨ ᠲᠠᠮᠢᠷ᠂ ᠠᠷᠠᠳ ᠤᠨ ᠶᠠᠪᠤᠳᠠᠯ ᠵᠢᠴᠢ | ᠨᠡᠶᠢᠭᠡᠮ ᠤᠨ ᠠᠰᠠᠷᠠᠮᠵᠢ ᠵᠡᠷᠭᠡ ᠲᠥᠷᠥᠯ ᠵᠦᠶᠯ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠲᠥᠷᠥᠯ ᠵᠦᠢᠯ᠃ | ᠶᠡᠷᠦᠩᠬᠡᠶ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠣᠷᠣᠭᠰᠢ ᠪᠠᠶᠢᠬᠤ ᠪᠣᠶᠣ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ ᠪᠦᠬᠦ ᠪᠡᠯᠡ ᠣᠷᠣᠭᠤᠯᠤᠯᠲᠠ ᠶᠢᠨ 50% ᠠᠴᠠ ᠳᠣᠷᠣᠭᠰᠢ ᠪᠠᠶᠢᠬᠤ᠂ ᠡᠰᠡᠬᠦᠯ᠎ᠡ ᠬᠡᠷᠡᠭᠯᠡᠬᠦ ᠨᠢᠭᠡᠴᠢ ᠨᠢ ᠵᠢᠯ | ᠲᠤᠷᠰᠢ ᠦᠨᠳᠣᠰᠣᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠶᠢᠬᠤ ᠦᠭᠡᠢ᠂ ᠲᠤᠰᠬᠠᠶ ᠬᠠᠮᠢᠶᠠᠷᠤᠯᠲᠠ ᠶᠢᠨ ᠬᠦᠴᠦᠨ ᠦᠭᠡᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠳᠤ ᠪᠠᠰᠨ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠵᠣ ᠪᠣᠯᠤᠨ᠎ᠠ᠃ | ᠳᠥᠷᠪᠡᠳᠦᠭᠡᠷ ᠵᠦᠶᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠳᠠ ᠳᠤ ᠭᠤᠤᠯ ᠪᠠᠭᠳᠠᠬᠤ ᠵᠦᠢᠯ᠄ | ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠲᠤ ᠲᠣᠬᠢᠷᠠᠭᠤᠯᠤᠭᠰᠠᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠬᠤ ᠪᠡᠯᠡ | ᠮᠥᠩᠭᠦ ᠪᠠ ᠪᠤᠰᠤᠳ ᠲᠤᠰᠬᠠᠶ ᠪᠦᠳᠦᠭᠡᠨ ᠪᠠᠶᠢᠭᠤᠯᠬᠤ ᠪᠡᠯᠡ ᠮᠥᠩᠭᠦ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦᠨ ᠤ ᠲᠥᠰᠦᠪ ᠲᠤ ᠲᠣᠬᠢᠷᠠᠭᠤᠯᠤᠭᠰᠠᠨ ᠪᠦᠲᠦᠭᠡᠨ ᠪᠠᠶᠢᠭᠤᠯᠬᠤ ᠪᠡᠯᠡ ᠮᠥᠩᠭᠦ᠃ | ︵ᠭᠤᠷᠪᠠ︶ ᠵᠠᠰᠠᠭ ᠤᠨ ᠣᠷᠳᠣᠨ ᠤ ᠬᠠᠤᠯᠢ ᠶᠣᠰᠣᠭᠠᠷ ᠵᠢᠭᠡᠯᠡᠯᠭᠡ ᠵᠢᠭᠡᠯᠡᠵᠦ ᠣᠯᠤᠭᠰᠠᠨ ᠪᠦᠲᠦᠭᠡᠨ ᠪᠠᠶᠢᠭᠤᠯᠬᠤ ᠪᠡᠯᠡ ᠮᠥᠩᠭᠦ᠃ | ︵ᠲᠦᠷᠪᠡ︶ ᠤᠯᠤᠰ ᠤᠨ ᠥᠮᠴᠢᠯᠡᠯᠳᠣ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢᠶᠠᠷ ᠲᠣᠬᠢᠷᠠᠭᠤᠯᠤᠭᠰᠠᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ | ᠲᠦᠷᠣᠯ ᠵᠦᠢᠯ ᠤᠨ ᠪᠡᠯᠡ ᠮᠥᠩᠭᠦ᠃ | ︵ᠲᠠᠪᠤ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠶᠯᠡᠰ ᠤᠨ ᠨᠢᠭᠡᠴᠢ ᠶᠢᠨ ᠥᠪᠡᠷ ᠤᠨ ᠬᠢᠨ ᠪᠡᠯᠡ ᠮᠥᠩᠭᠦ ᠵᠡᠷᠭᠡ ᠡᠳ᠋ ᠤᠨ ᠵᠠᠰᠠᠭ ᠤᠨ ᠴᠢᠨᠠᠷᠲᠠᠶ | ᠪᠤᠰᠤᠳ ᠪᠡᠯᠡ ᠮᠥᠩᠭᠦ᠃ | ᠲᠠᠪᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ | ᠴᠢᠨᠠᠷᠲᠠᠶ ᠲᠥᠷᠥᠯ ᠵᠦᠶᠯ ᠢ ᠣᠷᠣᠯᠠᠨ ᠪᠠᠶᠢᠭᠤᠯᠬᠤ ᠨᠢᠭᠡᠴᠢ ᠨᠢ ᠲᠥᠷᠥᠯ ᠵᠦᠶᠯ ᠳᠤ ︽ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠤᠨ | ᠬᠢᠨᠠᠨ ᠪᠠᠶᠢᠴᠠᠭᠠᠣᠨ ᠬᠢᠷᠢ ᠲᠡᠩᠴᠡᠭᠰᠡᠨ ᠪᠢᠴᠢᠭ︾ ᠢ ᠣᠯᠤᠭᠰᠠᠨ ᠴᠠᠭ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠨ ᠠᠪᠴᠤ ᠪᠦᠷᠢᠳᠬᠡᠨ ᠳᠠᠩᠰᠠᠯᠠᠬᠤ | ᠬᠦᠷᠲᠡᠯᠡᠬᠢ ᠪᠦᠲᠦᠭᠡᠨ ᠪᠠᠶᠢᠭᠤᠯᠬᠤ ᠶᠠᠪᠤᠴᠠ ᠶᠢ ᠣᠷᠣᠯᠠᠨ ᠪᠠᠶᠢᠭᠤᠯᠵᠣ ᠬᠠᠮᠢᠶᠠᠷᠣᠨ᠎ᠠ᠃ | ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠠ ᠶᠢᠨ ᠲᠢᠩᠬᠢᠮ ᠨᠢ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠠᠯᠳᠠ ᠶᠢᠨ ᠪᠤᠰᠤ ᠴᠢᠨᠠᠷᠲᠠᠶ ᠲᠥᠷᠥᠯ ᠵᠦᠶᠯ ᠤᠨ | ᠣᠷᠣᠯᠠᠨ ᠪᠠᠶᠢᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠣᠷᠣᠯᠠᠨ ᠪᠠᠶᠢᠭᠤᠯᠬᠤ ᠠᠵᠢᠯ ᠢ ᠵᠢᠭᠠᠨ ᠵᠢᠯᠣᠭᠤᠳᠬᠤ᠂ | ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠠᠵᠢᠯ ᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠣ ᠣᠷᠣᠯᠠᠨ ᠪᠠᠶᠢᠭᠤᠯᠬᠤ | ᠠᠵᠢᠯ ᠤᠨ ᠲᠦᠭᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ | ᠲᠠᠢ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠨᠢᠭᠡᠴᠢ ᠶᠢᠨ ᠨᠠᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠭᠦ ᠶᠢᠨ ᠬᠠᠮᠳᠣ᠂ ᠬᠥᠳᠡᠯᠦᠩᠭᠦᠶ ᠬᠠᠮᠢᠶᠠᠷᠤᠯᠳᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ | ᠡᠭᠦᠷᠭᠡ ᠴᠢᠳᠠᠪᠣᠷᠢ ᠡᠭᠦᠷᠭᠡ ᠬᠠᠷᠢᠭᠤᠴᠠᠯᠭ᠎ᠠ ᠪᠠᠷ ᠢᠶᠠᠨ ᠲᠥᠷᠥᠯ ᠵᠦᠶᠯ ᠤᠨ ᠣᠷᠣᠯᠠᠨ ᠪᠠᠶᠢᠭᠤᠯᠬᠤ ᠶᠠᠪᠤᠴᠠ ᠳᠠᠬᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠣ᠂ | ᠣᠷᠣᠯᠠᠨ ᠪᠠᠶᠢᠭᠤᠯᠬᠤ ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠪᠠ ᠴᠢᠬᠤᠯᠨ ᠵᠦᠶᠯᠡᠰ ᠢ ᠵᠣᠬᠢᠴᠠᠭᠤᠯᠤᠨ ᠰᠢᠶᠳᠪᠦᠷᠢᠯᠡᠨ᠎ᠠ᠃ | ᠳᠣᠯᠣᠳᠤᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠳᠤ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ ᠪᠦᠬᠦ ᠶᠠᠪᠤᠴᠠ ᠪᠠᠷ | ᠪᠠᠷᠢᠯᠭ᠎ᠠ ᠶᠢᠨ ᠠᠰᠠᠭᠤᠨ ᠯᠠᠪᠯᠠᠬᠤ ᠦᠶᠯᠡᠴᠢᠯᠡᠭᠡ ᠵᠡᠷᠭᠡ ᠠᠷᠭ᠎ᠠ ᠮᠠᠶ᠋ᠢᠭ ᠢ ᠬᠡᠷᠡᠭᠯᠡᠨ ᠪᠠᠶᠢᠭᠤᠯᠵᠤ᠂ ᠤᠭᠰᠠᠷᠠᠨ ᠲᠣᠬᠢᠷᠠᠭᠤᠯᠬᠤ ᠬᠡᠯᠪᠡᠷᠢ᠂ ᠪᠠᠷᠢᠯᠭ᠎ᠠ ᠶᠢᠨ ᠮᠡᠳᠡᠭᠡ | ᠵᠠᠩᠭᠢ ᠶᠢᠨ ᠵᠠᠭᠪᠤᠷ ︵BIM︶ ᠵᠡᠷᠭᠡ ᠮᠡᠷᠭᠡᠵᠢᠯ ᠢ ᠡᠩ ᠳᠡᠷᠢᠭᠦᠨ ᠳᠤ ᠬᠡᠷᠡᠭᠯᠡᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ ᠪᠠ ᠠᠵᠢᠯᠯᠠᠵᠣ ᠪᠠᠳᠣᠯᠠᠨ᠂ ᠵᠣᠬᠢᠬᠤ | ᠵᠠᠷᠤᠳᠠᠯ ᠢ ᠨᠢ ᠲᠥᠷᠥᠯ ᠵᠦᠶᠯ ᠤᠨ ᠪᠡᠯᠡ ᠣᠷᠣᠭᠤᠯᠬᠤ ᠵᠢᠱᠢᠭᠰᠡᠨ ᠲᠦᠰᠣᠪ ᠪᠠ ᠲᠦᠢᠮᠣ ᠲᠦᠰᠣᠪ ᠲᠤ ᠣᠷᠣᠭᠤᠯᠣᠨ᠎ᠠ᠃ | ᠣᠷᠣᠯᠠᠨ ᠪᠠᠶᠢᠭᠤᠯᠬᠤ ᠲᠥᠷᠥᠯ ᠵᠦᠶᠯ ᠳᠤ ᠲᠡᠷᠢᠭᠦᠨ ᠤ ᠮᠡᠷᠭᠡᠵᠢᠯ᠂ ᠲᠡᠷᠢᠭᠦᠨ ᠤ ᠲᠥᠬᠦᠭᠡᠷᠦᠮᠵᠢ᠂ ᠲᠡᠷᠢᠭᠦᠨ ᠤ ᠭᠠᠷ ᠤᠷᠠᠯᠠᠯ᠂ ᠰᠢᠨ᠎ᠡ ᠮᠠᠶ᠋ᠢᠭ ᠤᠨ | ᠪᠠᠷᠢᠯᠭ᠎ᠠ ᠶᠢᠨ ᠮᠠᠲ᠋ᠧᠷᠢᠶᠠᠯ ᠪᠠ ᠣᠳᠣ ᠦᠶ᠎ᠡ ᠶᠢᠨ ᠬᠠᠮᠢᠶᠠᠷᠤᠯᠲᠠ ᠶᠢᠨ ᠠᠷᠭ᠎ᠠ ᠬᠡᠷᠡᠭᠯᠡᠬᠦ ᠶᠢ ᠰᠠᠨᠠᠭᠠᠴᠢᠯᠠᠵᠣ᠂ ᠵᠢᠷᠤᠵᠣ ᠲᠦᠯᠣᠪᠯᠡᠭᠦ᠂ ᠪᠠᠶᠢᠭᠤᠯᠬᠤ ᠵᠢᠴᠢ ᠠᠵᠢᠯᠯᠠᠵᠣ | ᠪᠠᠲᠤᠯᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠭᠦ ᠪᠠᠷ ᠪᠠᠷᠢᠯᠭ᠎ᠠ ᠶᠢᠨ ᠪᠡᠯᠡ ᠣᠷᠣᠭᠤᠯᠤᠯᠲᠠ ᠶᠢ ᠠᠷᠪᠢᠯᠠᠬᠤ᠂ | ᠪᠠᠷᠢᠯᠭ᠎ᠠ ᠶᠢᠨ ᠬᠤᠭᠤᠴᠠᠭ᠎ᠠ ᠶᠢ ᠵᠣᠬᠢᠰᠲᠠᠶ ᠪᠠᠷ ᠪᠣᠭᠤᠨᠢᠰᠬᠠᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠬᠠᠷᠠᠯᠲᠠ ᠪᠠᠨ ᠪᠡᠶᠡᠯᠡᠭᠦᠯᠦᠨ᠎ᠡ᠃ | | ᠬᠤᠶᠠᠳᠤᠭᠠᠷ ᠪᠦᠯᠦᠭ ᠣᠷᠣᠯᠠᠨ ᠪᠠᠶᠢᠭᠤᠯᠬᠤ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ | | ᠨᠠᠢᠮᠠᠳᠣᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠤᠯ ᠡᠭᠦᠷᠭᠡ | ᠬᠠᠷᠢᠭᠤᠴᠠᠯᠭ᠎ᠠ ᠳᠤ ᠪᠠᠭᠳᠠᠬᠤ ᠵᠦᠢᠯ᠄ | ︵ᠨᠢᠭᠡ︶ ᠣᠷᠣᠯᠠᠨ ᠪᠠᠶᠢᠭᠤᠯᠬᠤ ᠲᠥᠷᠥᠯ ᠵᠦᠶᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ᠂ ᠪᠡᠯᠡ ᠣᠷᠣᠭᠤᠯᠣᠯᠳᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠡᠯᠡ ᠣᠷᠣᠭᠤᠯᠬᠤ ᠲᠦᠢᠮᠣ ᠲᠦᠰᠣᠪ ᠢ ᠴᠢᠩᠭ᠎ᠠ ᠡᠵᠡᠮᠳᠠᠨᠠ᠃ | ︵ᠬᠤᠶᠠᠷ︶ ᠲᠥᠷᠥᠯ ᠵᠦᠶᠯ ᠤᠨ ᠪᠣᠳᠠᠳᠠᠢ ᠶᠢ ᠦᠨᠳᠦᠰᠦᠯᠡᠨ᠂ ᠰᠢᠭᠤᠳ ᠣᠷᠣᠯᠠᠨ ᠪᠠᠶᠢᠭᠤᠯᠬᠤ ᠪᠣᠶᠣ ᠨᠠᠶᠢᠳᠠᠵᠣ ᠣᠷᠣᠯᠠᠨ ᠪᠠᠶᠢᠭᠤᠯᠬᠤ ᠵᠠᠭᠪᠤᠷ ᠤᠨ | ᠠᠯᠢ ᠶᠢ ᠨᠢ ᠬᠡᠷᠡᠭᠯᠡᠬᠦ ᠪᠠᠨ ᠲᠣᠭᠲᠠᠭᠠᠨ᠎ᠠ᠃ | ︵ᠭᠤᠷᠪᠠ︶ ᠰᠢᠭᠤᠳ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠲᠣᠰ ᠠᠷᠭ᠎ᠠ ᠶᠢᠨ ᠠᠷᠪᠠᠳᠤᠭᠠᠷ ᠵᠦᠶᠯ ᠳᠤ ᠲᠣᠭᠳᠠᠭᠠᠭᠰᠠᠨ ᠣᠷᠣᠯᠠᠨ | ᠪᠠᠶᠢᠭᠤᠯᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠨᠠᠶᠢᠳᠠᠵᠤ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠣᠷᠣᠯᠠᠨ ᠪᠠᠶᠢᠭᠤᠯᠬᠤ ᠠᠵᠤ | ᠠᠬᠤᠶᠢᠯᠠᠯ ᠢ ᠰᠣᠩᠭᠤᠨ ᠲᠣᠭᠲᠠᠭᠠᠬᠤ ᠶᠢᠨ ᠬᠠᠮᠲᠤ᠂ ᠣᠷᠣᠯᠠᠨ ᠪᠠᠶᠢᠭᠤᠯᠬᠤ ᠠᠵᠤ ᠠᠬᠤᠶᠢᠯᠠᠯ ᠯᠤᠭ᠎ᠠ ᠨᠠᠶᠢᠳᠠᠵᠣ ᠣᠷᠣᠯᠠᠨ ᠪᠠᠶᠢᠭᠤᠯᠬᠤ ᠭᠡᠷ᠎ᠡ ᠲᠣᠭᠲᠠᠵᠤ᠂ ᠬᠤᠶᠠᠷ | ᠳᠠᠯ᠎ᠠ ᠶᠢᠨ ᠬᠢᠨ ᠤ ᠡᠷᠬᠡ ᠠᠰᠢᠭ ᠪᠠ ᠡᠭᠦᠷᠭᠡ ᠶᠢ ᠲᠣᠳᠣᠷᠬᠠᠶᠢᠯᠠᠨ᠎ᠠ᠃ | ︵ᠲᠠᠪᠤ︶ ᠣᠷᠣᠯᠠᠨ ᠪᠠᠶᠢᠭᠤᠯᠬᠤ ᠠᠵᠤ ᠠᠬᠤᠶᠢᠯᠠᠯ᠂ ᠬᠡᠷᠡᠭᠯᠡᠬᠦ ᠨᠢᠭᠡᠴᠢ ᠵᠢᠴᠢ ᠣᠷᠣᠯᠠᠨ ᠪᠠᠶᠢᠭᠤᠯᠬᠤ ᠲᠥᠷᠥᠯ ᠵᠦᠶᠯ ᠯᠦᠭᠡ ᠬᠤᠯᠪᠣᠭᠳᠠᠬᠤ ᠡᠯ᠎ᠡ ᠰᠠᠯᠠᠭ᠎ᠠ | ᠮᠥᠴᠢᠷ ᠤᠨ ᠬᠠᠷᠢᠴᠠᠭ᠎ᠠ ᠶᠢ ᠵᠣᠬᠢᠴᠠᠭᠤᠯᠤᠨ᠎ᠠ᠃ | ︵ᠵᠢᠷᠭᠤᠭ᠎ᠠ︶ ᠲᠥᠷᠥᠯ ᠵᠦᠶᠯ ᠳᠤ ︽ᠪᠠᠷᠢᠯᠭ᠎ᠠ ᠶᠢᠨ ᠵᠢᠷᠤᠭ ᠢ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠪᠢᠴᠢᠭ︾ ᠣᠯᠬᠤ ᠠᠴᠠ ᠡᠮᠦᠨᠡᠬᠢ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃ | ︵ᠳᠣᠯᠤᠭ᠎ᠠ︶ ᠲᠣᠭᠲᠠᠭᠠᠯ ᠠᠴᠠ ᠵᠥᠷᠢᠴᠡᠭᠰᠡᠨ᠂ ᠭᠡᠷ᠎ᠡ ᠠᠴᠠ ᠵᠥᠷᠢᠴᠡᠭᠰᠡᠨ ᠬᠤᠯᠪᠣᠭᠳᠠᠯ ᠪᠦᠭᠦᠢ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ᠂ | ᠵᠠᠯᠠᠷᠠᠭᠤᠯᠬᠤ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠰᠶᠢᠳᠪᠦᠷᠢᠯᠡᠬᠦᠯᠬᠦ ᠪᠠᠷ ᠳᠡᠪᠰᠢᠭᠦᠯᠣᠨᠠ᠃ | ︵ᠨᠠᠢᠮᠨ︶ ᠣᠷᠣᠯᠠᠨ ᠪᠠᠶᠢᠭᠤᠯᠬᠤ ᠲᠥᠷᠥᠯ ᠵᠦᠶᠯ ᠢ ᠰᠢᠯᠵᠢᠭᠦᠯᠦᠨ ᠲᠤᠰᠢᠶᠠᠬᠤ ᠶᠢ ᠵᠣᠬᠢᠶᠠᠨ | ᠪᠠᠶᠢᠭᠤᠯᠤᠨ᠎ᠠ᠃ | ᠶᠢᠰᠦᠳᠦᠭᠡᠷ ᠵᠦᠶᠯ ᠬᠡᠷᠡᠭᠯᠡᠬᠦ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ ᠳᠤ ᠪᠠᠭᠳᠠᠬᠤ ᠵᠦᠢᠯ᠄ | ︵ᠨᠢᠭᠡ︶ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠭᠤᠶᠣᠴᠢᠯᠠᠨ ᠮᠡᠳᠡᠭᠦᠯᠦᠨ᠎ᠡ᠂ ᠲᠥᠷᠥᠯ ᠵᠦᠶᠯ ᠤᠨ | ᠰᠠᠨᠠᠭᠤᠯᠭ᠎ᠠ ᠶᠢᠨ ᠪᠢᠴᠢᠭ ᠲᠤ ᠵᠥᠪᠰᠢᠶᠡᠷᠡᠭᠰᠡᠨ ᠪᠦᠲᠦᠭᠡᠨ ᠪᠠᠶᠢᠭᠤᠯᠬᠤ ᠰᠢᠨᠵᠢ ᠴᠢᠨᠠᠷ᠂ ᠪᠦᠲᠦᠭᠡᠨ ᠪᠠᠶᠢᠭᠤᠯᠬᠤ ᠬᠡᠪᠴᠢᠶ᠎ᠡ ᠪᠠ ᠶᠡᠷᠦᠩᠬᠡᠶ ᠪᠡᠯᠡ ᠣᠷᠣᠭᠤᠯᠬᠤ | ᠲᠤᠭ᠎ᠠ ᠬᠡᠮᠵᠢᠶ᠎ᠡ ᠶᠢ ᠦᠨᠳᠦᠰᠦᠯᠡᠨ᠂ ᠲᠥᠷᠥᠯ ᠵᠦᠶᠯ ᠤᠨ ᠬᠡᠷᠡᠭᠯᠡᠬᠦ ᠴᠢᠳᠠᠮᠵᠢ ᠶᠢᠨ ᠲᠣᠬᠢᠷᠠᠭᠤᠯᠤᠯᠲᠠ ︵ᠲᠦᠷᠣᠯ ᠵᠦᠶᠯ ᠤᠨ ᠡᠯ᠎ᠡ ᠲᠤᠰᠬᠠᠶ ᠮᠡᠷᠭᠡᠵᠢᠯ ᠤᠨ | ᠪᠠᠷᠢᠯᠭ᠎ᠠ ᠪᠠᠭᠲᠠᠨ᠎ᠠ︶᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠪᠡᠯᠡ ᠣᠷᠣᠭᠤᠯᠬᠤ ᠰᠠᠨᠠᠭᠤᠯᠭ᠎ᠠ ᠶᠢ ᠳᠤᠷᠠᠳᠣᠨ᠎ᠠ᠃ | ︵ᠬᠤᠶᠠᠷ︶ ᠪᠣᠯᠤᠮᠵᠢᠳᠣ ᠰᠤᠳᠤᠯᠣᠯ ᠤᠨ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠣᠨ᠎ᠠ᠃ | ︵ᠭᠤᠷᠪᠠ︶ ᠲᠥᠷᠥᠯ ᠵᠦᠶᠯ ᠤᠨ ᠪᠣᠯᠤᠮᠵᠢᠳᠣ ᠰᠤᠳᠤᠯᠤᠯ ᠤᠨ ᠮᠡᠳᠡᠭᠦᠯᠦᠯᠲᠡ ᠶᠢᠨ ᠬᠢᠨᠠᠨ ᠵᠥᠪᠰᠢᠶᠡᠷᠡᠬᠦ ᠭᠠᠷᠳᠠᠮ ᠢ ᠭᠦᠶᠴᠡᠳᠬᠡᠨᠠ᠂ ᠬᠢᠨᠠᠨ ᠵᠥᠪᠰᠢᠶᠡᠷᠡᠬᠦ | ᠮᠠᠲ᠋ᠧᠷᠢᠶᠠᠯ ᠳᠤ᠄ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ ᠤᠨ ᠭᠤᠶᠤᠴᠢᠯᠠᠬᠤ ᠪᠢᠴᠢᠭ ᠮᠠᠲ᠋ᠧᠷᠢᠶᠠᠯ᠂ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ᠂ ᠭᠠᠵᠠᠷ | ᠰᠣᠩᠭᠤᠬᠤ ᠰᠠᠨᠠᠯ ᠤᠨ ᠪᠢᠴᠢᠭ ︵ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯᠳᠣ ᠭᠠᠵᠠᠷ ᠰᠢᠷᠣᠶ ᠶᠢᠨ ᠬᠡᠷᠡᠭᠯᠡᠬᠦ ᠡᠷᠬᠡ ᠬᠠᠩᠭᠠᠬᠤ ᠲᠥᠷᠥᠯ | ᠵᠦᠶᠯ︶᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠭᠰᠠᠨ ᠰᠠᠨᠠᠯ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠪᠠᠭᠳᠠᠨ᠎ᠠ᠂ ᠴᠢᠬᠤᠯᠠ ᠶᠡᠭᠡ ᠲᠥᠷᠥᠯ | ᠵᠦᠶᠯ ᠳᠤ ᠪᠤᠯ ᠲᠥᠷᠥᠯ ᠵᠦᠶᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠢᠴᠢ ᠬᠢᠨᠠᠨ ᠬᠠᠷᠭᠤᠭᠤᠯᠤᠭᠰᠠᠨ | ᠰᠠᠨᠠᠯ ᠢ ᠬᠠᠩᠭᠠᠵᠦ᠂ ᠠᠷᠠᠳ ᠢ ᠨᠡᠭᠦᠯᠭᠡᠨ ᠲᠥᠪᠬᠢᠨᠡᠭᠦᠯᠬᠦ ᠵᠦᠢᠯ ᠳᠤ ᠬᠤᠯᠪᠣᠭᠳᠠᠪᠠᠯ ᠪᠠᠰᠠ ᠠᠷᠠᠳ ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ ᠶᠢᠨ ᠬᠢᠨᠠᠨ | ᠬᠠᠷᠭᠤᠭᠤᠯᠤᠭᠰᠠᠨ ᠰᠠᠨᠠᠯ ᠢ ᠬᠠᠩᠭᠠᠨ᠎ᠠ᠃ | ︵ᠲᠦᠷᠪᠠ︶ ᠲᠥᠷᠥᠯ ᠵᠦᠶᠯ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ ᠳᠤ ᠬᠡᠷᠩᠯᠡᠭᠦ ᠭᠠᠵᠠᠷ ᠤᠨ ᠵᠥᠪᠰᠢᠶᠡᠷᠡᠯ ᠵᠡᠷᠭᠡ | ᠬᠠᠮᠢᠶ᠎ᠠ ᠪᠦᠬᠦᠢ ᠭᠠᠷᠳᠠᠮ ᠢ ᠭᠦᠶᠴᠡᠳᠬᠡᠨᠠ᠃ | ︵ᠲᠠᠪᠤ︶ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ ᠶᠢᠨ ᠴᠤᠬᠤᠯᠠᠪᠤᠷᠢ ᠪᠠ ᠬᠤᠲᠠ ᠶᠢᠨ ᠶᠠᠪᠣᠳᠠᠯ ᠤᠨ ᠬᠤᠯᠪᠣᠭᠳᠠᠯ ᠪᠦᠬᠦᠢ ᠲᠦᠭᠦᠷᠵᠢᠭᠦᠯᠭᠦ ᠪᠡᠯᠡᠳᠬᠡᠮᠵᠢ | ᠶᠢᠨ ᠵᠥᠪᠰᠢᠶᠡᠷᠡᠭᠰᠡᠨ ᠲᠥᠰᠦᠯ ᠢ ᠦᠨᠳᠦᠰᠦᠯᠡᠨ᠂ ᠠᠩᠬᠠᠨ ᠤ ᠵᠢᠷᠤᠭ ᠲᠦᠯᠣᠪᠯᠡᠭᠡ ᠵᠢᠴᠢ ᠲᠦᠢᠮᠣ ᠲᠦᠰᠣᠪ ᠤᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ | ᠂ ᠰᠢᠯᠢᠳᠡᠭᠵᠢᠭᠦᠯᠬᠦ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠠᠩᠬᠠᠨ ᠤ ᠵᠢᠷᠤᠭ ᠲᠥᠯᠥᠪᠯᠡᠭᠡᠨ ᠢᠶᠠᠷ ᠵᠥᠪᠰᠢᠶᠡᠷᠡᠭᠰᠡᠨ ᠪᠦᠲᠦᠭᠡᠨ ᠪᠠᠶᠢᠭᠤᠯᠬᠤ ᠬᠡᠪᠴᠢᠶ᠎ᠡ᠂ ᠠᠭᠤᠯᠭ᠎ᠠ᠂ ᠪᠠᠷᠢᠮᠵᠢᠶ᠎ᠠ ᠪᠠ ᠲᠦᠢᠮᠣ | ᠲᠦᠰᠣᠪ ᠤᠨ ᠪᠡᠯᠡ ᠣᠷᠣᠭᠤᠯᠣᠯᠳᠠ ᠶᠣᠰᠣᠭᠠᠷ᠂ ᠪᠠᠷᠢᠯᠭ᠎ᠠ ᠶᠢᠨ ᠵᠢᠷᠤᠭ ᠵᠢᠷᠤᠵᠣ ᠲᠥᠯᠥᠪᠯᠡᠭᠦ ᠶᠢ ᠵᠣᠬᠢᠶᠠᠨ ᠪᠠᠶᠢᠭᠤᠯᠤᠨ᠎ᠠ᠃ ᠪᠠᠷᠢᠯᠭ᠎ᠠ ᠶᠢᠨ ᠵᠢᠷᠤᠭ ᠵᠢᠷᠤᠵᠣ | ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠪᠦᠷᠢᠨ ᠪᠦᠲᠦᠨ᠂ ᠲᠤᠰᠬᠠᠶ ᠮᠡᠷᠭᠡᠵᠢᠯ ᠨᠢ ᠪᠦᠷᠢᠨ ᠭᠦᠶᠴᠡᠳ ᠪᠠᠶᠢᠬᠤ ᠶᠢᠨ ᠬᠠᠮᠲᠤ ᠪᠠᠷᠢᠯᠭ᠎ᠠ ᠶᠢᠨ | ᠶᠡᠷᠣᠩᠬᠡᠶᠢᠯᠠᠨ ᠳᠠᠭᠠᠭᠠᠴᠢᠯᠠᠬᠤ ᠳᠠᠭᠠᠭᠠᠴᠢᠯᠠᠯᠲᠠ ᠵᠠᠷᠯᠠᠬᠤ ᠵᠢᠴᠢ ᠪᠠᠷᠢᠯᠭ᠎ᠠ ᠶᠢᠨ ᠭᠦᠨᠴᠡ ᠳᠤ ᠬᠦᠷᠦᠭᠰᠡᠨ ᠪᠠᠶᠢᠬᠤ ᠬᠡᠷᠡᠭᠲᠡᠶ᠃ | ︵ᠳᠣᠯᠤᠭ᠎ᠠ︶ ᠪᠥᠲᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠵᠢᠷᠤᠭ ᠵᠢᠷᠤᠵᠣ ᠲᠥᠯᠥᠪᠯᠡᠭᠰᠡᠨ ᠪᠢᠴᠢᠭ | ᠮᠠᠲ᠋ᠧᠷᠢᠶᠠᠯ ᠢ ᠬᠢᠨᠠᠨ ᠪᠠᠶᠢᠴᠠᠭᠠᠬᠤ ︵ᠭᠠᠯ ᠰᠡᠷᠭᠡᠶᠢᠯᠡᠨ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠪᠠᠭᠲᠠᠨ᠎ᠠ︶ ᠵᠡᠷᠭᠡ ᠬᠠᠮᠢᠶ᠎ᠠ ᠪᠥᠬᠦᠶ ᠭᠠᠷᠳᠠᠮ ᠢ | ᠭᠦᠶᠴᠡᠳᠬᠡᠨ᠎ᠡ᠃ | ︵ᠨᠠᠢᠮᠨ︶ ᠪᠡᠯᠡ ᠣᠷᠣᠭᠤᠯᠤᠯᠲᠠ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵ᠶᠢᠰᠦ︶ ᠲᠥᠷᠥᠯ ᠵᠦᠶᠯ ᠤᠨ ᠦᠪᠡᠰᠣᠪᠡᠨ ᠪᠡᠯᠡ ᠮᠥᠩᠭᠦ ᠴᠤᠭᠯᠠᠭᠤᠯᠬᠤ ᠶᠢ ᠬᠠᠷᠢᠭᠤᠴᠠᠵᠤ᠂ ᠪᠦᠳᠣᠭᠡᠨ ᠪᠠᠶᠢᠭᠤᠯᠬᠤ ᠪᠡᠯᠡ ᠮᠦᠩᠭᠦᠨ ᠤ ᠬᠡᠷᠡᠭᠯᠡᠬᠦ | ᠲᠥᠯᠥᠪᠯᠡᠭᠡ ᠶᠢ ᠴᠢᠩᠭ᠎ᠠ ᠵᠢᠷᠤᠮᠯᠠᠵᠣ ᠣᠷᠣᠯᠠᠨ ᠪᠠᠶᠢᠭᠤᠯᠬᠤ ᠨᠢᠭᠡᠴᠢ ᠳᠤ ᠵᠣᠭᠤᠰ ᠰᠠᠯᠭᠠᠨ ᠦᠭᠭᠦᠨ᠎ᠠ᠃ | ︵ᠠᠷᠪᠠ︶ ᠪᠠᠷᠢᠯᠭ᠎ᠠ ᠶᠢᠨ ᠲᠤᠰᠬᠠᠶ ᠰᠢᠯᠭᠠᠨ ᠬᠤᠷᠢᠶᠠᠵᠣ ᠠᠪᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠣ ᠠᠪᠬᠤ ᠳᠤ ᠣᠷᠣᠯᠴᠠᠵᠤ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠦᠯᠢᠶᠡᠨ ᠠᠪᠴᠤ᠂ ᠬᠡᠷᠡᠭᠯᠡᠭᠦ ᠪᠠ ᠬᠠᠮᠢᠶᠠᠷᠣᠨ᠎ᠠ᠃ | ᠬᠡᠷᠡᠭᠯᠡᠬᠦ ᠨᠢᠭᠡᠴᠢ ᠨᠢ ᠲᠥᠷᠥᠯ ᠵᠦᠢᠯ ᠳᠤ ︽ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠪᠢᠴᠢᠭ︾ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠣᠷᠣᠯᠠᠨ ᠪᠠᠶᠢᠭᠤᠯᠬᠤ ᠨᠢᠭᠡᠴᠢ ᠳᠤ ᠪᠠᠷᠢᠯᠭ᠎ᠠ ᠶᠢᠨ ᠵᠢᠷᠤᠭ | ᠵᠢᠷᠣᠵᠣ ᠲᠥᠯᠥᠪᠯᠡᠭᠰᠡᠨ ᠪᠢᠴᠢᠭ ᠮᠠᠲ᠋ᠧᠷᠢᠶᠠᠯ᠂ ᠡᠮᠦᠨᠡᠬᠢ ᠬᠤᠭᠤᠴᠠᠭᠠᠨ ᠤ ᠠᠵᠢᠯ ᠤᠨ ᠪᠢᠴᠢᠭ ᠮᠠᠲ᠋ᠧᠷᠢᠶᠠᠯ ︵ᠡᠮᠦᠨᠡᠬᠢ ᠬᠤᠭᠤᠴᠠᠭᠠᠨ ᠤ ᠭᠠᠷᠳᠠᠮ᠂ ᠭᠡᠷ᠎ᠡ᠂ ᠡᠳ᠋ | ᠤᠨ ᠶᠠᠪᠤᠳᠠᠯ ᠤᠨ ᠮᠠᠲ᠋ᠧᠷᠢᠶᠠᠯ ᠵᠡᠷᠭᠡ ᠪᠠᠭᠲᠠᠨ᠎ᠠ︶ ᠵᠢᠴᠢ ᠪᠦᠲᠦᠭᠡᠨ ᠪᠠᠶᠢᠭᠤᠯᠤᠯᠲᠠ ᠶᠢᠨ ᠲᠠᠯᠠᠪᠤᠷ ᠭᠠᠵᠡᠷ ᠢ ᠨᠢᠭᠡ ᠯᠡ ᠤᠳᠠᠭ᠎ᠠ ᠳᠤ ᠰᠢᠯᠵᠢᠭᠦᠯᠦᠨ ᠲᠤᠰᠢᠶᠠᠬᠤ ᠶᠢᠨ | ᠬᠠᠮᠳᠣ᠂ ᠡᠮᠦᠨᠡᠬᠢ ᠬᠤᠭᠤᠴᠠᠭᠠᠨ ᠳᠤ ᠲᠣᠭᠳᠠᠭᠰᠠᠨ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠵᠡᠷᠭᠡ ᠨᠢᠭᠡᠴᠢ ᠬᠢᠭᠡᠣᠨ ᠣᠷᠣᠯᠠᠨ ᠪᠠᠶᠢᠭᠤᠯᠬᠤ ᠨᠢᠭᠡᠴᠢ ᠯᠦᠭᠡ | ᠨᠥᠬᠦᠪᠥᠷᠢ ᠭᠡᠷ᠎ᠡ ᠪᠤᠶᠤ ᠵᠦᠪᠯᠡᠯᠴᠡᠭᠡᠷ ᠲᠣᠭᠲᠠᠭᠠᠬᠤ ᠶᠢ ᠬᠠᠷᠢᠭᠤᠴᠠᠨ ᠵᠣᠬᠢᠴᠠᠭᠤᠯᠵᠣ᠂ ᠲᠥᠷᠥᠯ ᠵᠦᠶᠯ ᠢ ᠣᠷᠣᠯᠠᠨ ᠪᠠᠶᠢᠭᠤᠯᠬᠤ ᠠᠴᠠ ᠡᠮᠦᠨᠡᠬᠢ ᠪᠠ | ᠲᠠᠷᠠᠭᠠᠴᠢ ᠶᠢᠨ ᠱᠠᠳᠣᠨ ᠤ ᠠᠵᠢᠯ ᠢ ᠰᠠᠶᠢᠲᠤᠷ ᠵᠣᠯᠭᠠᠭᠤᠯᠣᠨ᠎ᠠ᠃ | ᠠᠷᠪᠠᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ ᠳᠤ ᠪᠠᠭᠳᠠᠬᠤ ᠵᠦᠢᠯ᠄ | ︵ᠨᠢᠭᠡ︶ ᠳᠠᠭᠠᠭᠠᠴᠢᠯᠠᠯᠲᠠ ᠵᠠᠷᠯᠠᠭᠴᠢ ᠶᠢᠨ ᠬᠢᠷᠢ ᠬᠡᠮ ᠢᠶᠠᠷ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ | ᠭᠤᠤᠯ ᠪᠣᠯᠬᠤ ᠲᠥᠬᠦᠭᠡᠷᠦᠮᠵᠢ ᠪᠠ ᠮᠠᠲ᠋ᠧᠷᠢᠶᠠᠯ ᠵᠡᠷᠭᠡ ᠳᠤ ᠳᠠᠭᠠᠭᠠᠴᠢᠯᠠᠯᠲᠠ ᠵᠠᠷᠯᠠᠬᠤ ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠣ᠂ | ᠳᠠᠭᠠᠭᠠᠴᠢᠯᠠᠯᠲᠠ ᠬᠦᠯᠢᠶᠡᠭᠴᠢ ᠲᠠᠢ ᠬᠠᠮᠢᠶ᠎ᠠ ᠪᠦᠬᠦᠢ ᠭᠡᠷ᠎ᠡ ᠲᠤᠨᠨᠳᠠᠨᠠ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠶᠢᠨ ᠲᠤᠰᠬᠠᠶ | ᠠᠵᠢᠯ ᠤᠨ ᠪᠠᠷᠢᠯᠭ᠎ᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ ᠬᠢᠨᠠᠨ ᠬᠠᠮᠢᠶᠠᠷᠤᠨ᠎ᠠ᠃ | ︵ᠬᠤᠶᠠᠷ︶ ᠪᠠᠷᠢᠯᠭ᠎ᠠ ᠪᠠᠷᠢᠬᠤ ᠵᠥᠪᠰᠢᠶᠡᠷᠡᠯ᠂ ᠬᠤᠲᠠ ᠶᠢᠨ ᠶᠠᠪᠤᠳᠠᠯ ᠤᠨ ᠲᠦᠭᠦᠷᠵᠢᠭᠦᠯᠭᠦ ᠵᠡᠷᠭᠡ ᠬᠠᠮᠢᠶ᠎ᠠ ᠪᠦᠬᠦᠢ ᠭᠠᠷᠳᠠᠮ ᠢ ᠭᠦᠶᠴᠡᠳᠬᠡᠨ᠎ᠡ᠃ | ︵ᠭᠤᠷᠪᠠ︶ ᠲᠥᠷᠥᠯ ᠵᠦᠢᠯ ᠤᠨ ᠠᠬᠢᠴᠠ ᠪᠠᠷ ᠣᠨ ᠤ ᠪᠡᠯᠡ ᠣᠷᠣᠭᠤᠯᠬᠤ ᠲᠥᠯᠥᠪᠯᠡᠭᠡ ᠪᠠ ᠣᠨ ᠤ ᠦᠨᠳᠦᠰᠦᠨ ᠪᠦᠲᠦᠭᠡᠨ ᠪᠠᠶᠢᠭᠤᠯᠬᠤ ᠵᠠᠷᠤᠯᠭ᠎ᠠ ᠶᠢᠨ | ᠲᠥᠰᠦᠪ ᠢ ᠨᠠᠶᠢᠷᠠᠭᠤᠯᠤᠨ ᠵᠣᠬᠢᠶᠠᠵᠤ᠂ ᠪᠦᠲᠦᠭᠡᠨ ᠪᠠᠶᠢᠭᠤᠯᠬᠤ ᠪᠡᠯᠡ ᠮᠥᠩᠭᠦ ᠶᠢ ᠭᠤᠶᠤᠴᠢᠯᠠᠨ ᠠᠪᠬᠤ᠂ ᠬᠠᠮᠢᠶᠠᠷᠬᠤ ᠪᠠ ᠬᠡᠷᠡᠭᠯᠡᠵᠦ᠂ ᠲᠥᠷᠥᠯ ᠵᠦᠢᠯ ᠤᠨ ᠣᠨ | ᠤ ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ᠃ | ︵ᠳᠥᠷᠪᠡ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠶᠠᠪᠤᠴᠠ ᠳᠠᠬᠢ ᠪᠡᠯᠡ ᠣᠷᠣᠭᠤᠯᠤᠯᠲᠠ ᠶᠢᠨ ᠲᠦᠢᠮᠣ ᠲᠥᠰᠦᠪ᠂ ᠶᠠᠰᠤ ᠴᠢᠨᠠᠷ ᠤᠨ ᠠᠮᠣᠷ | ᠲᠦᠪᠰᠢᠨ᠂ ᠪᠠᠷᠢᠯᠭ᠎ᠠ ᠶᠢᠨ ᠬᠤᠭᠤᠴᠠᠭᠠᠨ ᠤ ᠠᠬᠢᠴᠠ ᠶᠢ ᠬᠠᠷᠢᠭᠤᠴᠠᠨ ᠡᠵᠡᠮᠳᠡᠨ᠎ᠠ ᠃ | ︵ᠲᠠᠪᠤ︶ ᠣᠷᠣᠯᠠᠨ ᠪᠠᠶᠢᠭᠤᠯᠬᠤ ᠲᠥᠷᠥᠯ ᠵᠦᠶᠯ ᠢ ᠬᠤᠪᠢᠷᠠᠭᠠᠬᠤ ᠳᠤ ᠭᠠᠷ ᠤᠨ ᠦᠰᠣᠭ᠌ ᠵᠢᠷᠣᠵᠣ ᠬᠢᠨᠠᠨ ᠬᠠᠷᠭᠤᠭᠤᠯᠬᠤ ᠵᠦᠶᠯᠡᠰ ᠢ ᠲᠣᠭᠲᠠᠭᠠᠯ ᠶᠣᠰᠣᠭᠠᠷ | ᠭᠦᠶᠴᠡᠳᠬᠡᠨ᠎ᠡ᠃ | ︵ᠵᠢᠷᠭᠤᠭ᠎ᠠ︶ ᠠᠵᠢᠯ ᠤᠨ ᠶᠠᠪᠣᠴᠨ ᠳᠤ ᠰᠢᠯᠭᠠᠨ ᠬᠤᠷᠢᠶᠠᠵᠣ ᠠᠪᠬᠤ᠂ ᠲᠤᠰᠬᠠᠶ ᠵᠦᠶᠯ ᠢᠶᠠᠷ ᠰᠢᠯᠭᠠᠨ ᠬᠤᠷᠢᠶᠠᠵᠣ ᠠᠪᠬᠤ᠂ ᠪᠠᠷᠢᠯᠭ᠎ᠠ ᠳᠠᠭᠤᠰᠣᠭᠰᠠᠨ ᠢ | ᠰᠢᠯᠭᠠᠨ ᠬᠤᠷᠢᠶᠠᠵᠣ ᠠᠪᠬᠤ ᠪᠠ ᠪᠦᠷᠢᠣᠡᠭᠡᠨ ᠳᠠᠩᠰᠠᠯᠠᠭᠤᠯᠬᠤ ᠶᠢ ᠵᠣᠬᠢᠶᠠᠨ ᠪᠠᠶᠢᠭᠤᠯᠬᠤ ᠪᠤᠶᠤ ᠭᠤᠶᠣᠴᠢᠯᠠᠨ ᠮᠡᠳᠡᠭᠦᠯᠭᠦ ᠳᠤ᠂ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠶᠠᠰᠤ ᠴᠢᠨᠠᠷ | ᠤᠨ ᠬᠠᠷᠢᠭᠤᠴᠠᠯᠭ᠎ᠠ ᠶᠢ ᠡᠭᠦᠷᠭᠡᠯᠡᠨ᠎ᠠ᠃ | ︵ᠳᠣᠯᠤᠭ᠎ᠠ︶ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠬᠢᠨᠠᠨ ᠵᠥᠪᠰᠢᠶᠡᠷᠡᠭᠦᠯᠣᠨᠠ᠃ | ︵ᠨᠠᠢᠮᠨ︶ ᠲᠥᠷᠥᠯ ᠵᠦᠶᠯ ᠤᠨ ᠪᠠᠷᠢᠯᠭ᠎ᠠ ᠳᠠᠭᠤᠰᠣᠭᠰᠠᠨ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠮᠠᠲ᠋ᠧᠷᠢᠶᠠᠯ ᠢ ᠡᠮᠬᠢᠯᠡᠨ ᠬᠤᠷᠢᠶᠠᠩᠭᠤᠶᠢᠯᠠᠭᠠᠣᠨ | ᠰᠢᠯᠵᠢᠭᠦᠯᠦᠨ ᠲᠤᠰᠢᠶᠠᠬᠤ ᠶᠢ ᠬᠠᠷᠢᠭᠤᠴᠠᠬᠤ ᠶᠢᠨ ᠬᠠᠮᠲᠤ᠂ ᠵᠥᠪᠰᠢᠶᠡᠷᠡᠭᠰᠡᠨ ᠡᠳ᠋ ᠬᠥᠷᠥᠩᠭᠡ ᠶᠢᠨ ᠥᠷᠲᠡᠭ ᠢᠶᠠᠷ ᠬᠡᠷᠡᠭᠯᠡᠬᠦ ᠨᠢᠭᠡᠴᠢ ᠯᠦᠭᠡ ᠡᠳ᠋ ᠬᠥᠷᠥᠩᠭᠡ | ᠲᠤᠰᠢᠶᠠᠵᠣ ᠭᠠᠷᠳᠠᠬᠤ ᠭᠠᠷᠳᠠᠮ ᠢ ᠭᠦᠶᠴᠡᠳᠬᠡᠨᠠ᠃ | ︵ᠶᠢᠰᠦ︶ ᠪᠠᠷᠢᠯᠭ᠎ᠠ ᠶᠢᠨ ᠭᠡᠮ ᠰᠣᠭᠤᠭ ᠢ ᠬᠠᠷᠢᠭᠤᠴᠠᠬᠤ ᠬᠤᠭᠤᠴᠠᠭᠠᠨ ᠳᠠᠬᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠣ | ᠵᠣᠬᠢᠴᠠᠭᠤᠯᠣᠨ᠎ᠠ᠃ | | ᠭᠤᠷᠪᠠᠳᠤᠭᠠᠷ ᠪᠦᠯᠦᠭ ᠣᠷᠣᠯᠠᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠬᠦ ᠳᠡᠰ ᠳᠠᠷᠠᠭᠠᠯᠠᠯ | | ᠠᠷᠪᠠᠨ ᠨᠢᠭᠡᠳᠦᠭᠡᠷ ᠵᠦᠢᠯ ᠬᠡᠷᠡᠭᠯᠡᠬᠦ ᠨᠢᠭᠡᠴᠢ ᠨᠢ ᠲᠥᠷᠥᠯ ᠵᠦᠢᠯ ᠳᠠᠬᠢ ᠬᠡᠷᠡᠭᠴᠡᠭᠡ ᠱᠠᠭᠠᠷᠳᠠᠯᠭ᠎ᠠ ᠶᠢ ᠳᠤᠷᠠᠳᠣᠨ᠂ ᠲᠥᠷᠥᠯ ᠵᠦᠶᠯ ᠤᠨ ᠰᠠᠨᠠᠭᠤᠯᠭ᠎ᠠ ᠶᠢᠨ | ᠪᠢᠴᠢᠭ ᠵᠢᠴᠢ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠵᠦ ᠨᠠᠶᠢᠷᠠᠭᠤᠯᠤᠨ ᠵᠣᠬᠢᠶᠠᠵᠣ᠂ ᠲᠣᠭᠳᠠᠭᠰᠠᠨ ᠳᠡᠰ ᠳᠠᠷᠠᠭᠠᠯᠠᠯ ᠢᠶᠠᠷ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠣ ᠬᠢᠨᠠᠨ ᠵᠥᠪᠰᠢᠶᠡᠷᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ | ᠠᠴᠠ ᠠᠰᠲᠠᠭᠠᠨ ᠲᠣᠭᠲᠠᠭᠠᠯ ᠲᠠᠢ ᠪᠠᠶᠢᠪᠡᠯ ᠲᠡᠷᠡ ᠬᠦ ᠲᠣᠭᠲᠠᠭᠠᠯ ᠢᠶᠠᠷ ᠬᠡᠷᠩᠵᠢᠭᠦᠯᠣᠨ᠎ᠠ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠨᠢ ᠲᠤᠰ ᠠᠷᠭ᠎ᠠ ᠶᠢᠨ | ᠲᠣᠭᠲᠠᠭᠠᠭᠰᠠᠨ ᠨᠥᠬᠦᠴᠡᠯ ᠲᠠᠢ ᠲᠣᠬᠢᠷᠠᠯᠴᠠᠬᠤ ᠲᠥᠷᠥᠯ ᠵᠦᠢᠯ ᠳᠤ᠂ ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ ᠪᠤᠶᠤ ᠪᠣᠯᠤᠮᠵᠢᠲᠤ ᠰᠤᠳᠤᠯᠤᠯ ᠤᠨ | ᠮᠡᠳᠡᠭᠦᠯᠦᠯᠲᠡ ᠶᠢ ᠴᠣᠬᠤᠯᠠᠪᠤᠷᠢᠯᠠᠬᠤ ᠳᠤ ᠪᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠠ ᠶᠢᠨ | ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠡᠷᠭᠡ ᠳᠤ ᠨᠢ ᠬᠠᠭᠤᠯᠤᠨ | ᠢᠯᠡᠭᠡᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠲᠥᠷᠥᠯ ᠵᠦᠢᠯ ᠤᠨ | ᠰᠠᠨᠠᠭᠤᠯᠭ᠎ᠠ ᠶᠢᠨ ᠪᠢᠴᠢᠭ ᠪᠤᠶᠤ ᠪᠣᠯᠤᠮᠵᠢᠲᠤ ᠰᠤᠳᠤᠯᠣᠯ ᠤᠨ ᠮᠡᠳᠡᠭᠦᠯᠦᠯᠲᠡ ᠳᠤ ᠴᠣᠬᠤᠯᠠᠪᠤᠷᠢᠯᠠᠭᠰᠠᠨ ᠰᠠᠨᠠᠯ ᠢ ᠦᠨᠳᠦᠰᠦᠯᠡᠵᠣ᠂ ᠲᠥᠷᠥᠯ ᠵᠦᠶᠯ ᠢ ᠣᠷᠣᠯᠠᠨ | ᠪᠠᠶᠢᠭᠤᠯᠬᠤ ᠵᠠᠭᠪᠤᠷ ᠢ ᠲᠣᠭᠲᠠᠭᠠᠬᠤ ᠶᠢᠨ ᠬᠠᠮᠲᠤ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠨ᠎ᠠ᠃ | ᠠᠷᠪᠠᠨ ᠭᠤᠷᠪᠠᠳᠤᠭᠠᠷ ᠵᠦᠶᠯ ᠲᠥᠷᠥᠯ ᠵᠦᠶᠯ ᠢ ᠨᠠᠶᠢᠳᠠᠵᠣ ᠣᠷᠣᠯᠠᠨ ᠪᠠᠶᠢᠭᠤᠯᠬᠤ ᠳᠤ᠂ ᠲᠥᠷᠥᠯ ᠵᠦᠶᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠳᠠ | ᠶᠢ ᠴᠣᠬᠤᠯᠠᠪᠤᠷᠢᠯᠠᠭᠰᠠᠨ ᠤ ᠳᠠᠷᠠᠭ᠎ᠠ ᠣᠷᠣᠯᠠᠨ ᠪᠠᠶᠢᠭᠤᠯᠬᠤ ᠨᠢᠭᠡᠴᠢ ᠶᠢ ᠰᠣᠩᠭᠤᠬᠤ ᠠᠵᠢᠯ ᠢᠶᠠᠨ ᠶᠠᠪᠣᠭᠳᠠᠭᠤᠯᠣᠨ᠎ᠠ᠃ | ᠠᠷᠪᠠᠨ ᠳᠥᠷᠪᠡᠳᠦᠭᠡᠷ ᠵᠦᠶᠯ ᠬᠡᠷᠡᠭᠯᠡᠬᠦ ᠨᠢᠭᠡᠴᠢ ᠨᠢ ᠲᠥᠷᠥᠯ ᠵᠦᠶᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠣᠯᠳᠠ ᠶᠢᠨ ᠴᠣᠬᠤᠯᠠᠪᠤᠷᠢ ᠶᠢ | ᠦᠨᠳᠣᠰᠣᠯᠡᠵᠣ᠂ ᠲᠥᠷᠥᠯ ᠵᠦᠶᠯ ᠤᠨ ᠠᠩᠬᠠᠨ ᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠵᠢᠴᠢ ᠲᠦᠢᠮᠣ ᠲᠥᠰᠦᠪ ᠢ ᠨᠠᠶᠢᠷᠠᠭᠤᠯᠤᠨ ᠵᠣᠬᠢᠶᠠᠬᠤ ᠪᠠ | ᠮᠡᠳᠡᠭᠦᠯᠦᠨ ᠵᠥᠪᠰᠢᠶᠡᠷᠡᠭᠦᠯᠭᠦ᠂ ᠪᠠᠷᠢᠯᠭ᠎ᠠ ᠶᠢᠨ ᠵᠢᠷᠤᠭ ᠵᠢᠷᠤᠵᠣ ᠲᠥᠯᠥᠪᠯᠡᠭᠦ ᠪᠢᠴᠢᠭ ᠮᠠᠲ᠋ᠧᠷᠢᠶᠠᠯ ᠤᠨ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠬᠢᠨᠠᠭᠤᠯᠬᠤ | ᠠᠵᠢᠯ ᠢ ᠵᠣᠬᠢᠶᠠᠨ ᠪᠠᠶᠢᠭᠤᠯᠵᠣ ᠥᠷᠨᠢᠭᠦᠯᠦᠨ᠎ᠡ᠃ | ᠣᠷᠣᠯᠠᠨ ᠪᠠᠶᠢᠭᠤᠯᠬᠤ ᠨᠢᠭᠡᠴᠢ ᠨᠢ ᠬᠡᠷᠡᠭᠯᠡᠬᠦ ᠨᠢᠭᠡᠴᠢ ᠶᠢᠨ ᠲᠤᠰᠢᠶᠠᠭᠰᠠᠨ ᠪᠠᠷᠢᠯᠭ᠎ᠠ ᠶᠢᠨ ᠵᠢᠷᠤᠭ ᠵᠢᠷᠣᠵᠣ ᠲᠦᠯᠣᠪᠯᠡᠭᠰᠠᠨ ᠪᠢᠴᠢᠭ ᠮᠠᠲ᠋ᠧᠷᠢᠶᠠᠯ ᠤᠨ ᠠᠵᠤ | ᠠᠬᠤᠢ ᠶᠢᠨ ᠴᠢᠨᠠᠷ᠂ ᠪᠦᠷᠢᠨ ᠪᠦᠲᠦᠨ ᠴᠢᠨᠠᠷ᠂ ᠵᠢᠷᠤᠵᠣ ᠲᠥᠯᠥᠪᠯᠡᠭᠰᠡᠨ ᠴᠢᠨᠠᠷ ᠪᠠ ᠭᠦᠨᠴᠡ ᠵᠡᠷᠭᠡ ᠶᠢ ᠬᠢᠨᠠᠨ ᠰᠢᠯᠭᠠᠬᠤ ᠶᠢᠨ ᠬᠠᠮᠳᠣ᠂ ᠬᠢᠨᠠᠨ ᠰᠢᠯᠭᠠᠭᠰᠠᠨ | ᠦᠷ᠎ᠡ ᠳ᠋ᠦᠩ ᠢᠶᠠᠨ ᠬᠡᠷᠡᠭᠯᠡᠬᠦ ᠨᠢᠭᠡᠴᠢ ᠳᠤ ᠬᠠᠷᠢᠭᠤ ᠲᠤᠰᠬᠠᠬᠤ ᠬᠡᠷᠡᠭᠲᠡᠶ᠃ ᠬᠡᠷᠡᠭᠯᠡᠬᠦ ᠨᠢᠭᠡᠴᠢ ᠨᠢ ᠬᠢᠨᠠᠨ ᠰᠢᠯᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠵᠢᠷᠤᠵᠤ | ᠲᠥᠯᠥᠪᠯᠡᠭᠰᠡᠨ ᠨᠢᠭᠡᠴᠢ ᠪᠠᠷ ᠨᠥᠬᠦᠪᠥᠷᠢᠯᠡᠨ ᠲᠡᠭᠦᠯᠳᠡᠷᠵᠢᠭᠦᠯᠭᠦ ᠬᠡᠷᠩᠳᠠᠢ᠂ ᠲᠤᠰ ᠠᠷᠭ᠎ᠠ ᠶᠢᠨ ᠲᠣᠭᠲᠠᠭᠠᠭᠰᠠᠨ ᠱᠠᠭᠠᠷᠳᠠᠯᠭ᠎ᠠ ᠳᠤ ᠮᠦᠨ ᠬᠦ ᠬᠦᠷᠭᠦ ᠦᠭᠡᠶ ᠪᠠᠶᠢᠪᠡᠯ | ᠣᠷᠣᠯᠠᠨ ᠪᠠᠶᠢᠭᠤᠯᠬᠤ ᠨᠢᠭᠡᠴᠢ ᠨᠢ ᠬᠦᠯᠢᠶᠡᠨ ᠠᠪᠴᠣ ᠪᠣᠯᠬᠤ ᠦᠭᠡᠶ᠃ | ᠠᠷᠪᠠᠨ ᠲᠠᠪᠤᠳᠤᠭᠠᠷ ᠵᠦᠢᠯ ᠣᠷᠣᠯᠠᠨ ᠪᠠᠶᠢᠭᠤᠯᠬᠤ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠵᠢᠴᠢ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠭᠤᠭᠤᠯᠣᠨ ᠵᠥᠪᠰᠢᠶᠡᠷᠡᠭᠰᠡᠨ ᠳᠠᠭᠠᠭᠠᠴᠢᠯᠠᠯᠲᠠ ᠵᠠᠷᠯᠠᠬᠤ ᠲᠥᠰᠦᠯ | ᠶᠣᠰᠣᠭᠠᠷ᠂ ᠳᠠᠭᠠᠭᠠᠴᠢᠯᠠᠯᠲᠠ ᠵᠠᠷᠯᠠᠭᠴᠢ ᠶᠢᠨ ᠬᠤᠪᠢ ᠪᠠᠷ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ ᠭᠤᠤᠯ ᠪᠣᠯᠬᠤ | ᠲᠥᠬᠦᠭᠡᠷᠦᠮᠵᠢ ᠪᠠ ᠮᠠᠲ᠋ᠧᠷᠢᠶᠠᠯ ᠵᠡᠷᠭᠡ ᠶᠢᠨ ᠳᠠᠭᠠᠭᠠᠴᠢᠯᠠᠯᠲᠠ ᠵᠠᠷᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ | ᠠᠷᠪᠠᠨ ᠵᠢᠷᠭᠤᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠨᠢ ᠬᠢᠨᠠᠨ ᠲᠣᠭᠲᠠᠭᠠᠭᠰᠠᠨ ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ ᠪᠢᠴᠢᠭ | ᠮᠠᠲ᠋ᠧᠷᠢᠶᠠᠯ ᠪᠠ ᠵᠥᠪᠰᠢᠶᠡᠷᠡᠭᠦᠯᠣᠭ᠍ᠰᠡᠨ ᠪᠡᠯᠡ ᠣᠷᠣᠭᠤᠯᠬᠤ ᠲᠦᠢᠮᠣ ᠲᠥᠰᠦᠪ ᠢ ᠴᠢᠩᠭ᠎ᠠ ᠵᠢᠷᠣᠮᠯᠠᠵᠣ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ | ᠪᠠᠶᠢᠭᠤᠯᠬᠤ ᠪᠠ ᠪᠡᠯᠡ ᠣᠷᠣᠭᠤᠯᠣᠯᠳᠠ ᠶᠢ ᠡᠵᠡᠮᠳᠡᠵᠣ᠂ ᠵᠠᠷᠴᠢᠮ ᠳᠡᠭᠡᠷ᠎ᠡ ᠪᠠᠨ ᠳᠡᠳᠡᠭᠡᠷ ᠠᠴᠠ ᠳᠠᠪᠠᠭᠤᠯᠵᠣ ᠪᠣᠯᠬᠤ ᠦᠭᠡᠢ᠃ | ᠠᠷᠪᠠᠨ ᠳᠣᠯᠣᠳᠤᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠢ ᠪᠥᠲᠥᠭᠡᠨ ᠪᠠᠶᠢᠭᠤᠯᠬᠤ ᠶᠠᠪᠤᠴᠠ ᠳᠠᠬᠢ ᠬᠤᠪᠢᠷᠠᠭᠠᠬᠤ ᠵᠦᠢᠯ ᠳᠤ ᠭᠠᠷ ᠤᠨ | ᠦᠰᠣᠭ᠌ ᠵᠢᠷᠣᠬᠤ ᠶᠢ ᠴᠢᠩᠭ᠎ᠠ ᠬᠢᠵᠠᠭᠠᠷᠯᠠᠵᠣ᠂ ᠵᠢᠷᠤᠵᠤ ᠲᠥᠯᠥᠪᠯᠡᠭᠰᠡᠨ ᠭᠦᠨᠴᠡ ᠨᠢ ᠬᠦᠷᠣᠯᠴᠡᠭᠦ ᠥᠬᠡᠶ᠂ ᠪᠥᠲᠥᠭᠡᠨ ᠪᠠᠶᠢᠭᠤᠯᠬᠤ ᠠᠭᠤᠯᠭ᠎ᠠ ᠨᠡᠮᠡᠭᠦ᠂ ᠵᠠᠰᠠᠵᠤ | ᠴᠢᠮᠡᠭᠯᠡᠬᠦ ᠪᠠᠷᠢᠮᠵᠢᠶ᠎ᠠ ᠪᠠ ᠮᠠᠲ᠋ᠧᠷᠢᠶᠠᠯ ᠲᠥᠬᠦᠭᠡᠷᠦᠮᠵᠢ ᠶᠢᠨ ᠵᠡᠷᠭᠡ ᠲᠠᠰ ᠢ ᠳᠡᠭᠡᠭᠰᠢᠯᠡᠭᠦᠯᠬᠦ ᠵᠡᠷᠭᠡ ᠰᠢᠯᠲᠠᠭᠠᠨ ᠠᠴᠠ ᠬᠤᠪᠢᠷᠠᠭᠠᠬᠤ ᠵᠦᠢᠯ ᠳᠤ ᠭᠠᠷ ᠤᠨ ᠦᠰᠣᠭ᠌ | ᠵᠢᠷᠣᠭᠤᠯᠬᠤ ᠪᠠᠷ ᠭᠤᠶᠤᠴᠢᠯᠠᠵᠤ ᠪᠣᠯᠬᠤ ᠥᠬᠡᠶ︔ ᠬᠡᠷᠡᠭᠯᠡᠬᠦ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠵᠣᠬᠢᠰᠲᠠᠶ ᠲᠣᠬᠢᠷᠠᠭᠤᠯᠬᠤ ᠠᠴᠠ ᠪᠣᠯᠵᠣ | ᠬᠤᠪᠢᠷᠠᠭᠠᠬᠤ ᠳᠤ ᠭᠦᠷᠪᠡᠯ ᠬᠡᠷᠡᠭᠯᠡᠬᠦ ᠨᠢᠭᠡᠴᠢ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠭᠦ ᠳᠡᠰ ᠳᠠᠷᠠᠭᠠᠯᠠᠯ ᠢ ᠭᠦᠶᠴᠡᠳᠬᠡᠬᠦ ᠬᠡᠷᠡᠭᠲᠡᠶ᠃ ᠪᠣᠳᠠᠲᠠᠶ ᠠᠷᠭ᠎ᠠ ᠶᠢ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠠᠷᠪᠠᠨ ᠨᠠᠢᠮᠠᠳᠣᠭᠠᠷ ᠵᠦᠶᠯ ᠣᠷᠣᠯᠠᠨ ᠪᠠᠶᠢᠭᠤᠯᠬᠤ ᠲᠥᠷᠥᠯ ᠵᠦᠶᠯ ᠢᠶᠠᠨ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠣᠷᠣᠯᠠᠨ ᠪᠠᠶᠢᠭᠤᠯᠬᠤ | ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠪᠠᠷᠢᠯᠭ᠎ᠠ ᠳᠠᠭᠤᠰᠣᠭᠰᠠᠨ ᠳᠤ ᠰᠢᠯᠭᠠᠨ ᠬᠤᠷᠢᠶᠠᠵᠣ ᠠᠪᠬᠤ ᠶᠢ ᠵᠣᠬᠢᠶᠠᠨ ᠪᠠᠶᠢᠭᠤᠯᠤᠨ᠎ᠠ᠃ | ᠪᠠᠷᠢᠯᠭ᠎ᠠ ᠶᠢ ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠲᠡᠷᠠᠭ᠎ᠠ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ ᠣᠷᠣᠯᠠᠨ ᠪᠠᠶᠢᠭᠤᠯᠬᠤ ᠨᠢᠭᠡᠴᠢ ᠨᠢ | ᠪᠠᠷᠢᠯᠭ᠎ᠠ ᠳᠠᠭᠤᠰᠤᠭᠰᠠᠨ ᠤ ᠳᠠᠷᠠᠭᠠᠬᠢ ᠡᠳ᠋ ᠤᠨ ᠶᠠᠪᠤᠳᠠᠯ ᠤᠨ ᠲᠥᠰᠦᠪ ᠤᠨ ᠭᠦᠢᠴᠡᠣᠡᠭᠡᠯ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠵᠣ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠶᠴᠡᠳᠬᠡᠨ᠎ᠡ᠃ | ᠨᠠᠶᠢᠳᠠᠵᠤ ᠣᠷᠣᠯᠠᠨ ᠪᠠᠶᠢᠭᠤᠯᠬᠤ ᠵᠠᠭᠪᠤᠷ ᠢ ᠬᠡᠷᠡᠭᠯᠡᠭᠰᠡᠨ ᠪᠣᠯ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠪᠠᠷᠢᠯᠭ᠎ᠠ ᠳᠠᠭᠤᠰᠤᠭᠰᠠᠨ ᠤ ᠳᠠᠷᠠᠭᠠᠬᠢ | ᠡᠳ᠋ ᠤᠨ ᠶᠠᠪᠤᠳᠠᠯ ᠤᠨ ᠲᠥᠰᠦᠪ ᠤᠨ ᠭᠦᠶᠴᠡᠳᠬᠡᠯ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ | ᠬᠢᠨᠠᠨ ᠵᠥᠪᠰᠢᠶᠡᠷᠡᠭᠦᠯᠣᠨᠠ᠃ | | ᠳᠥᠷᠪᠡᠳᠦᠭᠡᠷ ᠪᠦᠯᠦᠭ ᠣᠷᠣᠯᠠᠨ ᠪᠠᠶᠢᠭᠤᠯᠬᠤ ᠠᠵᠤ ᠠᠬᠤᠶᠢᠯᠠᠯ ᠤᠨ ᠬᠠᠮᠢᠶᠠᠷᠤᠯᠲᠠ | | ᠠᠷᠪᠠ ᠶᠢᠰᠦᠳᠦᠭᠡᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠢ ᠰᠣᠩᠭᠤᠬᠤ ᠳᠤ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ | ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠠᠤᠯᠢ ᠶᠣᠰᠣᠭᠠᠷ ᠰᠣᠩᠭᠤᠨ | ᠲᠣᠭᠲᠠᠭᠠᠨ᠎ᠠ᠃ | ᠬᠤᠷᠢᠳᠤᠭᠠᠷ ᠵᠦᠶᠯ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢ ᠡᠭᠦᠷᠭᠡᠯᠡᠬᠦ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠳᠣᠤᠷᠠᠬᠢ ᠦᠨᠳᠦᠰᠦᠨ | ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠭᠡᠳᠠᠨ ᠤ ᠬᠢᠷᠢ ᠭᠡᠮ ᠲᠠᠢ ᠪᠠᠶᠢᠬᠤ᠃ | ︵ᠬᠤᠶᠠᠷ︶ ᠪᠠᠷᠢᠯᠭ᠎ᠠ ᠶᠢᠨ ᠪᠦᠲᠦᠭᠡᠨ ᠪᠠᠶᠢᠭᠤᠯᠬᠤ ᠬᠡᠪᠴᠢᠶ᠎ᠡ ᠯᠦᠭᠡ ᠲᠣᠬᠢᠷᠠᠯᠴᠠᠭᠰᠠᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠠᠰᠠᠭᠤᠨ ᠯᠠᠪᠯᠠᠬᠤ | ᠂ ᠪᠠᠷᠢᠯᠭ᠎ᠠ ᠪᠠᠷᠢᠬᠤ᠂ ᠬᠢᠨᠠᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠨᠢᠭᠡ ᠨᠢ ᠪᠠᠶᠢᠬᠤ᠃ | ︵ᠭᠤᠷᠪᠠ︶ ᠣᠷᠣᠯᠠᠨ ᠪᠠᠶᠢᠭᠤᠯᠬᠤ ᠬᠠᠮᠢᠶᠠᠷᠤᠯᠲᠠ ᠯᠤᠭ᠎ᠠ ᠲᠣᠬᠢᠷᠠᠯᠴᠠᠭᠰᠠᠨ ᠵᠣᠬᠢᠶᠠᠨ ᠪᠠᠶᠢᠭᠤᠯᠵᠣ ᠬᠠᠮᠢᠶᠠᠷᠬᠤ ᠴᠢᠳᠠᠪᠤᠷᠢ ᠪᠠ ᠲᠤᠰᠬᠠᠶ ᠮᠡᠷᠭᠡᠵᠢᠯ ᠤᠨ | ᠠᠵᠢᠯᠲᠠᠨ ᠲᠠᠢ ᠪᠠᠶᠢᠬᠤ᠃ | ︵ᠳᠥᠷᠪᠡ︶ ᠰᠢᠯᠢᠳᠡᠭ ᠰᠠᠶᠢᠨ ᠡᠳ᠋ ᠤᠨ ᠶᠠᠪᠤᠳᠠᠯ ᠤᠨ ᠪᠠᠶᠢᠳᠠᠯ ᠂ ᠨᠡᠯᠢᠶᠡᠳ ᠥᠨᠳᠥᠷ ᠬᠥᠷᠥᠩᠭᠡ ᠢᠲᠡᠭᠡᠮᠵᠢ ᠶᠢᠨ ᠴᠢᠳᠠᠪᠤᠷᠢ ᠪᠠ ᠨᠡᠯᠢᠶᠡᠳ ᠴᠢᠩᠭ᠎ᠠ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠲᠠᠢ ᠪᠠᠶᠢᠬᠤ᠃ | ︵ᠲᠠᠪᠤ︶ ᠣᠷᠣᠯᠠᠨ ᠪᠠᠶᠢᠭᠤᠯᠬᠤ ᠬᠠᠮᠢᠶᠠᠷᠤᠯᠲᠠ ᠯᠤᠭ᠎ᠠ ᠲᠣᠬᠢᠷᠠᠯᠴᠠᠭᠰᠠᠨ ᠪᠦᠷᠢᠨ ᠲᠡᠭᠦᠯᠳᠡᠷ ᠵᠣᠬᠢᠶᠠᠨ ᠪᠠᠶᠢᠭᠤᠯᠣᠯᠳᠠ ᠶᠢᠨ ᠪᠠᠶᠢᠭᠤᠯᠤᠮᠵᠢ ᠪᠠ | ᠬᠠᠮᠢᠶᠠᠷᠤᠯᠲᠠ ᠶᠢᠨ ᠳᠦᠷᠢᠮ ᠲᠠᠢ ᠪᠠᠶᠢᠬᠤ᠃ | ︵ᠵᠢᠷᠭᠤᠭ᠎ᠠ︶ ᠠᠳᠠᠯᠢ ᠲᠥᠷᠥᠯ ᠤᠨ ᠪᠦᠲᠦᠭᠡᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠪᠠ ᠲᠤᠷᠰᠢᠯᠭ᠎ᠠ ᠲᠠᠢ ᠪᠠᠶᠢᠬᠤ᠃ | | ᠬᠤᠷᠢᠨ ᠨᠢᠭᠡᠳᠦᠭᠡᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠢ ᠰᠣᠩᠭᠤᠨ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠣᠷᠣᠯᠠᠨ ᠪᠠᠶᠢᠭᠤᠯᠬᠤ ᠠᠵᠤ ᠠᠬᠤᠶᠢᠯᠠᠯ ᠯᠤᠭ᠎ᠠ ᠲᠥᠷᠥᠯ ᠵᠦᠶᠯ ᠢ ᠨᠠᠶᠢᠳᠠᠵᠣ | ᠣᠷᠣᠯᠠᠨ ᠪᠠᠶᠢᠭᠤᠯᠬᠤ ᠭᠡᠷ᠎ᠡ ᠲᠣᠭᠳᠠᠨᠠ᠃ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠪᠣᠯᠵᠤᠭ᠎ᠠ ᠪᠠᠨ ᠭᠦᠶᠴᠡᠳᠬᠡᠬᠦ ᠳᠠᠭᠠᠭᠠᠯᠲᠠ ᠬᠠᠩᠭᠠᠵᠣ ᠦᠭᠭᠦ ᠬᠡᠷᠩᠳᠠᠢ᠂ | ᠪᠣᠳᠠᠲᠠᠶ ᠳᠠᠭᠠᠭᠠᠯᠲᠠ ᠬᠢᠬᠦ ᠬᠡᠯᠪᠡᠷᠢ ᠪᠠ ᠬᠠᠷᠢᠴᠠᠯ ᠢ ᠨᠢ ᠲᠥᠷᠥᠯ ᠵᠦᠶᠯ ᠤᠨ ᠣᠨᠴᠠᠯᠢᠭ ᠢ ᠦᠨᠳᠦᠰᠦᠯᠡᠨ ᠭᠡᠷ᠎ᠡ ᠳᠤ ᠪᠣᠯᠵᠣᠨ ᠲᠣᠭᠲᠠᠭᠠᠨ᠎ᠠ᠃ | ᠬᠤᠷᠢᠨ ᠬᠤᠶᠠᠳᠤᠭᠠᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠠᠯ ᠨᠢ ᠣᠷᠣᠯᠠᠨ ᠪᠠᠶᠢᠭᠤᠯᠬᠤ ᠬᠤᠭᠤᠴᠠᠭᠠᠨ ᠳᠤ ᠲᠣᠣᠷᠠᠬᠢ ᠦᠢᠯᠡ ᠠᠵᠢᠯᠯᠠᠭ᠎ᠠ ᠲᠠᠢ | ᠪᠠᠶᠢᠵᠤ ᠪᠣᠯᠬᠤ ᠦᠭᠡᠢ᠄ | ︵ᠨᠢᠭᠡ︶ ᠣᠷᠣᠯᠠᠨ ᠪᠠᠶᠢᠭᠤᠯᠬᠤ ᠲᠥᠷᠥᠯ ᠵᠦᠶᠯ ᠤᠨ ᠢᠶᠠᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠪᠠᠷᠢᠯᠭ᠎ᠠ ᠪᠠᠷᠢᠬᠤ᠂ ᠲᠥᠬᠦᠭᠡᠷᠦᠮᠵᠢ ᠮᠠᠲ᠋ᠧᠷᠢᠶᠠᠯ | ᠬᠠᠩᠭᠠᠬᠤ ᠵᠡᠷᠭᠡ ᠲᠤᠬᠠᠶᠢᠯᠠᠭᠰᠠᠨ ᠠᠵᠢᠯ ᠢ ᠵᠡᠷᠭᠡ ᠳᠤ ᠨᠢ ᠡᠭᠦᠷᠭᠡᠯᠡᠬᠦ᠃ | ︵ᠬᠤᠶᠠᠷ︶ ᠣᠷᠣᠯᠠᠨ ᠪᠠᠶᠢᠭᠤᠯᠬᠤ ᠲᠥᠷᠥᠯ ᠵᠦᠶᠯ ᠤᠨ ᠢᠶᠠᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠪᠠᠷᠢᠯᠭ᠎ᠠ ᠪᠠᠷᠢᠬᠤ᠂ ᠲᠥᠬᠦᠭᠡᠷᠦᠮᠵᠢ | ᠮᠠᠲ᠋ᠧᠷᠢᠶᠠᠯ ᠬᠠᠩᠭᠠᠬᠤ ᠵᠡᠷᠭᠡ ᠲᠣᠬᠠᠶᠢᠯᠠᠭᠰᠠᠨ ᠠᠵᠢᠯ ᠢ ᠬᠤᠪᠢ ᠡᠵᠡᠮᠳᠡᠭᠰᠡᠨ ᠬᠤᠪᠢ ᠣᠷᠣᠭᠤᠯᠤᠭᠴᠢ ᠨᠢ ᠠᠳᠠᠯᠢᠬᠠᠨ᠂ ᠬᠠᠤᠯᠢ ᠶᠢᠨ ᠡᠷᠬᠡᠲᠡᠨ ᠤ | ᠲᠥᠯᠥᠭᠡᠯᠡᠭᠴᠢ ᠨᠢ ᠠᠳᠠᠯᠢᠬᠠᠨ ᠪᠤᠶᠤ ᠬᠠᠷᠢᠶᠠᠯᠠᠭᠳᠠᠬᠤ ᠬᠠᠷᠢᠴᠠᠭ᠎ᠠ ᠲᠠᠢ᠂ ᠬᠤᠷᠰᠢᠨ ᠡᠵᠡᠩᠨᠡᠭᠰᠡᠨ ᠡᠰᠡᠭᠦᠯ᠎ᠠ ᠪᠤᠰᠤᠳ ᠠᠰᠢᠭ ᠲᠣᠰᠨ ᠶᠢᠨ ᠬᠠᠷᠢᠴᠠᠭ᠎ᠠ ᠲᠠᠢ ᠠᠵᠤ | ᠠᠬᠤᠶᠢᠯᠡᠯ ᠳᠤ ᠨᠠᠶᠢᠳᠠᠬᠤ᠃ | ︵ᠭᠤᠷᠪᠠ︶ ᠳᠠᠭᠠᠭᠠᠨ ᠠᠪᠤᠨᠨᠰᠠᠨ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢᠶᠠᠨ ᠪᠦᠬᠦᠨ ᠢ ᠪᠤᠶᠤ ᠬᠤᠪᠢᠶᠠᠷᠢᠯᠠᠭᠰᠠᠨ ᠤ ᠳᠠᠷᠠᠭ᠎ᠠ ᠪᠤᠰᠤᠳ ᠲᠤ | ᠰᠢᠯᠵᠢᠭᠦᠯᠦᠨ ᠬᠤᠳᠠᠯᠳᠣᠬᠤ᠃ | ︵ᠲᠦᠷᠪᠡ︶ ᠭᠡᠷ᠎ᠡ ᠳᠤ ᠪᠣᠯᠵᠣᠨ ᠲᠣᠭᠲᠠᠭᠠᠭᠰᠠᠨ ᠲᠦᠷᠣᠯ ᠵᠦᠢᠯ ᠤᠨ ᠭᠤᠤᠯ ᠬᠠᠷᠢᠭᠤᠴᠠᠯᠭᠠᠲᠠᠨ ᠪᠠ ᠮᠡᠷᠭᠡᠵᠢᠯᠲᠡᠨ ᠢ ᠲᠣᠷ᠎ᠠ ᠪᠠᠷ ᠢᠶᠠᠨ ᠰᠣᠯᠢᠬᠤ᠃ | ︵ᠲᠠᠪᠤ︶ ᠲᠥᠷᠥᠯ ᠵᠦᠶᠯ ᠤᠨ ᠭᠤᠤᠯ ᠬᠠᠷᠢᠭᠤᠴᠠᠯᠭᠠᠲᠠᠨ ᠨᠢ 2 ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠠᠵᠢᠯ ᠢ ᠬᠠᠮᠲᠤ | ᠳᠤ ᠨᠢ ᠡᠭᠦᠷᠭᠡᠯᠡᠵᠣ ᠪᠠᠶᠢᠬᠤ ᠪᠣᠶᠣ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠠᠰᠠᠭᠤᠨ ᠯᠠᠪᠯᠠᠬᠤ᠂ ᠪᠠᠷᠢᠯᠭ᠎ᠠ | ᠪᠠᠷᠢᠬᠤ᠂ ᠬᠢᠨᠠᠬᠤ᠂ ᠲᠥᠬᠦᠭᠡᠷᠦᠮᠵᠢ ᠮᠠᠲ᠋ᠧᠷᠢᠶᠠᠯ ᠬᠠᠩᠭᠠᠬᠤ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠵᠣ ᠪᠠᠶᠢᠬᠤ᠃ | ︵ᠵᠢᠷᠭᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠢ ᠳᠠᠭᠠᠭᠠᠨ ᠠᠪᠣᠭᠰᠠᠨ ᠪᠦᠲᠦᠭᠡᠨ ᠪᠠᠶᠢᠭᠤᠯᠣᠯᠳᠠ ᠳᠤ ᠣᠷᠣᠯᠴᠠᠵᠣ ᠪᠠᠶᠢᠭ᠎ᠠ ᠨᠢᠭᠡᠴᠢ ᠪᠤᠶᠤ ᠬᠤᠪᠢ | ᠬᠥᠮᠦᠨ ᠠᠴᠠ ᠵᠦᠶ ᠪᠤᠰᠤ ᠶᠢᠨ ᠶᠠᠮᠠᠷᠪᠠ ᠠᠰᠢᠭ ᠲᠤᠰᠠ ᠣᠯᠬᠤ᠃ | ︵ᠳᠣᠯᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠤᠨ ᠨᠢᠭᠤᠴᠠ ᠶᠢ ᠬᠠᠮᠠᠭᠠᠯᠠᠪᠠᠰᠣ ᠵᠣᠬᠢᠬᠤ ᠬᠤᠯᠪᠣᠭᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ | ᠵᠠᠳᠠᠷᠠᠭᠤᠯᠬᠤ᠃ | ︵ᠨᠠᠢᠮᠨ︶ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠣᠮᠵᠢ ᠪᠤᠶᠤ ᠬᠡᠷᠡᠭᠯᠡᠬᠦ ᠨᠢᠭᠡᠴᠢ ᠶᠢᠨ | ᠡᠷᠬᠡ ᠠᠰᠢᠭ ᠢ ᠬᠤᠬᠢᠷᠠᠭᠤᠯᠬᠤ ᠪᠤᠰᠤᠳ ᠦᠢᠯᠡ ᠠᠵᠢᠯᠯᠠᠭ᠎ᠠ᠃ | ᠬᠤᠷᠢᠨ ᠭᠤᠷᠪᠠᠳᠤᠭᠠᠷ ᠵᠦᠶᠯ ᠣᠷᠣᠯᠠᠨ ᠪᠠᠶᠢᠭᠤᠯᠬᠤ ᠠᠵᠤ ᠠᠬᠤᠶᠢᠯᠡᠯ ᠳᠤ ᠲᠣᠰ ᠠᠷᠭ᠎ᠠ ᠶᠢᠨ ᠬᠤᠷᠢᠨ ᠨᠠᠢᠮᠠᠳᠣᠭᠠᠷ ᠵᠦᠢᠯ ᠳᠤ ᠳᠤᠷᠠᠳᠤᠭᠰᠠᠨ ᠪᠠᠶᠢᠳᠠᠯ | ᠲᠠᠢ ᠪᠠᠶᠢᠪᠠᠯ᠂ ᠪᠣᠯᠵᠤᠭ᠎ᠠ ᠠᠴᠠ ᠵᠥᠷᠢᠴᠡᠭᠰᠡᠨ ᠵᠣᠬᠢᠬᠤ ᠬᠠᠷᠢᠭᠤᠴᠠᠯᠭ᠎ᠠ ︵ᠭᠡᠷ᠎ᠡ ᠳᠠᠬᠢ ᠪᠣᠳᠠᠳᠠᠢ ᠪᠣᠯᠵᠤᠭ᠎ᠠ︶ ᠶᠢ ᠡᠭᠦᠷᠭᠡᠯᠡᠬᠦ ᠠᠴᠠ ᠭᠠᠳᠠᠨ᠎ᠠ᠂ 3 ᠵᠢᠯ ᠤᠨ | ᠲᠣᠳᠣᠷ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠷᠣᠯᠠᠨ ᠪᠠᠶᠢᠭᠤᠯᠬᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠶ ᠮᠦᠷᠳᠡᠭᠡᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠶᠳᠪᠦᠷᠢᠯᠡᠨ᠎ᠡ᠃ | | ᠲᠠᠪᠤᠳᠤᠭᠠᠷ ᠪᠦᠯᠦᠭ ᠪᠡᠯᠡ ᠮᠦᠩᠭᠦᠨ ᠤ ᠬᠠᠮᠢᠶᠠᠷᠤᠯᠲᠠ | | ᠬᠤᠷᠢᠨ ᠳᠥᠷᠪᠡᠳᠦᠭᠡᠷ ᠵᠦᠢᠯ ᠣᠷᠣᠯᠠᠨ ᠪᠠᠶᠢᠭᠤᠯᠬᠤ ᠨᠢᠭᠡᠴᠢ ᠨᠢ ᠪᠣᠳᠠᠲᠠᠶ ᠠᠵᠢᠯ ᠤᠨ ᠠᠬᠢᠴᠠ ᠪᠠ ᠪᠡᠯᠡ ᠮᠦᠩᠭᠦᠨ ᠤ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ᠂ ᠲᠥᠷᠥᠯ ᠵᠦᠶᠯ ᠤᠨ ᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢᠨ ᠲᠥᠰᠦᠪ ᠢᠶᠠᠨ ᠨᠠᠶᠢᠷᠠᠭᠤᠯᠤᠨ ᠵᠣᠬᠢᠶᠠᠵᠣ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠬᠢᠨᠠᠨ ᠬᠠᠷᠭᠤᠭᠤᠯᠵᠤ ᠪᠠᠭᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠲᠥᠷᠥᠯ ᠵᠦᠶᠯ ᠤᠨ ᠵᠠᠷᠤᠯᠭ᠎ᠠ ᠶᠢ ᠵᠢᠯ ᠤᠨ ᠡᠬᠢᠨ ᠤ ᠲᠥᠰᠦᠪ ᠲᠤ ᠣᠷᠣᠭᠤᠯᠵᠤ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠶᠢ | ᠬᠡᠷᠡᠭᠵᠢᠭᠦᠯᠦᠨ᠎ᠡ᠃ | ᠬᠡᠷᠡᠭᠯᠡᠬᠦ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ | ᠪᠠᠭᠤᠯᠭᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠬᠤ ᠲᠥᠯᠥᠪᠯᠡᠭᠡ ᠪᠠ ᠦᠨᠳᠦᠰᠦᠨ ᠪᠦᠲᠦᠭᠡᠨ ᠪᠠᠶᠢᠭᠤᠯᠬᠤ ᠵᠠᠷᠤᠯᠭ᠎ᠠ ᠶᠢᠨ ᠲᠥᠰᠦᠪ ᠤᠨ ᠶᠣᠰᠣᠭᠠᠷ | ᠣᠷᠣᠯᠠᠨ ᠪᠠᠶᠢᠭᠤᠯᠬᠤ ᠲᠥᠷᠥᠯ ᠵᠦᠢᠯ ᠤᠨ ᠦᠪᠡᠰᠣᠪᠡᠨ ᠴᠣᠭᠯᠠᠭᠤᠯᠣᠭᠰᠠᠨ ᠪᠡᠯᠡ ᠮᠥᠩᠭᠦ ᠪᠤᠶᠤ ᠪᠤᠰᠤᠳ ᠲᠦᠭᠦᠷᠵᠢᠭᠦᠯᠣᠭ᠍ᠰᠡᠨ ᠪᠡᠯᠡ ᠮᠦᠩᠭᠦ ᠶᠢ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠯᠤᠭ᠎ᠠ ᠵᠡᠷᠭᠡ ᠳᠤ ᠨᠢ ᠠᠳᠠᠯᠢ ᠬᠠᠷᠢᠴᠠᠯ ᠢᠶᠠᠷ ᠣᠷᠣᠯᠠᠨ ᠪᠠᠶᠢᠭᠤᠯᠬᠤ ᠨᠢᠭᠡᠴᠢ ᠳᠤ ᠰᠠᠯᠭᠠᠨ ᠦᠭᠭᠦᠨ᠎ᠠ᠃ | ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠥᠩᠭᠦ ᠶᠢ ᠣᠷᠣᠯᠠᠨ ᠪᠠᠶᠢᠭᠤᠯᠬᠤ ᠨᠢᠭᠡᠴᠢ ᠶᠢᠨ ᠣᠷᠣᠯᠭ᠎ᠠ ᠶᠢᠨ ᠢᠷᠡᠯᠲᠡ ᠳᠤ ᠣᠷᠣᠭᠤᠯᠬᠤ ᠦᠭᠡᠶ᠂ | ᠣᠷᠣᠯᠠᠨ ᠪᠠᠶᠢᠭᠤᠯᠬᠤ ᠨᠢᠭᠡᠴᠢ ᠨᠢ ᠳᠡᠷᠨ ᠳᠣᠲᠣᠷ᠎ᠠ ᠠᠴᠠ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠢ ᠦᠪᠡᠰᠣᠪᠡᠨ ᠭᠠᠷᠭᠠᠨ ᠠᠪᠴᠤ ᠪᠣᠯᠬᠤ ᠦᠭᠡᠶ᠃ | ᠬᠤᠷᠢᠨ ᠲᠠᠪᠤᠳᠤᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠨᠢ ᠪᠦᠳᠦᠭᠡᠨ ᠪᠠᠶᠢᠭᠤᠯᠬᠤ ᠪᠡᠯᠡ ᠮᠥᠩᠭᠦ ᠶᠢ ᠣᠯᠣᠰ ᠠᠴᠠ ᠲᠣᠭᠲᠠᠭᠠᠭᠰᠠᠨ ᠦᠨᠳᠦᠰᠦᠨ | ᠪᠦᠳᠦᠭᠡᠨ ᠪᠠᠶᠢᠭᠤᠯᠬᠤ ᠲᠥᠰᠦᠪ ᠤᠨ ᠬᠠᠮᠢᠶᠠᠷᠤᠯᠲᠠ᠂ ᠦᠨᠳᠦᠰᠦᠨ ᠪᠦᠳᠦᠭᠡᠨ ᠪᠠᠶᠢᠭᠤᠯᠬᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ᠂ ᠪᠦᠳᠦᠭᠡᠨ | ᠪᠠᠶᠢᠭᠤᠯᠬᠤ ᠪᠡᠯᠡ ᠮᠦᠩᠭᠦᠨ ᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠵᠡᠷᠭᠡ ᠶᠢᠨ ᠱᠠᠭᠠᠷᠳᠠᠯᠭ᠎ᠠ ᠶᠣᠰᠣᠭᠠᠷ ᠴᠢᠩᠭ᠎ᠠ ᠬᠠᠮᠢᠶᠠᠷᠣᠨ᠂ ᠲᠤᠰᠠᠭᠠᠷ ᠳᠠᠩᠰᠠ | ᠪᠠᠶᠢᠭᠤᠯᠵᠣ ᠪᠠᠶᠢᠭᠠᠣᠨ ᠲᠣᠭᠠᠴᠠᠯᠠᠨ ᠪᠣᠳᠣᠵᠣ᠂ ᠪᠦᠲᠦᠭᠡᠨ ᠪᠠᠶᠢᠭᠤᠯᠬᠤ ᠪᠡᠯᠡ ᠮᠦᠩᠭᠦᠨ ᠤ ᠬᠡᠷᠩᠯᠡᠯᠳᠠ ᠶᠢᠨ ᠠᠮᠣᠷ ᠲᠦᠪᠰᠢᠨ ᠢ ᠪᠠᠲᠤᠯᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠣᠳᠣᠬᠤ ᠲᠢᠩᠬᠢᠮ ᠳᠤ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠮᠠᠲ᠋ᠧᠷᠢᠶᠠᠯ ︵ | ᠡᠯᠧᠺᠲᠷᠣᠨ ᠳ᠋ᠠᠶᠢᠲᠨ ᠶᠢᠨ ᠪᠢᠴᠢᠭᠯᠡᠯ ᠪᠠᠭᠲᠠᠨ᠎ᠠ︶ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠨᠢ ᠣᠷᠣᠯᠠᠨ ᠪᠠᠶᠢᠭᠤᠯᠬᠤ ᠲᠥᠷᠥᠯ ᠵᠦᠢᠯ ᠳᠤ ᠬᠠᠤᠯᠢ | ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ | ᠬᠤᠷᠢᠨ ᠳᠣᠯᠣᠳᠤᠭᠠᠷ ᠵᠦᠢᠯ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠳᠤ ᠵᠣᠭᠤᠰᠣᠨ ᠤ ᠲᠤᠭ᠎ᠠ ᠶᠢ ᠨᠢ ᠬᠢᠵᠠᠭᠠᠷᠯᠠᠨ ᠬᠠᠮᠢᠶᠠᠷᠬᠤ ᠶᠢ | ᠬᠡᠷᠡᠭᠵᠢᠭᠦᠯᠵᠦ᠂ ︽ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠬᠤ ᠥᠪᠡᠷ ᠤᠨ ᠥᠷᠲᠡᠭ ᠤᠨ ᠬᠠᠮᠢᠶᠠᠷᠤᠯᠲᠠ ᠶᠢᠨ | ᠲᠣᠭᠲᠠᠭᠠᠯ︾ ᠳᠠᠬᠢ ᠲᠥᠷᠥᠯ ᠵᠦᠶᠯ ᠤᠨ ᠪᠦᠲᠦᠭᠡᠨ ᠪᠠᠶᠢᠭᠤᠯᠬᠤ ᠬᠠᠮᠢᠶᠠᠷᠣᠯᠳᠠ ᠶᠢᠨ ᠵᠠᠷᠤᠳᠠᠯ ᠤᠨ ᠪᠠᠷᠢᠮᠵᠢᠶ᠎ᠠ ᠠᠴᠠ ᠦᠨᠳᠣᠷ ᠪᠠᠶᠢᠯᠭᠠᠬᠤ ᠦᠭᠡᠢ ᠪᠠᠷ ᠬᠢᠨᠠᠨ | ᠲᠣᠭᠲᠠᠭᠠᠵᠣ ︵ᠳᠠᠭᠠᠯᠳᠤᠭᠤᠯᠤᠯ ᠳᠤ ᠨᠠᠷᠢᠨ ᠦᠵᠡ︶᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠬᠦ ᠬᠡᠷᠡᠭᠲᠡᠶ᠃ ᠬᠡᠷᠡᠭᠯᠡᠬᠦ ᠨᠢᠭᠡᠴᠢ ᠪᠠ ᠣᠷᠣᠯᠠᠨ | ᠪᠠᠶᠢᠭᠤᠯᠬᠤ ᠨᠢᠭᠡᠴᠢ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠬᠠᠮᠢᠶᠠᠷᠣᠯᠳᠠ ᠶᠢᠨ ᠵᠠᠷᠤᠳᠠᠯ ᠢ ᠵᠠᠷᠴᠢᠮ ᠳᠡᠭᠡᠷ᠎ᠡ ᠪᠠᠨ 3᠄ 7 ᠶᠢᠨ ᠬᠠᠷᠢᠴᠠᠯ ᠢᠶᠠᠷ ᠬᠤᠪᠢᠶᠠᠨ | ᠨᠣᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠷᠥᠯ ᠵᠦᠶᠯ ᠤᠨ ᠠᠬᠢᠴᠨ ᠶᠢᠨ ᠪᠠᠶᠢᠳᠠᠯ ᠢ ᠦᠨᠳᠦᠰᠦᠯᠡᠨ ᠬᠤᠭᠤᠴᠠᠭ᠎ᠠ | ᠬᠤᠪᠢᠶᠠᠨ ᠰᠠᠯᠭᠠᠨ ᠦᠭᠭᠦᠨ᠎ᠠ᠃ | | ᠵᠢᠷᠭᠤᠳᠤᠭᠠᠷ ᠪᠦᠯᠦᠭ ᠱᠠᠩᠨᠠᠵᠤ ᠰᠢᠢᠣᠡᠭᠡᠭᠦ ᠲᠣᠭᠲᠠᠭᠠᠯ | | ᠬᠤᠷᠢᠨ ᠨᠠᠢᠮᠠᠳᠣᠭᠠᠷ ᠵᠦᠶᠯ ᠣᠷᠣᠯᠠᠨ ᠪᠠᠶᠢᠭᠤᠯᠬᠤ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢ ᠪᠦᠲᠦᠭᠡᠨ ᠪᠠᠶᠢᠭᠤᠯᠬᠤ ᠪᠡᠯᠡ ᠮᠥᠩᠭᠦ ᠵᠢᠴᠢ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠢ ᠥᠭᠬᠦ ᠪᠠᠨ ᠲᠦᠷ ᠵᠣᠭᠰᠣᠭᠠᠬᠤ ᠶᠢᠨ ᠬᠠᠮᠲᠤ᠂ ᠨᠢᠭᠡᠴᠢ | ᠶᠢᠨ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢᠨ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠣ ᠪᠠᠶᠢᠭᠠᠣᠨ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠣᠷᠣᠯᠠᠨ ᠪᠠᠶᠢᠭᠤᠯᠬᠤ ᠨᠢᠭᠡᠴᠢ ᠶᠢᠨ ᠰᠢᠯᠲᠠᠭᠠᠨ ᠠᠴᠠ ᠪᠣᠯᠵᠤ ᠪᠠᠷᠢᠯᠭ᠎ᠠ ᠶᠢᠨ ᠶᠠᠰᠤ ᠴᠢᠨᠠᠷ ᠨᠢ ᠬᠢᠷᠢ ᠲᠡᠩᠴᠡᠬᠦ ᠦᠭᠡᠢ ᠪᠣᠯᠤᠭᠰᠠᠨ ᠪᠠ ᠬᠦᠨᠳᠦ | ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ᠃ | ︵ᠬᠤᠶᠠᠷ︶ ᠬᠡᠷᠡᠭᠯᠡᠬᠦ ᠨᠢᠭᠡᠴᠢ ᠪᠤᠶᠤ ᠣᠷᠣᠯᠠᠨ ᠪᠠᠶᠢᠭᠤᠯᠬᠤ ᠲᠥᠷᠥᠯ ᠵᠦᠶᠯ ᠤᠨ ᠬᠠᠮᠢᠶᠠᠷᠤᠯᠲᠠ ᠶᠢᠨ ᠪᠠᠶᠢᠭᠤᠯᠣᠮᠵᠢ ᠯᠤᠭ᠎ᠠ ᠰᠥᠯᠪᠡᠭᠡᠯᠡᠵᠣ᠂ ᠤᠯᠤᠰ ᠤᠨ | ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠣᠭᠰᠠᠨ᠃ | ︵ᠭᠤᠷᠪᠠ︶ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ᠂ ᠬᠢᠨᠠᠬᠤ᠂ ᠠᠰᠠᠭᠤᠨ ᠯᠠᠪᠯᠠᠬᠤ᠂ | ᠲᠥᠬᠦᠭᠡᠷᠦᠮᠵᠢ ᠮᠠᠲ᠋ᠧᠷᠢᠶᠠᠯ ᠬᠠᠩᠭᠠᠬᠤ ᠵᠡᠷᠭᠡ ᠨᠢᠭᠡᠴᠢ ᠯᠦᠭᠡ ᠰᠥᠯᠪᠡᠭᠡᠯᠡᠵᠣ ᠵᠦᠶ ᠪᠤᠰᠤ ᠶᠢᠨ ᠠᠰᠢᠭ ᠲᠤᠰᠠ ᠣᠯᠣᠭᠰᠠᠨ︔ | ︵ᠳᠥᠷᠪᠡ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠦᠩᠭᠦᠨ ᠤ ᠬᠡᠷᠡᠭᠯᠡᠯᠲᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠲᠣᠭᠲᠠᠭᠠᠯ ᠠᠴᠠ ᠵᠥᠷᠢᠴᠡᠭᠰᠡᠨ᠃ | ︵ᠲᠠᠪᠤ︶ ᠣᠷᠣᠯᠠᠨ ᠪᠠᠶᠢᠭᠤᠯᠬᠤ ᠲᠤᠬᠠᠶᠢᠯᠠᠭᠰᠠᠨ ᠠᠵᠢᠯ ᠢ ᠰᠢᠯᠵᠢᠭᠦᠯᠵᠣ ᠬᠤᠳᠠᠯᠳᠣᠭᠰᠠᠨ᠃ | ︵ᠵᠢᠷᠭᠤᠭ᠎ᠠ︶ ᠣᠷᠣᠯᠠᠨ ᠪᠠᠶᠢᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠬᠤ ᠪᠤᠰᠤᠳ ᠡᠭᠦᠷᠭᠡ ᠶᠢ ᠲᠣᠭᠳᠠᠭᠠᠯ ᠠᠴᠠ ᠵᠦᠷᠢᠴᠠᠵᠣ ᠡᠭᠦᠷᠭᠡᠯᠡᠭᠰᠡᠨ᠃ | ︵ᠳᠣᠯᠤᠭ᠎ᠠ︶ ᠣᠷᠣᠯᠠᠨ ᠪᠠᠶᠢᠭᠤᠯᠬᠤ ᠲᠥᠷᠥᠯ ᠵᠦᠶᠯ ᠤᠨ ᠨᠢᠭᠤᠴᠠ ᠶᠢ ᠬᠠᠮᠠᠭᠠᠯᠠᠪᠡᠰᠣ ᠵᠣᠬᠢᠬᠤ ᠬᠤᠯᠪᠣᠭᠳᠠᠯ ᠪᠦᠭᠦᠢ ᠪᠠᠶᠢᠳᠠᠯ ᠪᠠ ᠮᠠᠲ᠋ᠧᠷᠢᠶᠠᠯ ᠢ | ᠵᠠᠳᠠᠷᠠᠭᠤᠯᠣᠭᠰᠠᠨ᠃ | ︵ᠨᠠᠢᠮᠨ︶ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠬᠤᠷᠢ ᠶᠢᠰᠦᠳᠦᠭᠡᠷ ᠵᠦᠶᠯ ᠬᠡᠷᠡᠭᠯᠡᠬᠦ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠢᠭᠡᠴᠢ | ᠶᠢᠨ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢᠨ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠣ ᠪᠠᠶᠢᠭᠠᠣᠨ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠠ᠃ | ︵ᠨᠢᠭᠡ︶ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠭᠰᠡᠨ ᠦᠭᠡᠢ᠂ ᠣᠷᠣᠯᠠᠨ ᠪᠠᠶᠢᠭᠤᠯᠬᠤ ᠨᠢᠭᠡᠴᠢ ᠯᠦᠭᠡ ᠢᠳᠡᠪᠬᠢᠲᠡᠢ ᠪᠥᠭᠡᠳ ᠪᠦᠲᠦᠮᠵᠢᠲᠡᠶ | ᠬᠠᠮᠵᠢᠯᠴᠠᠬᠰᠠᠨ ᠦᠭᠡᠢ᠂ ᠡᠰᠡᠬᠦᠯ᠎ᠡ ᠦᠪᠡᠰᠣᠪᠡᠨ ᠴᠣᠭᠯᠠᠭᠤᠯᠣᠭᠰᠠᠨ ᠪᠡᠯᠡ ᠮᠥᠩᠭᠦ ᠶᠢ ᠴᠠᠭ ᠲᠤ ᠪᠠᠨ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠣ ᠲᠥᠷᠥᠯ | ᠵᠦᠶᠯ ᠤᠨ ᠪᠦᠲᠦᠭᠡᠨ ᠪᠠᠶᠢᠭᠤᠯᠤᠯᠲᠠ ᠨᠢ ᠶᠠᠪᠤᠭᠳᠠᠬᠤ ᠶᠢᠨ ᠠᠷᠭ᠎ᠠ ᠦᠭᠡᠢ ᠪᠣᠯᠣᠭᠰᠠᠨ ᠪᠤᠶᠤ ᠪᠠᠷᠢᠯᠭ᠎ᠠ ᠶᠢᠨ ᠬᠤᠭᠤᠴᠠᠭ᠎ᠠ ᠶᠢ ᠬᠤᠶᠢᠰᠢᠯᠠᠭᠤᠯᠤᠭᠰᠠᠨ᠃ | ︵ᠬᠤᠶᠠᠷ︶ ᠣᠷᠣᠯᠠᠨ ᠪᠠᠶᠢᠭᠤᠯᠬᠤ ᠨᠢᠭᠡᠴᠢ ᠪᠤᠶᠤ ᠬᠠᠶᠢᠨ ᠪᠠᠶᠢᠴᠠᠭᠠᠬᠤ᠂ ᠵᠢᠷᠤᠵᠣ ᠲᠥᠯᠥᠪᠯᠡᠬᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠬᠤ᠂ | ᠬᠢᠨᠠᠬᠤ᠂ ᠠᠰᠠᠭᠤᠨ ᠯᠠᠪᠯᠠᠬᠤ᠂ ᠲᠥᠬᠦᠭᠡᠷᠣᠮᠵᠢ ᠮᠠᠲ᠋ᠧᠷᠢᠶᠠᠯ ᠬᠠᠩᠭᠠᠬᠤ ᠵᠡᠷᠭᠡ ᠨᠢᠭᠡᠴᠢ ᠯᠦᠭᠡ ᠰᠥᠯᠪᠡᠭᠡᠯᠡᠵᠣ᠂ ᠤᠯᠤᠰ ᠤᠨ ᠠᠰᠢᠭ ᠲᠤᠰᠠ ᠪᠤᠶᠤ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ᠃ | ︵ᠭᠤᠷᠪᠠ︶ ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠡᠯᠡ ᠮᠦᠩᠭᠦᠨ ᠤ ᠬᠡᠷᠡᠭᠯᠡᠯᠲᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠠᠴᠠ | ᠵᠥᠷᠢᠴᠡᠭᠰᠡᠨ᠃ | ︵ᠳᠥᠷᠪᠠ︶ ᠲᠥᠷᠥᠯ ᠵᠦᠢᠯ ᠤᠨ ᠠᠩᠬᠠᠨ ᠤ ᠵᠢᠷᠤᠭ ᠲᠥᠯᠥᠪᠯᠡᠭᠡ ᠶᠢ ᠴᠤᠬᠤᠯᠠᠪᠤᠷᠢᠯᠠᠭᠰᠠᠨ ᠤ ᠳᠠᠷᠠᠭ᠎ᠠ᠂ ᠪᠠᠷᠢᠯᠭ᠎ᠠ ᠶᠢᠨ ᠵᠢᠷᠤᠭ ᠵᠢᠷᠣᠵᠣ ᠲᠥᠯᠥᠪᠯᠡᠭᠰᠡᠨ | ᠪᠢᠴᠢᠭ ᠮᠠᠲ᠋ᠧᠷᠢᠶᠠᠯ ᠤᠨ ᠴᠢᠨᠠᠷ ᠢ ᠴᠢᠩᠭ᠎ᠠ ᠡᠵᠡᠮᠳᠡᠭᠰᠠᠨ ᠦᠭᠡᠢ ᠵᠢᠴᠢ ᠲᠥᠷᠥᠯ ᠵᠦᠶᠯ ᠤᠨ ᠪᠦᠲᠦᠭᠡᠨ ᠪᠠᠶᠢᠭᠤᠯᠬᠤ ᠶᠠᠪᠤᠴᠠ ᠳᠤ ᠵᠥᠪᠰᠢᠶᠡᠷᠡᠭᠦᠯᠣᠭ᠍ᠰᠡᠨ ᠦᠭᠡᠶ ᠪᠠᠷ | ᠲᠥᠷᠥᠯ ᠵᠦᠶᠯ ᠤᠨ ᠬᠡᠷᠡᠭᠯᠡᠬᠦ ᠴᠢᠳᠠᠮᠵᠢ ᠪᠦᠬᠦᠨ ᠢ ᠪᠤᠶᠤ ᠬᠡᠰᠡᠭ ᠢ ᠨᠢ ᠬᠤᠪᠢᠷᠠᠭᠠᠬᠤ᠂ ᠪᠦᠲᠦᠴᠡ ᠶᠢ ᠨᠢ ᠵᠠᠳᠠᠯᠵᠣ ᠥᠭᠡᠷᠡᠴᠢᠯᠡᠬᠦ᠂ ᠪᠦᠲᠦᠭᠡᠨ ᠪᠠᠶᠢᠭᠤᠯᠬᠤ | ᠪᠠᠷᠢᠮᠵᠢᠶ᠎ᠠ ᠶᠢ ᠨᠢ ᠳᠡᠭᠡᠭᠰᠢᠯᠡᠭᠦᠯᠬᠦ ᠶᠢ ᠳᠤᠷ᠎ᠠ ᠪᠠᠷ ᠢᠶᠠᠨ ᠱᠠᠭᠠᠷᠳᠠᠭᠰᠠᠨ ᠠᠴᠠ ᠪᠣᠯᠵᠣ ᠪᠡᠯᠡ ᠣᠷᠣᠭᠤᠯᠤᠯᠲᠠ ᠨᠢ ᠲᠦᠢᠮᠣ ᠲᠥᠰᠦᠪ ᠠᠴᠠ ᠳᠠᠪᠠᠭᠰᠠᠨ ᠪᠤᠶᠤ | ᠠᠬᠢᠴᠠ ᠶᠢ ᠨᠡᠯᠢᠶᠡᠳ ᠶᠡᠭᠡ ᠤᠳᠠᠭᠠᠰᠢᠷᠠᠭᠤᠯᠣᠭᠰᠠᠨ᠃ | ︵ᠲᠠᠪᠤ︶ ᠪᠠᠷᠢᠯᠭ᠎ᠠ ᠳᠠᠭᠤᠰᠣᠭᠰᠠᠨ ᠢ ᠰᠢᠯᠭᠠᠨ ᠬᠤᠷᠢᠶᠠᠵᠣ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠥᠷᠥᠯ ᠵᠦᠶᠯ ᠤᠨ ᠬᠦᠯᠢᠶᠡᠨ ᠠᠪᠬᠤ ᠶᠢ | ᠬᠤᠶᠢᠰᠢᠯᠠᠭᠤᠯᠣᠭᠰᠠᠨ᠃ | ︵ᠵᠢᠷᠭᠤᠭ᠎ᠠ︶ ᠬᠠᠤᠯᠢ ᠰᠠᠬᠢᠯᠭ᠎ᠠ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠭᠤᠴᠢᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠠ ᠶᠢᠨ ᠲᠢᠩᠬᠢᠮ ᠨᠢ | ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠡᠯᠲᠡ ᠶᠢᠨ ᠪᠤᠰᠤ ᠴᠢᠨᠠᠷᠲᠠᠶ | ᠲᠥᠷᠥᠯ ᠵᠦᠶᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠣᠨ᠂ ᠣᠷᠣᠯᠠᠨ ᠪᠠᠶᠢᠭᠤᠯᠬᠤ ᠲᠥᠷᠥᠯ ᠵᠦᠢᠯ ᠤᠨ ᠪᠠᠶᠢᠭᠤᠯᠣᠯᠳᠠ ᠳᠤ | ᠣᠷᠣᠯᠴᠠᠭᠰᠠᠨ ᠡᠯ᠎ᠠ ᠨᠢᠭᠡᠴᠢ ᠵᠢᠴᠢ ᠠᠵᠢᠯᠲᠠᠣᠨ ᠢ ᠬᠢᠨᠠᠨ ᠬᠠᠮᠢᠶᠠᠷᠬᠤ ᠲᠠᠪᠴᠠᠩ ᠳᠤ ᠨᠢᠭᠡᠳᠦᠯᠲᠡᠶ ᠣᠷᠣᠭᠤᠯᠵᠣ᠂ ᠭᠡᠷ᠎ᠡ ᠭᠦᠶᠴᠡᠳᠬᠡᠬᠦ ᠬᠠᠮᠢᠶᠠᠷᠤᠯᠲᠠ ᠶᠢ | ᠴᠢᠩᠭᠠᠳᠬᠠᠨ᠂ ᠦᠨᠡᠨᠴᠢ ᠢᠲᠡᠭᠡᠮᠵᠢ ᠶᠢᠨ ᠦᠨᠡᠯᠡᠯᠲᠡ ᠶᠢ ᠬᠠᠤᠯᠢ ᠲᠣᠭᠲᠠᠭᠠᠯ ᠶᠣᠰᠣᠭᠠᠷ ᠬᠢᠵᠦ᠂ ᠢᠲᠡᠭᠡᠮᠵᠢ ᠠᠯᠳᠠᠭᠰᠠᠨ ᠠᠵᠤ ᠠᠬᠤᠶᠢᠯᠠᠯ᠂ ᠢᠲᠡᠭᠡᠮᠵᠢ | ᠠᠯᠳᠠᠭᠰᠠᠨ ᠬᠥᠮᠦᠰ ᠢ ᠵᠠᠯᠬᠠᠭᠠᠨ ᠰᠢᠢᠣᠡᠭᠡᠨᠠ᠃ | ᠭᠤᠴᠢᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠳᠡᠳᠡᠭᠡᠷ ᠤᠨ ᠠᠵᠢᠯᠲᠠᠳ ᠨᠢ | ᠣᠷᠣᠯᠠᠨ ᠪᠠᠶᠢᠭᠤᠯᠬᠤ ᠲᠥᠷᠥᠯ ᠵᠦᠢᠯ ᠤᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠳᠤ ᠪᠠᠨ | ᠬᠤᠶᠢᠷᠭᠤᠰᠢᠨ ᠤᠳᠠᠭᠠᠰᠢᠷᠠᠭᠤᠯᠵᠣ ᠠᠯᠪᠠ ᠬᠠᠰᠢᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ | ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠦᠷᠢᠴᠡᠭᠰᠡᠨ᠂ ᠬᠡᠭᠡᠯᠢ ᠬᠠᠭ᠋ᠤᠤᠯᠢ ᠢᠳᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠴᠠᠭᠠᠵᠨ ᠰᠠᠬᠢᠯᠭ᠎ᠠ | ᠪᠠᠳᠣ ᠪᠠᠷ ᠰᠢᠶᠳᠬᠡᠯ ᠥᠭᠴᠦ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠲᠠᠢ ᠪᠠᠶᠢᠪᠠᠯ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ | ᠵᠡᠷᠭᠡ ᠳᠤ ᠨᠢ ᠬᠤᠷᠢᠶᠠᠨ ᠠᠪᠴᠤ᠂ ᠶᠠᠯ᠎ᠠ ᠳᠤ ᠭᠦᠷᠣᠭ᠍ᠰᠡᠨ ᠪᠠᠶᠢᠪᠠᠯ ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | | ᠭᠤᠴᠢᠨ ᠬᠤᠶᠠᠳᠤᠭᠠᠷ ᠵᠦᠶᠯ ᠡᠯ᠎ᠡ ᠠᠶᠢᠮᠠᠭ ᠬᠤᠲᠠ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠡᠷᠡᠭᠯᠡᠨ ᠡᠵᠡᠩᠨᠡᠯᠳᠠ ᠶᠢᠨ ᠪᠤᠰᠤ ᠴᠢᠨᠠᠷᠲᠠᠶ | ᠲᠥᠷᠥᠯ ᠵᠦᠶᠯ ᠤᠨ ᠣᠷᠣᠯᠠᠨ ᠪᠠᠶᠢᠭᠤᠯᠬᠤ ᠬᠠᠮᠢᠶᠠᠷᠤᠯᠲᠠ ᠶᠢ ᠬᠢᠬᠦ ᠳᠤ᠂ ᠲᠣᠰ ᠠᠷᠭ᠎ᠠ ᠪᠠᠷ ᠯᠠᠪᠯᠠᠯᠲᠠ ᠪᠣᠯᠭᠠᠵᠣ ᠬᠡᠷᠡᠭᠵᠢᠭᠦᠯᠦᠨ᠎ᠡ᠃ | ᠭᠤᠴᠢᠨ ᠭᠤᠷᠪᠠᠳᠤᠭᠠᠷ ᠵᠦᠶᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠣᠨ᠎ᠠ᠂ ︽ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠨ ᠣᠷᠣᠭᠤᠯᠣᠯᠳᠠ ᠲᠠᠢ ᠡᠵᠡᠩᠨᠠᠯᠳᠠ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ | ᠳᠦᠷᠢᠮ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠳᠠᠷᠬᠠᠭᠠᠭᠰᠠᠨ ﹇2009﹈ 127 ᠳ᠋ᠤᠭᠠᠷ ᠲᠣᠭᠠᠲᠤ︶ ᠢ | ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | ᠳᠠᠭᠠᠯᠳᠤᠭᠤᠯᠤᠯ᠄ ᠲᠥᠷᠥᠯ ᠵᠦᠢᠯ ᠤᠨ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠵᠠᠷᠤᠳᠠᠯ ᠤᠨ ᠶᠡᠷᠣᠩᠭᠡᠢ ᠲᠤᠭ᠎ᠠ ᠶᠢ ᠬᠢᠵᠠᠭᠠᠷᠯᠠᠬᠤ ᠵᠠᠷᠤᠳᠠᠯ ᠤᠨ | ᠨᠣᠷᠮ᠎ᠠ ᠶᠢᠨ ᠬᠦᠰᠦᠨᠦᠭᠲᠦ | | |