ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2020/8/4
             ᠥᠪᠥᠷ ᠵᠠᠰᠠᠭ ᠠᠯᠪᠠᠨ ᠲᠠᠷᠬᠠᠭᠠᠭᠰᠠᠨ ﹇2020  ﹈ 14 ᠳ᠋ᠦ᠋ᠭᠡᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ︹ 2019 ︺45 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ  ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ  ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠣ‌‍ᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠪᠠᠷ ᠬᠠᠷᠠᠯᠲᠠ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠪᠡᠯᠡ ᠮᠦᠩᠭᠦᠨ ᠤ ᠬᠠᠩᠭᠠᠯᠭ᠎ᠠ ᠶᠢ ᠴᠢᠩᠭᠠᠳᠬᠠᠬᠤ ᠪᠠ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠠᠷ ᠭᠤᠤᠯᠳᠠᠯᠭ᠎ᠠ ᠪᠣᠯᠭᠠᠨ᠂ ᠶᠠᠰᠤ ᠴᠢᠨᠠᠷ ᠢᠶᠠᠷ ᠭᠤᠣᠯ  ᠪᠣᠯᠭᠠᠬᠤ᠂ ᠠᠮᠤᠷ ᠲᠦᠪᠰᠢᠨ ᠢ ᠡᠷᠬᠢᠮᠯᠡᠬᠦ᠂ ᠠᠶᠠᠨᠳᠠᠭᠠᠨ ᠵᠤᠬᠢᠴᠠᠯᠳᠤᠬᠤ᠂ ᠪᠣᠬᠢᠷᠳᠤᠯ ᠦᠭᠡᠶ ᠪᠠᠷ ᠬᠥᠭᠵᠢᠭᠦᠯᠬᠦ ᠵᠠᠷᠴᠢᠮ  ᠪᠠ ᠲᠤᠬᠠᠶ ᠶᠢᠨ ᠭᠠᠵᠠᠷ ᠲᠤ ᠨᠢ ᠲᠣᠬᠢᠷᠠᠭᠤᠯᠬᠤ᠂ ᠢᠯᠭᠠᠭ᠎ᠠ ᠲᠠᠢ ᠪᠠᠷ ᠬᠠᠮᠢᠶᠠᠷᠬᠤ ᠣᠨᠣᠯᠵᠢᠬᠤᠨ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠦᠷᠢᠶ᠎ᠡ ᠴᠠᠷᠠᠭᠠᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠲᠦᠮᠡᠨ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠢ ᠬᠦᠴᠦᠯᠡᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠪᠣᠯᠣᠨ ᠪᠠᠲᠤᠯᠠᠭ᠎ᠠ ᠬᠠᠩᠭᠠᠬᠤ ᠬᠡᠷᠩᠳᠠᠢ᠃      ᠬᠤᠶᠠᠷ᠂ ᠠᠵᠢᠯ ᠤᠨ ᠬᠠᠷᠠᠯᠲᠠ      2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠲᠣᠳᠣᠷᠬᠠᠶ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠶ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠭᠰᠠᠨ ᠪᠠᠶᠢᠷᠢᠰᠢᠯ ᠢ ᠪᠣᠶ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠵᠠᠰᠠᠬᠤ ᠰᠢᠰᠲ᠋ᠧᠮᠴᠢ ᠶᠢ ᠠᠩᠬ᠎ᠠ ᠠᠯᠬᠤᠮ ᠪᠦᠷᠢᠯᠳᠦᠭᠦᠯᠣᠨ᠂  ᠠᠶᠠᠯᠠᠯ ᠨᠡᠪᠳᠡᠷᠡᠯ ᠤᠨ ᠨᠥᠬᠦᠴᠡᠯ ᠪᠣᠯᠤᠨ ᠵᠠᠮ ᠳᠠᠭᠠᠤ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠣ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠢᠭᠰᠠᠭᠠᠨ ᠠᠷᠠᠴᠢᠯᠠᠭᠰᠠᠨ ᠨᠣᠷᠮ᠎ᠠ ᠶᠢ 100%  ᠪᠣᠯᠭᠠᠵᠤ᠂ ᠵᠢᠯ ᠤᠨ ᠳᠤᠮᠳᠠᠴᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 5% ᠠᠴᠠ ᠳᠣᠤᠷ᠎ᠠ ᠪᠠᠶᠢᠯᠭᠠᠬᠤ ᠦᠭᠡᠶ᠂ ᠳᠤᠮᠳᠠ ᠵᠡᠷᠭᠡ ᠶᠢᠨ ᠵᠢᠴᠢ ᠲᠡᠭᠦᠨ ᠠᠴᠠ ᠳᠡᠭᠡᠭᠰᠢᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠬᠤ ᠦᠭᠡᠶ ᠪᠣᠯᠭᠠᠨ᠎ᠠ᠃      2035 ᠣᠨ ᠪᠣᠯᠬᠤ ᠳᠤ᠂ ᠰᠢᠰᠲ᠋ᠧᠮᠵᠢ ᠨᠢ ᠪᠦᠷᠢᠨ ᠲᠡᠭᠦᠯᠳᠡᠷ᠂ ᠪᠦᠲᠦᠴᠡ ᠨᠢ ᠰᠢᠨᠵᠢᠯᠡᠬᠦ ᠤᠬᠠᠭᠠᠨᠴᠢ᠂ ᠠᠵᠢᠯᠯᠠᠭᠠᠨ ᠨᠢ ᠤᠷᠤᠭᠰᠢᠲᠠᠢ᠂ ᠪᠠᠲᠤᠯᠠᠭ᠎ᠠ ᠰᠠᠶᠢᠲᠠᠢ ᠪᠠᠶᠢᠬᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠤᠨ᠂ ᠬᠤᠲᠠ ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠭᠦᠷᠢᠰᠢᠯᠲᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠵᠠᠮ ᠳᠠᠭᠠᠤ ᠶᠢᠨ ᠣᠷᠴᠢᠨ ᠲᠣᠭᠤᠷᠢᠨ ᠢ ᠦᠨᠳᠦᠰᠦᠨ ᠴᠢᠨᠠᠷᠲᠠᠶ ᠪᠠᠷ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠬᠤ ᠰᠢᠰᠲ᠋ᠧᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃      ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠳᠠ ᠶᠢᠨ ᠵᠣᠬᠢᠶᠠᠨ ᠪᠠᠶᠢᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠭᠦ ᠬᠡᠷᠩᠳᠠᠢ      ︵ᠨᠢᠭᠡ︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠤᠨ ᠡᠭᠦᠷᠭᠡ ᠬᠠᠷᠢᠭᠤᠴᠠᠯᠭ᠎ᠠ  ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠲᠥᠷᠥᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠠ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠣᠨ ᠤ ᠲᠥᠯᠥᠪᠯᠡᠭᠡ ᠶᠢ ᠬᠢᠨᠠᠨ ᠵᠥᠪᠰᠢᠶᠡᠷᠡᠵᠦ ᠳᠣᠷᠣᠭᠰᠢ ᠪᠠᠭᠤᠯᠭᠠᠬᠤ ᠠᠵᠢᠯ ᠢ ᠬᠠᠷᠢᠭᠤᠴᠠᠵᠤ᠂ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠬᠡᠷᠡᠭᠵᠢᠭᠦᠯᠵᠣ ᠪᠠᠶᠢᠭ᠎ᠠ ᠪᠠᠶᠢᠳᠠᠯ ᠪᠠ ᠠᠷᠠᠴᠢᠯᠠᠨ ᠬᠠᠮᠠᠭᠠᠯᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠣᠡᠬᠤ ᠪᠠ ᠬᠢᠨᠠᠯᠲᠠ ᠲᠠᠯᠪᠢᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠪᠡᠯᠡ ᠮᠦᠩᠭᠦᠨ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠬᠡᠷᠡᠭᠯᠡᠬᠦ ᠭᠠᠵᠠᠷ᠂ ᠮᠠᠲ᠋ᠧᠷᠢᠶᠠᠯ ᠤᠨ ᠲᠠᠯᠠᠪᠠᠢ ᠶᠢ ᠪᠠᠲᠤᠯᠠᠬᠤ ᠵᠢᠴᠢ ᠡᠯ᠎ᠡ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ ᠳᠦᠭᠦᠮᠴᠢᠯᠡᠬᠦ ᠶᠢ ᠨᠢ ᠬᠠᠷᠢᠭᠤᠴᠠᠵᠤ ᠵᠢᠯᠣᠭᠤᠳᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠨᠢ ᠡᠯ᠎ᠡ ᠭᠠᠵᠠᠷ ᠣᠷᠣᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ︵ᠲᠤᠰᠢᠶᠠᠬᠤ︶ ᠳᠠᠭᠤᠰᠴᠤ ᠰᠢᠯᠭᠠᠨ ᠬᠤᠷᠢᠶᠠᠵᠤ ᠠᠪᠬᠤ ᠠᠵᠢᠯ ᠳᠤ ᠣᠷᠣᠯᠴᠠᠬᠤ ᠶᠢ ᠬᠠᠷᠢᠭᠤᠴᠠᠵᠤ ᠵᠢᠯᠣᠭᠤᠳᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠥᠬᠦᠪᠥᠷᠢ ᠮᠥᠩᠭᠦ  ᠬᠤᠷᠠᠮᠳᠤᠭᠤᠯᠤᠨ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦᠨ ᠳᠤ ᠠᠮᠵᠢᠯᠲᠠ ᠪᠦᠲᠦᠮᠵᠢ ᠶᠢᠨ ᠰᠢᠯᠭᠠᠨ ᠦᠨᠡᠯᠡᠬᠦ ᠠᠵᠢᠯ ᠢ ᠴᠠᠭ ᠲᠤ ᠨᠢ ᠲᠣᠬᠢᠷᠠᠭᠤᠯᠤᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠳᠤ ᠬᠠᠷᠢᠭᠤᠴᠠᠵᠤ ᠬᠠᠮᠵᠢᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠨᠢᠭᠡᠳᠦᠯᠲᠡᠶ ᠲᠥᠯᠥᠪᠯᠡᠬᠦ ᠪᠠ  ᠵᠢᠯᠣᠭᠤᠳᠴᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠬᠦ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣ‌‍ᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠲᠣᠭᠲᠠᠭᠠᠯ ᠳᠦᠷᠢᠮ  ᠢ ᠪᠠᠶᠢᠭᠤᠯᠤᠨ  ᠪᠦᠷᠢᠨᠰᠢᠭᠦᠯᠵᠦ᠂ ᠠᠶᠢᠮᠠᠭ ᠬᠤᠲᠠ ᠶᠢᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠦᠬᠦᠪᠦᠷᠢ ᠪᠡᠯᠡ ᠮᠥᠩᠭᠦ ᠶᠢ ᠬᠤᠷᠠᠮᠳᠤᠭᠤᠯᠤᠨ ᠴᠤᠭᠯᠠᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠭᠦ ᠬᠡᠷᠡᠭᠲᠡᠶ᠃ ᠲᠤᠰ ᠭᠠᠵᠠᠷ ᠣᠷᠣᠨ ᠤ ᠪᠠᠨ ᠪᠣᠳᠠᠳᠠᠢ ᠲᠠᠢ ᠤᠶᠠᠯᠳᠤᠭᠤᠯᠤᠨ᠂ ᠵᠠᠮ ᠤᠨ ᠲᠠᠷᠤᠭ᠎ᠠ ᠶᠢᠨ ᠳᠦᠷᠢᠮ᠂ ᠪᠡᠯᠡ ᠮᠦᠩᠭᠦᠨ ᠤ ᠪᠠᠲᠤᠯᠠᠭ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ᠂ ᠠᠷᠠᠴᠢᠯᠠᠨ ᠬᠠᠮᠠᠭᠠᠯᠠᠬᠤ ᠶᠢ ᠵᠠᠬ᠎ᠠ ᠲᠡᠯᠭᠡᠭᠦᠷᠴᠢᠯᠡᠬᠦ᠂ ᠪᠡᠯᠡ ᠣᠷᠤᠭᠤᠯᠵᠤ ᠪᠡᠯᠡ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ᠂ ᠣᠯᠠᠨ ᠲᠦᠮᠡᠨ ᠣᠷᠣᠯᠴᠠᠬᠤ᠂ ᠵᠠᠰᠠᠭ ᠤᠨ ᠣᠷᠳᠣᠨ ᠰᠢᠯᠭᠠᠨ ᠬᠢᠨᠠᠬᠤ ᠵᠡᠷᠭᠡ ᠪᠠᠷ ᠵᠢᠱᠢᠶ᠎ᠡ ᠦᠵᠡᠭᠦᠯᠬᠦ ᠭᠤᠤᠯ ᠰᠡᠳᠦᠪ  ᠪᠣᠯᠭᠠᠵᠤ᠂ 1 — 2 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠤᠩᠭᠤᠵᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠰᠠᠶᠢᠨ ᠲᠤᠷᠰᠢᠯᠭ᠎ᠠ ᠰᠠᠶᠢᠨ ᠬᠢᠳᠡᠯ ᠢ ᠨᠠᠷᠢᠨ ᠬᠢᠨᠠᠮᠠᠭᠠᠶ ᠳ᠋ᠦᠩᠨᠡᠨ᠂ ᠨᠡᠶᠢᠲᠡᠯᠢᠭ ᠲᠤᠷᠰᠢᠯᠭ᠎ᠠ ᠶᠢ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠶᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠥᠭᠡᠷᠡᠴᠢᠯᠡᠯᠲᠡ ᠶᠢ ᠤᠷᠤᠭᠰᠢᠲᠠᠶ ᠶᠠᠪᠤᠭᠳᠠᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃      ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠤᠤᠯ ᠴᠣᠭᠴᠠ ᠶᠢᠨ ᠬᠠᠷᠢᠭᠤᠴᠠᠯᠭ᠎ᠠ  ᠪᠠᠨ ᠦᠨᠡᠨ ᠬᠦ ᠭᠦᠢᠴᠡᠳᠭᠡᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠲᠣᠰᠬᠤᠨ ᠤ ᠵᠠᠮ ᠢ ᠰᠢᠶᠠᠩ ᠲᠣᠰᠬᠤᠨ ᠠᠴᠠ ᠬᠠᠮᠢᠶᠠᠷᠬᠤ︾ ᠵᠠᠷᠴᠢᠮ ᠶᠣᠰᠣᠭᠠᠷ᠂ ᠲᠤᠰ ᠭᠠᠵᠠᠷ ᠣᠷᠣᠨ ᠤ ᠪᠣᠳᠠᠳᠠᠢ ᠲᠠᠢ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠯᠣᠭᠤᠣᠡᠴᠣ ᠬᠢᠨᠠᠯᠲᠠ ᠲᠠᠯᠪᠢᠬᠤ ᠬᠡᠷᠡᠭᠲᠡᠶ᠃ ᠲᠣᠰ ᠭᠠᠵᠠᠷ ᠣᠷᠣᠨ ᠤ ᠪᠠᠨ ᠪᠣᠳᠠᠳᠠᠢ ᠲᠠᠢ ᠤᠶᠠᠯᠳᠤᠭᠤᠯᠤᠨ᠂ ᠵᠠᠮ ᠤᠨ ᠲᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠷᠴᠠ ᠴᠢᠳᠠᠮᠠᠭᠠᠶ ᠪᠦᠭᠡᠳ ᠪᠦᠲᠦᠮᠵᠢ ᠰᠠᠶᠢᠲᠠᠢ᠂ ᠲᠤᠰᠬᠠᠶ ᠠᠵᠢᠯᠯᠠᠬᠤ ᠪᠠ ᠠᠵᠢᠯ ᠬᠠᠪᠰᠤᠷᠭᠠᠬᠤ ᠶᠢ ᠤᠶᠠᠯᠳᠤᠭᠤᠯᠬᠤ᠂ ᠲᠤᠰᠬᠠᠢ ᠠᠵᠢᠯᠯᠠᠬᠤ ᠪᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠵᠠᠮ ᠤᠨ ᠲᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ᠂ ᠮᠡᠳᠡᠭᠡ  ᠵᠠᠩᠬᠢᠴᠢᠯᠠᠯᠳᠠ ᠶᠢᠨ ᠠᠷᠭ᠎ᠠ ᠪᠠᠷᠢᠯ ᠢ  ᠠᠰᠢᠨᠨᠯᠠᠨ  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ  ᠵᠠᠩᠬᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ  ᠭᠠᠷᠭᠠᠨ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠵᠠᠮ ᠳᠤ ᠲᠤᠰᠬᠠᠶ ᠬᠠᠮᠢᠶᠠᠷᠤᠭᠴᠢ ᠲᠤᠬᠢᠷᠠᠭᠤᠯᠤᠨ᠎ᠠ᠂ ᠲᠤᠰᠬᠠᠢ ᠬᠠᠮᠢᠶᠠᠷᠤᠭᠴᠢ ᠶᠢᠨ ᠰᠣᠩᠭᠤᠨ ᠲᠣᠮᠢᠯᠠᠬᠤ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠲᠠᠢ ᠬᠠᠷᠢᠯᠴᠠᠨ ᠤᠶᠠᠯᠳᠤᠭᠤᠯᠵᠤ ᠶᠠᠳᠠᠭᠤ ᠬᠦᠴᠢᠷᠳᠡᠯᠲᠡᠢ ᠡᠷᠦᠬᠡ ᠳᠤ ᠠᠵᠢᠯ ᠣᠯᠭᠤᠬᠤ ᠲᠣᠬᠢᠶᠠᠯ  ᠬᠠᠩᠭᠠᠵᠣ ᠪᠣᠯᠣᠨ᠎ᠠ᠃ ︽ᠵᠠᠮ ᠪᠠᠶᠢᠪᠠᠯ ᠡᠷᠬᠡᠪᠰᠢ ᠠᠷᠠᠴᠢᠯᠠᠬᠤ᠂ ᠠᠷᠠᠴᠢᠯᠠᠪᠠᠯ ᠡᠷᠬᠡᠪᠰᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠣᠯᠠᠨ ᠨᠡᠶᠢᠲᠡ ᠶᠢᠨ ᠡᠩ ᠤᠨ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠪᠠ ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠣᠷᠣᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠎ᠠ᠃      ︵ᠳᠥᠷᠪᠡ︶ ᠰᠢᠶᠠᠩ ᠲᠣᠰᠬᠤᠨ ᠬᠤᠶᠠᠷ ᠱᠠᠲᠤᠨ ᠤ ᠦᠢᠯᠡᠳᠦᠯ ᠪᠣᠯᠤᠨ ᠮᠠᠯᠴᠢᠨ ᠲᠠᠷᠢᠶᠠᠴᠢᠨ ᠤ ᠢᠳᠡᠪᠬᠢᠵᠢᠯ ᠢ  ᠪᠠᠳᠠᠷᠠᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠡᠷᠴᠢᠮᠯᠢᠭ ᠪᠦᠭᠡᠳ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠤᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠶᠢᠨ ᠵᠣᠬᠢᠴᠠᠭᠤᠯᠬᠤ ᠠᠵᠢᠯ ᠢ ᠪᠣᠳᠠᠲᠠᠶ ᠬᠠᠷᠢᠭᠤᠴᠠᠬᠤ ᠶᠢᠨ ᠬᠠᠮᠲᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠴᠦ ᠪᠠᠶᠢᠭᠠᠳ ᠲᠤᠰᠬᠤᠨ ᠤ ᠵᠠᠮ ᠤᠨ ᠬᠠᠮᠢᠶᠠᠷᠤᠯᠲᠠ ᠠᠷᠠᠴᠢᠯᠠᠯᠲᠠ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠨᠢ ︽ᠣᠯᠠᠨ ᠲᠦᠮᠡᠨ ᠰᠠᠶᠢᠨ ᠳᠤᠷ᠎ᠠ ᠶᠢᠨ ᠪᠠᠶᠢᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠵᠠᠷᠴᠢᠮ ᠶᠣᠰᠣᠭᠠᠷ᠂ ᠲᠣᠰᠬᠤᠨ ᠤ ᠵᠠᠮ ᠤᠨ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠵᠤ᠂ ᠨᠢᠭᠡ ᠨᠢᠭᠡ ᠤᠴᠢᠷ ᠢᠶᠠᠷ ᠵᠥᠪᠯᠡᠬᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠶᠢ ᠠᠪᠴᠤ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠪᠣᠳᠠᠲᠠᠶ ᠡᠭᠦᠷᠭᠡ ᠬᠠᠷᠢᠭᠤᠴᠠᠯᠭ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠭᠲᠠᠭᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠱᠠᠭᠠᠷᠳᠠᠯᠭ᠎ᠠ ᠶᠢ ᠰᠢᠶᠠᠩ ᠤᠨ ᠳᠦᠷᠢᠮ ᠠᠷᠠᠳ ᠤᠨ ᠭᠡᠷ᠎ᠡ ᠪᠠ ᠭᠠᠴᠠᠭᠠᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ᠃ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠠᠪᠬᠤ ᠶᠢ ᠵᠣᠷᠢᠭᠵᠢᠭᠤᠯᠤᠨ᠂ ᠡᠳᠦᠷ ᠲᠤᠲᠤᠮ ᠤᠨ ᠠᠷᠠᠴᠢᠯᠠᠯᠳᠠ ᠬᠢᠭᠡᠳ ᠪᠠᠴᠢᠮ ᠪᠠᠶᠢᠳᠠᠯ ᠳᠤ ᠱᠠᠯᠠᠪᠳᠠᠨ ᠨᠡᠪᠲᠡᠷᠡᠭᠦᠯᠬᠦ ᠶᠢ ᠬᠤᠯᠪᠤᠨ ᠬᠡᠷᠡᠭᠵᠢᠭᠦᠯᠬᠦ ᠶᠢᠨ ᠬᠠᠮᠲᠤ ᠮᠠᠯᠴᠢᠨ ᠲᠠᠷᠢᠶᠠᠴᠢᠨ ᠳᠤ ᠲᠤᠰᠢᠶᠠᠵᠤ ᠳᠠᠭᠠᠭᠠᠴᠢᠯᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠡᠵᠡᠨ ᠮᠡᠳᠡᠨ ᠪᠡᠯᠡ ᠮᠦᠩᠭᠦ ᠬᠤᠷᠠᠮᠳᠤᠭᠤᠯᠤᠨ ᠴᠤᠭᠯᠠᠭᠤᠯᠵᠤ ᠬᠥᠳᠡᠯᠮᠦᠷᠢ ᠬᠦᠴᠦ ᠭᠠᠷᠭᠠᠬᠤ ᠶᠢ ᠵᠣᠷᠢᠭᠵᠢᠭᠤᠯᠵᠤ ᠪᠠᠶᠢᠭᠠᠳ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠪᠠ ᠵᠠᠮ ᠬᠠᠷᠢᠯᠴᠠᠭᠠᠨ  ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ᠃      ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ  ᠮᠦᠩᠭᠦᠨ ᠤ ᠬᠤᠷᠠᠮᠳᠤᠭᠤᠯᠤᠨ ᠠᠰᠢᠭᠯᠠᠬᠤ ᠠᠷᠭ᠎ᠠ ᠵᠠᠮ ᠢ ᠲᠣᠭᠲᠠᠭᠤᠨ ᠪᠠᠶᠢᠯᠭᠠᠬᠤ ᠬᠡᠷᠡᠭᠲᠡᠶ      ︵ᠨᠢᠭᠡ︶ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠤᠶᠢᠳᠭᠡᠯ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠳᠠᠬᠢ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠰᠢᠯᠵᠢᠭᠦᠯᠦᠨ ᠥᠭᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠨᠢ ᠥᠭᠡᠷᠡᠴᠢᠯᠡᠯᠲᠡ ᠶᠢᠨ ᠰᠠᠭᠤᠷᠢ ᠬᠤᠭᠤᠴᠠᠭ᠎ᠠ ᠶᠢᠨ ᠣᠨ ︵2009 ᠣᠨ︶ ᠤ ᠵᠠᠰᠠᠮᠠᠯ ᠵᠠᠮ ᠠᠷᠠᠴᠢᠯᠠᠬᠤ ᠰᠦᠢᠳᠭᠡᠯ ᠤᠨ ᠣᠷᠣᠯᠭ᠎ᠠ ᠶᠢᠨ ︽ᠵᠢᠷᠭᠤᠭᠠᠨ ᠰᠦᠢᠳᠭᠡᠯ︾ ︵ᠵᠠᠰᠠᠮᠠᠯ ᠵᠠᠮ ᠠᠷᠠᠴᠢᠯᠠᠬᠤ ᠰᠦᠢᠳᠭᠡᠯ᠂ ᠠᠶᠠᠯᠠᠯ ᠤᠨ ᠵᠠᠮ ᠱᠣᠭᠤᠮ ᠠᠷᠠᠴᠢᠯᠠᠬᠤ ᠰᠦᠢᠳᠭᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠭᠡᠯ᠂ ᠵᠠᠰᠠᠮᠠᠯ ᠵᠠᠮ ᠤᠨ ᠠᠶᠠᠨᠴᠢᠣᠨ ᠪᠠᠷᠠᠭ᠎ᠠ ᠵᠦᠭᠡᠭᠡᠪᠣᠷᠢ ᠶᠢᠨ ᠨᠠᠮᠠᠯᠳᠠ ᠰᠦᠢᠣᠡᠭᠡᠯ᠂ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠭᠡᠯ᠂ ᠤᠰᠤᠨ ᠲᠡᠭᠡᠭᠡᠪᠦᠷᠢ ᠶᠢᠨ ᠠᠶᠠᠨᠴᠢᠣᠨ ᠪᠠᠷᠠᠭ᠎ᠠ ᠵᠦᠭᠡᠭᠡᠪᠣᠷᠢ  ᠶᠢᠨ ᠨᠡᠮᠡᠯᠲᠡ ᠰᠦᠢᠳᠭᠡᠯ︶ ᠤᠨ ᠣᠷᠣᠯᠭ᠎ᠠ ᠳᠤ ᠡᠵᠡᠯᠡᠬᠦ ᠬᠠᠷᠢᠴᠠᠯ ᠠᠴᠠ ᠳᠣᠤᠷ᠎ᠠ  ᠪᠠᠶᠢᠯᠭᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠯᠵᠢᠭᠦᠯᠣᠨ ᠦᠭᠭᠦ ᠪᠡᠯᠡ ᠮᠦᠩᠭᠦ ᠶᠢ ᠡᠩ ᠤᠨ ᠵᠠᠰᠠᠮᠠᠯ ᠵᠠᠮ ᠠᠷᠠᠴᠢᠯᠠᠬᠤ ᠳᠤ ᠬᠡᠷᠡᠭᠯᠡᠬᠦ ᠬᠠᠷᠢᠴᠠᠯ ᠢ ᠨᠢ ᠶᠡᠷᠣ ᠳᠤ ᠪᠠᠨ 80% ᠠᠴᠠ ᠳᠣᠤᠷ᠎ᠠ  ᠪᠠᠶᠢᠯᠭᠠᠵᠤ ᠪᠣᠯᠬᠤ ᠦᠭᠡᠶ ᠮᠦᠷᠲᠡᠭᠡᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ 2022 ᠣᠨ ᠠᠴᠠ ᠡᠬᠢᠯᠡᠨ᠂ ᠲᠣᠰ ᠵᠦᠢᠯ ᠤᠨ ᠪᠠᠯᠠ ᠮᠥᠩᠭᠦ ᠶᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ ᠠᠵᠢᠯᠲᠠᠨ ᠵᠡᠷᠭᠡ ᠪᠤᠰᠤᠳ ᠵᠠᠷᠤᠯᠭ᠎ᠠ ᠳᠤ ᠳᠠᠭᠢᠵᠤ ᠵᠠᠷᠤᠯᠭ᠎ᠠ ᠪᠠᠷ ᠭᠠᠷᠭᠠᠬᠤ ᠥᠬᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠤᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠲᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ ᠶᠢᠨ ᠪᠡᠯᠡ ᠮᠥᠩᠭᠦ ᠬᠢᠭᠡᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠡᠰᠡᠭᠯᠡᠭᠰᠡᠨ ᠬᠡᠰᠡᠭ ᠤᠨ ᠨᠡᠶᠢᠯᠡᠪᠦᠷᠢ ᠶᠢᠨ ᠡᠵᠡᠯᠡᠬᠦ ᠬᠠᠷᠢᠴᠠᠯ ᠢ 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠪᠣᠳᠠᠳᠠᠢ ᠪᠠᠶᠢᠳᠠᠯ ᠳᠤ ᠳᠡᠭᠡᠷ᠎ᠡ ᠳᠤᠷᠠᠳᠤᠭᠰᠠᠨ ᠬᠠᠷᠢᠴᠠᠯ ᠠᠴᠠ ᠥᠨᠳᠥᠷ ᠪᠠᠶᠢᠪᠠᠯ ᠪᠠᠭᠤᠷᠠᠭᠤᠯᠵᠤ ᠪᠣᠯᠬᠤ ᠦᠭᠡᠶ᠃      ︵ᠬᠤᠶᠠᠷ︶ ᠡᠳ᠋ ᠤᠨ ᠵᠠᠰᠠᠭ ᠤᠨ ᠪᠡᠯᠡ ᠮᠥᠩᠭᠦ ᠪᠠᠷ ᠳᠡᠮᠵᠢᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠬᠤ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠬᠠᠷᠢᠶᠠᠯᠠᠭᠳᠠᠵᠣ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠬᠤᠰᠢᠭᠤ ᠰᠢᠶᠠᠨ ︵ᠬᠤᠲᠠ᠂ ᠲᠣᠭᠤᠷᠢᠭ︶  ᠦᠪᠡᠷ ᠤᠨ ᠡᠳ᠋ ᠤᠨ ᠬᠦᠴᠦᠨ ᠢᠶᠠᠷ ᠢᠶᠠᠨ ᠲᠣᠬᠢᠷᠠᠭᠤᠯᠵᠣ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠣᠷᠣᠯᠭ᠎ᠠ ᠵᠠᠷᠤᠯᠭ᠎ᠠ ᠶᠢᠨ  ᠲᠤᠳᠠᠪᠤᠷᠢ ᠣᠷᠣᠰᠢᠵᠤ ᠪᠠᠶᠢᠪᠡᠯ᠂ ᠳᠡᠭᠡᠲᠥ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠵᠣ ᠵᠣᠬᠢᠬᠤ ᠬᠡᠮᠵᠢᠶᠡᠨ ᠤ ᠪᠡᠯᠡ ᠮᠦᠩᠭᠦᠨ ᠤ ᠳᠡᠮᠵᠢᠯᠭᠡ ᠦᠵᠡᠭᠦᠯᠵᠦ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠪᠤᠴᠠᠭᠠᠯᠲᠠ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ ᠬᠡᠷᠡᠭᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠤᠨ ᠠᠷᠠᠴᠢᠯᠠᠯᠳᠠ ᠳᠤ ᠣᠷᠤᠭᠤᠯᠬᠤ ᠬᠠᠷᠢᠴᠠᠯ ᠢ ᠨᠢ 25%᠂ 25%᠂ 50% ᠪᠠᠶᠢᠯᠭᠠᠬᠤ ᠶᠢᠨ ᠬᠠᠮᠲᠤ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠢᠯ ᠯᠦᠭᠡ ᠬᠤᠯᠪᠣᠭᠰᠠᠨ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠢᠯ ᠪᠦᠷᠢ ᠺᠢᠯᠣᠮᠧᠲᠷ ᠪᠦᠷᠢ ᠶᠢᠨ ᠡᠳᠦᠷ ᠲᠤᠲᠤᠮ ᠤᠨ ᠠᠷᠠᠴᠢᠯᠠᠯᠳᠠ ᠳᠤ ᠬᠡᠷᠡᠭᠯᠡᠬᠦ ᠶᠡᠷᠦᠩᠬᠡᠶ ᠵᠤᠭᠤᠰᠤᠨ ᠲᠤᠭ᠎ᠠ ᠶᠢ ᠳᠣᠤᠷᠠᠬᠢ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠄ ᠰᠢᠶᠠᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 10000 ᠲᠥᠭᠦᠷᠢᠭ᠂ ᠰᠢᠶᠠᠩ ᠤᠨ ᠵᠠᠮ  ᠳᠤ ᠵᠢᠯ ᠪᠦᠷᠢ ᠺᠢᠯᠣᠮᠧᠲᠷ ᠪᠦᠷᠢ ᠳᠤ 5000 ᠲᠥᠭᠦᠷᠢᠭ᠂ ᠲᠣᠰᠬᠤᠨ ᠤ ᠵᠠᠮ ᠳᠤ ᠵᠢᠯ ᠪᠦᠷᠢ ᠺᠢᠯᠣᠮᠧᠲᠷ ᠪᠦᠷᠢ ᠳᠤ 3000 ᠲᠥᠭᠦᠷᠢᠭ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠲᠥᠯᠥᠪᠯᠡᠭᠡ ᠪᠠ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠵᠣ ᠲᠣᠭᠲᠠᠭᠠᠬᠤ ᠳᠤ ᠪᠠᠨ᠂ ᠵᠠᠰᠠᠮᠠᠯ ᠵᠠᠮ ᠤᠨ ᠪᠠᠶᠢᠳᠠᠯ᠂ ᠵᠠᠮ ᠬᠠᠷᠢᠯᠴᠠᠭᠠᠨ ᠤ ᠴᠤᠪᠤᠷᠠᠯᠲᠠ᠂ ᠵᠠᠮ ᠤᠨ ᠭᠠᠵᠡᠷ ᠤᠨ ᠭᠠᠳᠠᠷᠭᠤ ᠶᠢᠨ ᠲᠥᠷᠥᠯ ᠬᠡᠯᠪᠡᠷᠢ᠂ ᠵᠠᠮ ᠤᠨ ᠦᠷᠭᠡᠴᠡ ᠵᠡᠷᠭᠡ ᠬᠦᠴᠦᠨ ᠵᠦᠢᠯ ᠢ ᠦᠨᠳᠦᠰᠦᠯᠡᠵᠣ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠶ᠃      ︵ᠭᠤᠷᠪᠠ︶ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ ᠬᠤᠯᠪᠣᠭᠳᠠᠭᠤᠯᠣᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ ᠬᠡᠷᠡᠭᠯᠡᠬᠦ ᠪᠡᠯᠡ  ᠮᠦᠩᠬᠦᠨ ᠤ ᠬᠡᠷᠡᠭᠵᠢᠭᠦᠯᠬᠦ ᠪᠦᠬᠦ ᠶᠠᠪᠤᠴᠠ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ  ᠣᠷᠣᠨ ᠤ ᠵᠠᠰᠠᠮᠠᠯ ᠵᠠᠮ  ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠳᠤ ᠬᠢᠨᠠᠯᠲᠠ ᠳᠠᠯᠪᠢᠵᠣ ᠬᠠᠮᠢᠶᠠᠷᠬᠤ ᠪᠠᠨ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠦᠲᠦᠭᠡᠨ ᠪᠠᠶᠢᠭᠤᠯᠬᠤ— ᠰᠢᠯᠵᠢᠭᠦᠯᠦᠨ ᠲᠤᠰᠢᠶᠠᠬᠤ ︵BT︶ ᠵᠠᠭᠪᠤᠷ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ ᠣᠷᠣᠨ ᠨᠤᠲᠤᠭ ᠤᠨ ᠬᠢᠨ ᠤ ︽ᠪᠠᠶᠢᠭᠤᠯᠵᠣ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ ᠳᠠᠯᠳᠠ ᠥᠷᠢ ᠥᠭᠴᠡᠭᠡ ᠰᠢᠨ᠎ᠡ ᠪᠠᠷ  ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠤᠨ  ᠠᠷᠠᠴᠢᠯᠠᠨ ᠬᠠᠮᠠᠭᠠᠯᠠᠬᠤ ᠪᠡᠯᠡ ᠮᠦᠩᠭᠦᠨ ᠳᠤ ᠡᠷᠬᠡᠪᠰᠢ ᠲᠤᠰᠬᠠᠢ ᠵᠣᠭᠤᠰ ᠢ ᠲᠤᠰᠬᠠᠶ ᠵᠦᠢᠯ ᠳᠤ ᠬᠡᠷᠡᠭᠯᠡᠵᠣ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠬᠢᠨᠠᠨ ᠪᠣᠳᠣᠬᠤ ᠰᠠᠯᠠᠭ᠎ᠠ ᠮᠥᠴᠢᠷ  ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ  ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ᠬᠡᠷᠡᠭᠯᠡᠭᠰᠡᠨ ᠪᠠᠶᠢᠳᠠᠯ ᠳᠤ ᠲᠣᠭᠲᠠᠮᠡᠯ ᠬᠤᠭᠤᠴᠠᠭ᠎ᠠ ᠲᠠᠢ ᠪᠠᠷ ᠬᠢᠨᠠᠨ ᠪᠣᠳᠣᠯᠲᠠ ᠬᠢᠬᠦ ᠬᠡᠷᠡᠭᠲᠡᠶ᠃       ︵ᠳᠥᠷᠪᠡ︶ ᠪᠡᠯᠡ ᠣᠷᠣᠭᠤᠯᠵᠤ ᠪᠡᠯᠨ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠠᠰᠠᠭ ᠤᠨ ᠣᠷᠳᠣᠨ ᠤ ᠪᠡᠯᠡ  ᠮᠦᠩᠭᠦᠨ ᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠪᠡᠯᠡ ᠮᠦᠩᠭᠦ ᠪᠠᠷ ᠨᠦᠬᠦᠪᠦᠷᠢᠯᠡᠭᠦ᠂  ᠤᠷᠢᠳ ᠢᠶᠠᠷ ᠠᠷᠠᠴᠢᠯᠠᠵᠤ ᠳᠠᠷᠠᠭ᠎ᠠ ᠳᠤ ᠨᠢ ᠨᠥᠬᠦᠪᠥᠷᠢᠯᠡᠬᠦ᠂ ᠱᠠᠩᠨᠠᠬᠤ ᠪᠠᠷ  ᠨᠦᠭᠦᠪᠦᠷᠢᠯᠡᠬᠦ ᠶᠢ ᠣᠷᠣᠯᠠᠭᠤᠯᠬᠤ᠂ ᠦᠨ᠎ᠡ ᠲᠥᠯᠥᠪᠦᠷᠢ ᠦᠭᠡᠢ ᠪᠠᠷ ᠮᠠᠲ᠋ᠧᠷᠢᠶᠠᠯ ᠤᠨ ᠲᠠᠯᠠᠪᠠᠢ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ  ᠲᠡᠮᠵᠢᠯᠬᠡ ᠦᠵᠡᠬᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠥᠭᠵᠢᠭᠦᠯᠭᠦ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠭᠦ ᠬᠡᠪᠴᠢᠶᠡᠨ ᠳᠤ ᠣᠷᠣᠭᠤᠯᠣᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠵᠣᠬᠢᠬᠤ ᠴᠠᠭ ᠬᠤᠭᠤᠴᠠᠭᠠᠨ ᠤ ᠠᠷᠠᠴᠢᠯᠠᠯᠲᠠ ᠬᠠᠮᠠᠭᠠᠯᠠᠯᠲᠠ ᠶᠢ ᠬᠤᠯᠪᠤᠵᠦ ᠳᠠᠭᠠᠭᠠᠴᠢᠯᠠᠯᠲᠠ ᠵᠠᠷᠯᠠᠬᠤ ᠶᠢ ᠨᠢ ᠵᠣᠷᠢᠭᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠢ ᠲᠥᠷᠥᠯ ᠵᠦᠢᠯ ᠯᠦᠭᠡ ᠨᠢᠭᠡ ᠴᠣᠭᠴᠠᠵᠢᠭᠤᠯᠣᠨ ᠨᠡᠬᠡᠭᠡᠭᠦ  ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ ᠣᠯᠵᠠᠪᠤᠷᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠷ ᠮᠡᠳᠡᠭᠡ ᠨᠠᠶᠢᠳᠡᠯᠡᠭᠦ ᠡᠷᠬᠡ ᠶᠢ ᠬᠤᠳᠠᠯᠳᠤᠭᠠᠯᠠᠬᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠢᠨ ᠤ ᠡᠳ᠋ ᠮᠥᠩᠭᠦ ᠬᠠᠨᠳᠢᠪᠯᠠᠬᠤ ᠵᠡᠷᠭᠡ ᠠᠷᠭ᠎ᠠ ᠮᠠᠶ᠋ᠢᠭ ᠢᠶᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ  ᠠᠷᠠᠴᠢᠯᠠᠨ ᠬᠠᠮᠠᠭᠠᠯᠠᠬᠤ ᠪᠡᠯᠡ ᠮᠥᠩᠭᠦ ᠪᠠᠨ ᠬᠤᠷᠠᠮᠳᠤᠭᠤᠯᠤᠨ ᠴᠤᠭᠯᠠᠭᠤᠯᠬᠤ ᠶᠢ ᠵᠣᠷᠢᠭᠵᠢᠭᠤᠯᠣᠨ᠎ᠠ᠃ ᠳᠠᠭᠠᠳᠬᠠᠯ ᠤᠨ ᠪᠡᠯᠡ  ᠮᠦᠩᠭᠦ ᠶᠢ ᠵᠣᠷᠢᠭᠵᠢᠭᠤᠯᠵᠣ ᠪᠠᠶᠢᠭᠠᠳ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠬᠠᠤᠯᠢ ᠲᠣᠭᠲᠠᠭᠠᠯ ᠳᠤ ᠨᠡᠶᠢᠴᠡᠭᠦᠯᠦᠨ  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠣᠷᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠠᠮᠰᠢᠭ ᠲᠤ ᠡᠪᠳᠡᠭᠳᠡᠬᠦ ᠳᠠᠭᠠᠳᠬᠠᠯ ᠢ ᠰᠦᠪᠡᠭᠴᠢᠯᠡᠨ ᠥᠷᠨᠢᠭᠦᠯᠣᠨ᠎ᠠ᠃      ᠲᠠᠪᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ      ︵ᠨᠢᠭᠡ︶ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠠᠵᠢᠯ ᠢᠶᠠᠨ ᠵᠣᠬᠢᠰᠲᠠᠶ ᠬᠤᠪᠢᠶᠠᠷᠢᠯᠠᠭᠰᠠᠨ ᠠᠷᠠᠴᠢᠯᠠᠯᠳᠠ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ᠂ ᠣᠨᠴᠠᠭᠠᠶᠢᠯᠠᠨ ᠨᠢᠭᠡ ᠪᠦᠯᠣᠭ᠌ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ᠂ ᠮᠡᠷᠭᠡᠵᠢᠯ ᠨᠢ ᠨᠠᠷᠢᠨ ᠪᠣᠳᠣᠯᠢᠶᠠᠨᠲᠠᠢ ᠲᠤᠰᠬᠠᠶ ᠲᠦᠷᠣᠯ ᠤᠨ ᠢᠨᠵᠧᠨᠧᠷᠢᠩ ᠢ ᠪᠣᠯ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠬᠢᠷᠢ ᠬᠡᠮ ᠲᠠᠢ ᠠᠷᠠᠴᠢᠯᠠᠯᠳᠠ ᠦᠢᠯᠡᠳᠪᠦᠷᠢᠯᠡᠯ ᠤᠨ ᠠᠵᠤ ᠠᠬᠤᠶᠢᠯᠠᠯ ᠢ   ᠰᠣᠩᠭᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠮᠵᠢᠶᠡᠯᠡᠵᠣ ᠵᠠᠷᠣᠳᠠᠯ ᠥᠭᠬᠦ ᠪᠠ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠰᠢᠶᠠᠩ ᠤᠨ ᠵᠠᠮ ᠵᠢᠴᠢ ᠲᠣᠰᠬᠤᠨ ᠤ ᠵᠠᠮ ᠤᠨ ᠡᠳᠦᠷ ᠲᠤᠲᠤᠮ ᠤᠨ ᠠᠷᠢᠭᠤᠨ ᠴᠡᠪᠡᠷ ᠢ ᠵᠠᠮ ᠳᠠᠭᠠᠤ ᠳᠠᠬᠢ ᠣᠯᠠᠨ ᠲᠦᠮᠡᠨ ᠳᠤ ᠳᠠᠭᠠᠭᠠᠴᠢᠯᠠᠭᠤᠯᠣᠨ ᠠᠷᠠᠴᠢᠯᠠᠭᠤᠯᠬᠤ᠂ ︽ᠵᠠᠰᠠᠮᠠᠯ ᠵᠠᠮ ᠢ  ᠠᠷᠠᠴᠢᠯᠠᠨ ᠬᠠᠮᠠᠭᠠᠯᠠᠬᠤ + ᠲᠤᠶᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ︾  ᠶᠢᠨ ᠠᠷᠠᠴᠢᠯᠠᠨ ᠬᠠᠮᠠᠭᠠᠯᠠᠬᠤ ᠬᠡᠪ ᠵᠠᠭᠪᠤᠷ ᠢᠶᠠᠷ ᠳᠠᠮᠵᠢᠭᠤᠯᠵᠣ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠᠷ ᠭᠤᠣᠯ ᠴᠣᠭᠴᠠ ᠪᠣᠯᠭᠠᠵᠤ᠂ ᠵᠠᠰᠠᠮᠠᠯ ᠵᠠᠮ ᠳᠠᠭᠠᠤ ᠶᠢᠨ ᠮᠠᠯᠴᠢᠨ ᠲᠠᠷᠢᠶᠠᠴᠢᠨ ᠳᠤ ᠲᠤᠰᠢᠶᠠᠵᠤ ᠬᠠᠷᠢᠭᠤᠴᠠᠭᠤᠯᠤᠨ᠂ ᠬᠤᠪᠢ ᠬᠥᠮᠦᠨ᠂ ᠭᠡᠷ ᠪᠦᠯᠢ ᠬᠡᠰᠡᠭᠯᠡᠨ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠶᠢᠨ ᠬᠠᠮᠲᠤ᠂ ᠰᠢᠯᠢᠳᠡᠭ ᠢ ᠨᠢ ᠦᠯᠡᠳᠡᠭᠡᠵᠦ ᠰᠠᠭᠠᠷᠠᠤ ᠶᠢ ᠨᠢ ᠰᠢᠭᠰᠢᠭᠳᠡᠭᠦᠯᠭᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠶᠢᠨ ᠬᠠᠷᠢᠴᠠᠩᠭᠤᠢ ᠲᠣᠭᠲᠠᠭᠤᠨ ᠪᠠᠶᠢᠬᠤ ᠣᠯᠠᠨ ᠲᠦᠮᠡᠨᠴᠢ ᠴᠢᠨᠠᠷᠲᠠᠶ  ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠮ ᠱᠤᠭᠤᠮ ᠨᠢ ᠨᠡᠯᠢᠶᠡᠳ ᠤᠷᠲᠤ᠂ ᠵᠠᠮ ᠳᠠᠭᠠᠤ ᠳᠠᠬᠢ ᠰᠠᠭᠤᠭᠠᠯᠢ ᠠᠷᠠᠳ ᠨᠡᠯᠢᠶᠠᠣᠨ ᠴᠥᠭᠡᠨ ᠰᠢᠶᠠᠩ ᠲᠣᠰᠬᠤᠨ ᠤ ᠬᠠᠶᠢᠷ ᠴᠢᠯᠠᠭᠤᠯᠢᠭ ᠵᠠᠮ ᠳᠤ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠨᠢ ᠬᠠᠪᠤᠷ ᠨᠠᠮᠤᠷ ᠬᠣ‌‍ᠶᠠᠷ ᠤᠯᠠᠷᠢᠯ ᠳᠤ ᠣᠶᠢᠷ᠎ᠠ ᠬᠠᠪᠢ ᠶᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠣᠷᠣᠭᠤᠯᠬᠤ ᠬᠡᠯᠪᠡᠷᠢ ᠪᠠᠷ ᠳᠠᠮᠵᠢᠭᠤᠯᠤᠨ ᠲᠦᠪᠯᠡᠷᠡᠭᠦᠯᠵᠦ ᠠᠷᠠᠴᠢᠯᠠᠨ ᠬᠠᠮᠠᠭᠠᠯᠠᠵᠤ ᠪᠣᠯᠣᠨ᠎ᠠ᠃ ᠵᠠᠬ᠎ᠠ ᠳᠡᠯᠭᠡᠭᠦᠷ ᠤᠨ  ᠰᠢᠨᠵᠢ ᠴᠢᠨᠠᠷ ᠲᠤ ᠨᠡᠶᠢᠴᠡᠭᠦ ᠠᠵᠢᠯ ᠦᠢᠯᠡᠰ ᠤᠨ ᠨᠢᠭᠡᠴᠢ ᠶᠢ ᠬᠦᠲᠦᠯᠦᠨ ᠵᠢᠯᠤᠭᠤᠳᠴᠤ ᠪᠠᠶᠢᠭᠠᠳ ᠪᠠᠶᠢᠭᠤᠯᠤᠯ ᠢᠶᠠᠨ ᠬᠤᠪᠢᠷᠠᠭᠤᠯᠣᠨ ᠣᠳᠣ ᠦᠶ᠎ᠡ ᠶᠢᠨ ᠠᠵᠤ ᠠᠬᠤᠶᠢᠯᠠᠯ ᠪᠣᠯᠭᠠᠵᠤ᠂ ᠭᠤᠤᠯ ᠱᠤᠭᠤᠮ ᠤᠨ ᠵᠠᠰᠠᠮᠠᠯ ᠵᠠᠮ ᠢ ᠪᠦᠲᠦᠭᠡᠨ ᠪᠠᠶᠢᠭᠤᠯᠵᠤ ᠠᠷᠠᠴᠢᠯᠠᠠ ᠬᠠᠮᠠᠭᠠᠯᠠᠬᠤ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠯᠤᠭ᠎ᠠ ᠬᠤᠯᠪᠤᠵᠦ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠤᠨ᠂ ᠠᠷᠠᠴᠢᠯᠠᠯᠳᠠ ᠶᠢᠨ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠳᠡᠮᠵᠢᠨ᠎ᠠ᠃ ᠤᠷᠲᠤ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠭᠡᠷ᠎ᠡ ᠲᠣᠭᠲᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠣᠯᠵᠤᠭ᠎ᠠ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠶ ᠮᠡᠷᠭᠡᠵᠢᠯ ᠤᠨ ᠠᠷᠠᠴᠢᠯᠠᠯᠳᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ ᠨᠡᠮᠡᠭᠳᠡᠭᠦᠯᠵᠦ᠂ ᠠᠷᠠᠴᠢᠯᠠᠨ ᠬᠠᠮᠠᠭᠠᠯᠠᠬᠤ ᠶᠢᠨ ᠮᠧᠬᠠᠨᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠨ ᠬᠤᠯᠪᠤᠵᠦ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠰᠦᠪᠡᠭᠴᠢᠯᠡᠬᠦ ᠪᠠᠷ ᠳᠠᠮᠵᠢᠭᠤᠯᠵᠣ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠪᠠᠶᠢᠭ᠎ᠠ ᠠᠷᠠᠴᠢᠯᠠᠨ ᠬᠠᠮᠠᠭᠠᠯᠠᠬᠤ ᠲᠠᠯ᠎ᠠ ᠪᠠᠷ ᠬᠢ ᠯᠠᠪᠯᠠᠭ᠎ᠠ ᠪᠠ ᠪᠠᠷᠢᠯᠭ᠎ᠠ ᠶᠢᠨ ᠠᠵᠢᠯ ᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠰᠤᠩᠭᠤᠨ᠂ ᠵᠠᠮ ᠤᠨ ᠪᠠᠶᠢᠳᠠᠯ ᠢ ᠪᠠᠶᠢᠴᠠᠭᠠᠨ ᠰᠢᠨᠵᠢᠬᠦ᠂ ᠠᠷᠠᠴᠢᠯᠠᠨ ᠬᠠᠮᠠᠭᠠᠯᠠᠬᠤ ᠲᠥᠯᠦᠪᠵᠢᠭᠦᠯᠭᠡ᠂ ᠵᠢᠷᠤᠭ ᠲᠥᠯᠦᠪᠯᠡᠭᠡ᠂ ᠪᠠᠷᠢᠯᠭ᠎ᠠ ᠶᠢᠨ ᠠᠵᠢᠯ ᠵᠡᠷᠭᠡ ᠪᠦᠬᠦ ᠬᠡᠯᠬᠢᠶᠡᠨ ᠤ ᠦᠢᠯᠡᠴᠢᠯᠡᠭᠡ ᠶᠢ ᠬᠠᠩᠭᠠᠵᠤ᠂ ᠵᠠᠰᠠᠮᠠᠯ ᠵᠠᠮ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠠᠷᠠᠴᠢᠯᠠᠨ ᠬᠠᠮᠠᠭᠠᠯᠠᠬᠤ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃      ︵ᠬᠤᠶᠠᠷ︶ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠣᠡᠭᠡᠮᠵᠢ ᠶᠢ ᠭᠤᠤᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠵᠣ ᠲᠥᠯᠥᠪᠯᠡᠨ᠂  ᠵᠡᠷᠭᠡ ᠳᠤ ᠨᠢ ᠠᠵᠢᠯᠯᠠᠭᠤᠯᠵᠣ᠂ ᠵᠡᠷᠭᠡ ᠳᠤ ᠨᠢ ᠠᠰᠢᠭᠯᠠᠯᠲᠠ ᠳᠤ ᠣᠷᠤᠭᠤᠯᠣᠨ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠢ ᠵᠣᠬᠢᠶᠠᠨ ᠪᠠᠶᠢᠭᠤᠯᠣᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠳᠠᠭᠤᠰᠬᠤ ︵ᠲᠤᠰᠢᠶᠠᠬᠤ︶ ᠶᠢ ᠰᠢᠯᠭᠠᠨ ᠬᠤᠷᠢᠶᠠᠵᠤ ᠠᠪᠬᠤ ᠳᠤ ᠣᠷᠣᠯᠴᠠᠭᠤᠯᠬᠤ ᠬᠡᠷᠡᠭᠲᠡᠶ᠃ ᠨᠢᠭᠡᠨᠲᠡ ᠪᠠᠶᠢᠭᠤᠯᠵᠣ ᠳᠠᠭᠤᠰᠣᠭᠰᠠᠨ ᠪᠣᠯᠪᠠᠴᠤ ᠠᠶᠤᠯ ᠦᠭᠡᠢ ᠶᠢᠨ ᠪᠡᠯᠡᠳᠬᠡᠮᠵᠢ ᠶᠢ ᠲᠥᠬᠦᠷᠵᠢᠭᠦᠯᠦᠭᠡᠳᠦᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠰᠢᠯᠭᠠᠨ ᠦᠨᠡᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠶᠢ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠲᠡᠭᠡᠮᠵᠢ ᠶᠢᠨ ᠲᠡᠮᠳᠡᠭᠯᠡᠯ ᠢ ᠪᠦᠬᠦ  ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠲᠠᠪᠴᠠᠩ ᠳᠤ ᠣᠷᠤᠭᠤᠯᠤᠨ᠂ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃      ︵ᠭᠤᠷᠪᠠ︶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠦᠷᠢᠮ ᠢ ᠲᠣᠭᠲᠠᠭᠠᠨ ᠨᠡᠶᠢᠲᠡᠯᠡᠬᠦ ᠶᠢ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠬᠢᠮᠳᠠ ᠪᠥᠭᠡᠳ ᠪᠣᠳᠠᠲᠤ ᠬᠡᠷᠡᠭᠴᠡᠭᠡ ᠲᠠᠢ᠂ ᠪᠣᠬᠢᠷᠲᠤᠯ ᠦᠭᠡᠢ ᠪᠦᠭᠡᠳ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠢ ᠪᠠᠷᠢᠮᠲᠠᠯᠠᠵᠤ᠂ ᠲᠠᠷᠢᠶᠠᠯᠠᠬᠤ ᠣᠷᠣᠨ᠂ ᠮᠠᠯᠵᠢᠬᠤ ᠣᠷᠣᠨ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠠᠳᠠᠯᠢ ᠪᠤᠰᠤ  ᠣᠨᠴᠠᠯᠢᠭ ᠢᠶᠠᠷ ︽ᠦᠵᠡᠰᠬᠦᠯᠡᠩᠲᠦ ᠰᠠᠶᠢᠬᠠᠨ ᠵᠠᠰᠠᠮᠠᠯ ᠵᠠᠮ︾ ᠢ ᠡᠭᠦᠳᠦᠨ ᠪᠠᠶᠢᠭᠤᠯᠬᠤ ᠠᠵᠢᠯ ᠢᠶᠠᠨ ᠲᠥᠷᠥᠯ ᠬᠤᠪᠢᠶᠠᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠤᠨ ᠵᠢᠷᠤᠮᠵᠢᠯ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠵᠡᠷᠭᠡ ᠶᠢ ᠲᠣᠭᠲᠠᠭᠠᠵᠤ᠂ ᠠᠷᠠᠴᠢᠯᠠᠨ ᠬᠠᠮᠠᠭᠠᠯᠠᠬᠤ ᠶᠢ ᠵᠢᠷᠤᠮᠵᠢᠭᠤᠯᠵᠣ ᠪᠠᠷᠢᠮᠵᠢᠶᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠨᠡᠶᠢᠳᠡᠮ ᠬᠠᠮᠣᠷᠬᠤ ᠶᠢ ᠪᠡᠶᠡᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ︽ᠬᠥᠨᠳᠡᠯᠡᠨ ᠭᠤᠯᠳᠤ ᠪᠠᠷ  ᠭᠦᠢᠴᠡᠳ ᠲᠦᠢᠯᠪᠦᠷᠢᠲᠡᠢ ᠪᠠᠶᠢᠯᠭᠠᠬᠤ︾ ᠰᠦᠯᠵᠢᠶᠡᠵᠢᠭᠰᠡᠨ ᠬᠠᠮᠢᠶᠠᠷᠤᠯᠲᠠ ᠶᠢᠨ ᠪᠠᠶᠢᠷᠢᠰᠢᠯ ᠢ ᠪᠣᠢ ᠪᠣᠯᠭᠠᠨ᠎ᠠ᠃ ᠵᠠᠮ ᠤᠨ ᠲᠠᠷᠤᠭ᠎ᠠ ᠶᠢᠨ ᠳᠦᠷᠢᠮ ᠵᠢᠴᠢ ᠬᠥᠳᠡᠭᠡ ᠲᠣᠰᠬᠤᠨ ᠤ ᠵᠠᠮ ᠤᠨ ᠲᠤᠰᠬᠠᠶ ᠬᠠᠮᠢᠶᠠᠷᠤᠭᠴᠢ ᠶᠢᠨ ᠳᠦᠷᠢᠮ ᠢ ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠮᠠᠯᠴᠢᠨ ᠲᠠᠷᠢᠶᠠᠴᠢᠨ ᠤ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠠᠮ ᠤᠨ ᠶᠠᠪᠤᠳᠠᠯ ᠤᠨ ᠠᠩᠭᠢ ᠲᠠᠢ᠂ ᠰᠤᠮᠤ ᠰᠢᠶᠠᠩ ᠪᠠᠯᠭᠠᠰᠤᠨ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠣᠰᠬᠤᠨ ᠳᠤ ᠵᠠᠮ ᠬᠠᠮᠠᠭᠠᠯᠠᠭᠴᠢ ᠲᠠᠢ ᠪᠠᠶᠢᠬᠤ ᠵᠠᠮ ᠤᠨ ᠬᠦᠷᠦᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ᠃      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ  ᠨᠢ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠵᠣ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠵᠠᠩᠭᠢᠯᠠᠭ᠎ᠠ ᠶᠢᠨ ᠴᠡᠭ ᠢᠶᠠᠨ ᠨᠠᠷᠢᠯᠢᠭᠵᠢᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠠᠵᠢᠯ ᠤᠨ ᠵᠢᠯᠣᠭᠤᠳᠣᠯᠭ᠎ᠠ ᠬᠢᠭᠦ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃                                                                   2020  ᠣᠨ ᠤ 6 ᠳ᠋ᠤᠭᠠᠷ ᠰᠠᠷ᠎ᠠ ᠶᠢᠨ 3 ᠤ ᠡᠳᠦᠷ                                 ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ