ᠣᠯᠠᠨ ᠲᠦᠮᠡᠨ ᠤ ᠡᠮ ᠬᠡᠷᠡᠭᠯᠡᠬᠦ ᠳᠠᠷᠤᠭᠠᠰᠤ ᠶᠢ ᠦᠨᠡᠨ ᠬᠦ ᠬᠥᠩᠭᠡᠯᠡᠵᠦ᠂ ᠦᠨᠳᠦᠰᠦᠨ ᠡᠮ ᠤᠨ | ᠵᠦᠢᠯ ᠤᠨ ᠴᠢᠨᠠᠷ ᠰᠠᠶᠢᠲᠠᠢ ᠬᠠᠷᠠᠭᠠᠯᠵᠠᠯ ᠦᠵᠡᠭᠦᠯᠬᠦ᠂ ᠲᠥᠪ ᠭᠤᠤᠯᠴᠢ ᠪᠠᠷ ᠬᠦᠷᠲᠡᠬᠦ᠂ ᠡᠮ ᠬᠡᠷᠡᠭᠯᠡᠬᠦ ᠳᠤ | ᠳᠥᠭᠦᠮ ᠦᠵᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠠᠬᠢᠭᠤᠯᠬᠤ ᠶᠢᠨ ᠲᠥᠯᠥᠭᠡ᠂ ᠦᠬᠠᠶ | ᠬᠤᠲᠠ ᠪᠥᠬᠦ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠦᠨᠳᠦᠰᠦᠨ ᠡᠮ ᠤᠨ | ᠵᠦᠢᠯ ᠢ ᠪᠥᠬᠦ ᠲᠤᠭ᠎ᠠ ᠪᠠᠷ ᠪᠠᠲᠤᠯᠠᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ ᠡᠬᠢᠯᠡᠪᠡ᠃ ᠡᠮ | ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠠᠷᠭ᠎ᠠ | ᠬᠡᠯᠪᠡᠷᠢ ᠪᠠᠷ 17 ᠵᠦᠢᠯ ᠤᠨ ᠦᠨᠳᠦᠰᠦᠨ ᠡᠮ ᠳᠤ ᠵᠠᠷᠤᠳᠠᠯ ᠤᠨ ᠳᠡᠮᠵᠢᠯᠭᠡ ᠦᠵᠡᠭᠦᠯᠵᠦ᠂ ᠬᠠᠮᠢᠶ᠎ᠠ ᠪᠦᠬᠦᠢ | ᠬᠥᠮᠥᠰ ᠲᠤ ᠰᠦᠢᠳᠬᠡᠯ ᠬᠤᠷᠢᠶᠠᠬᠤ ᠦᠭᠡᠢ ᠪᠠᠷ ᠦᠨᠳᠦᠰᠦᠨ ᠡᠮ ᠤᠨ ᠵᠦᠢᠯ ᠤᠨ ᠠᠪᠤᠷᠠᠨ ᠵᠠᠰᠠᠯᠲᠠ ᠬᠠᠩᠭᠠᠬᠤ | ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠠᠰᠢᠭ ᠬᠦᠷᠲᠡᠭᠰᠡᠳ ᠨᠢ ᠳᠠᠷᠤᠢ ᠣᠳᠣᠬᠠᠨ ᠳᠤ | ᠶᠠᠳᠠᠭᠤ ᠶᠢ ᠳᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠲᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠢ ᠬᠥᠮᠦᠨ ᠠᠮᠠ ᠪᠠ ᠲᠠᠷᠢᠶᠠᠯᠠᠬᠤ ᠣᠷᠣᠨ ᠤ ᠪᠦᠬᠦᠯᠢ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠲᠤᠲᠤᠷᠠᠬᠢ ᠴᠢᠰᠤᠨ ᠳᠠᠷᠤᠯᠲᠠ ᠥᠨᠳᠥᠷ ᠡᠪᠡᠳᠴᠢᠨ ᠲᠠᠢ᠂ ᠰᠢᠬᠢᠷ ᠰᠢᠵᠢᠩ ᠡᠪᠡᠳᠴᠢᠨ | ᠲᠠᠢ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠪᠠ ᠲᠠᠷᠢᠬᠢᠨ ᠰᠠ ᠡᠪᠡᠳᠴᠢᠨ ᠳᠤ ᠨᠡᠷᠪᠡᠭᠳᠡᠭᠰᠡᠨ 4 | ᠵᠦᠢᠯ ᠤᠨ ᠪᠠᠶᠢᠩᠭᠤ ᠲᠣᠬᠢᠶᠠᠯᠳᠤᠳᠠᠭ ᠤᠵᠢᠭ ᠴᠢᠨᠠᠷᠲᠠᠶ ᠡᠪᠡᠳᠴᠢᠲᠡᠨ ᠪᠣᠯᠤᠨ᠎ᠠ᠃ | ᠳᠡᠭᠡᠷ᠎ᠡ ᠳᠤᠷᠠᠳᠤᠭᠰᠠᠨ ᠦᠨ᠎ᠡ ᠲᠥᠯᠥᠪᠦᠷᠢ ᠦᠭᠡᠢ ᠡᠮ ᠬᠡᠷᠡᠭᠯᠡᠬᠦ ᠨᠥᠬᠦᠴᠡᠯ ᠳᠤ ᠨᠡᠶᠢᠴᠡᠭᠰᠡᠨ | ᠡᠪᠡᠳᠴᠢᠲᠡᠨ ᠵᠥᠪᠬᠡᠨ ᠲᠤᠰ ᠬᠥᠮᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ | ᠭᠤᠶᠤᠴᠢᠯᠠᠯ ᠭᠠᠷᠭᠠᠵᠤ᠂ ᠡᠪᠡᠳᠴᠢᠲᠡᠨ ᠤ ᠬᠠᠩᠭᠠᠭᠰᠠᠨ ᠬᠠᠮᠢᠶ᠎ᠠ ᠪᠦᠬᠦᠢ ᠦᠨᠳᠦᠰᠦ ᠪᠠᠷᠢᠮᠲᠠ ᠶᠢ ᠦᠨᠳᠦᠰᠦᠯᠡᠨ | ᠬᠢᠨᠠᠨ ᠵᠥᠪᠰᠢᠶᠡᠷᠡᠭᠦᠯᠵᠦ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠡᠪᠡᠳᠴᠢᠲᠡᠨ ᠳᠤ ︽ᠦᠨᠳᠦᠰᠦᠨ ᠡᠮ ᠤᠨ ᠵᠦᠢᠯ ᠤᠨ | ᠪᠦᠬᠦ ᠲᠣᠭᠠᠨ ᠤ ᠪᠠᠲᠤᠯᠠᠭ᠎ᠠ ᠶᠢᠨ ᠺᠠᠷᠲ︾ ᠲᠠᠷᠬᠠᠭᠠᠵᠤ᠂ ᠡᠪᠡᠳᠴᠢᠲᠡᠨ ᠡᠭᠦᠳᠡᠨ ᠡᠮᠨᠡᠯᠭᠡ ᠶᠢᠨ ᠵᠣᠷ ᠪᠠ | ︽ᠦᠨᠳᠦᠰᠦᠨ ᠡᠮ ᠤᠨ ᠵᠦᠢᠯ ᠤᠨ ᠪᠥᠬᠦ ᠲᠣᠭᠠᠨ ᠤ ᠪᠠᠲᠤᠯᠠᠭ᠎ᠠ ᠶᠢᠨ ᠺᠠᠷᠲ︾ ᠢ ᠬᠡᠷᠡᠭᠯᠡᠪᠡᠯ ᠳᠠᠷᠤᠶ ᠦᠨ᠎ᠡ | ᠲᠥᠯᠥᠪᠦᠷᠢ ᠥᠬᠡᠶ ᠦᠨᠳᠦᠰᠦᠨ ᠡᠮ ᠤᠨ ᠵᠣᠷ ᠭᠠᠷᠭᠠᠨ ᠠᠪᠴᠤ ᠪᠣᠯᠤᠨ᠎ᠠ᠃ | ᠦᠬᠠᠶ ᠬᠤᠲᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠤᠨ | ᠵᠦᠢᠯ ᠤᠨ ᠪᠥᠬᠦ ᠲᠣᠭᠠᠨ ᠤ ᠪᠠᠲᠤᠯᠠᠭ᠎ᠠ ᠶᠢᠨ ᠲᠥᠷᠥᠯ ᠵᠦᠢᠯ ᠤᠨ ᠦᠨᠳᠦᠰᠦᠨ ᠡᠮ ᠤᠨ ᠭᠠᠷᠴᠠᠭ ᠢ ᠦᠬᠠᠶ | ᠬᠤᠲᠠ ᠶᠢᠨ ᠡᠷᠬᠡ ᠰᠦᠷᠲᠦ ᠲᠤᠰᠬᠠᠶ ᠮᠡᠷᠭᠡᠵᠢᠯᠲᠡᠳ ᠬᠠᠮᠲᠤ ᠪᠠᠷ ᠲᠣᠭᠲᠠᠭᠠᠪᠠ᠃ ᠰᠣᠩᠭᠤᠨ ᠭᠠᠷᠭᠠᠭᠰᠠᠨ 17 | ᠵᠦᠢᠯ ᠤᠨ ᠡᠮ ᠤᠨ ᠦᠨ᠎ᠡ ᠬᠠᠩᠰᠢ ᠨᠢ ᠬᠢᠮᠳᠠ᠂ ᠦᠷ᠎ᠡ ᠪᠦᠲᠦᠮᠵᠢ ᠨᠢ ᠢᠯᠡᠷᠬᠡᠶ᠂ ᠣᠯᠠᠨ ᠲᠦᠮᠡᠨ ᠮᠡᠳᠡᠷᠡᠭᠰᠡᠨ᠂ | ᠡᠮᠴᠢᠯᠡᠭᠡᠨ ᠳᠤ ᠦᠷᠭᠦᠯᠵᠢ ᠬᠡᠷᠡᠭᠯᠡᠳᠡᠭ ᠤᠯᠤᠰ ᠤᠨ ᠦᠨᠳᠦᠰᠦᠨ ᠡᠮ ᠠᠴᠠ ᠡᠪᠡᠳᠴᠢᠲᠡᠨ ᠨᠢᠭᠡᠪᠦᠷᠢ 1 — 2 | ᠵᠦᠢᠯ ᠤᠨ ᠡᠮ ᠤᠨ ᠦᠨ᠎ᠡ ᠲᠥᠯᠥᠪᠦᠷᠢ ᠦᠭᠡᠢ ᠪᠠᠷ ᠬᠦᠷᠲᠡᠵᠦ ᠪᠣᠯᠤᠨ᠎ᠠ᠃ ᠲᠤᠰ ᠲᠥᠷᠥᠯ ᠵᠦᠢᠯ ᠢ ᠬᠡᠷᠡᠭᠵᠢᠭᠦᠯᠬᠦ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢ ᠨᠢᠭᠡᠳ ᠨᠢᠭᠡ ᠢᠶᠠᠷ ᠭᠡᠷ᠎ᠡ ᠲᠣᠭᠲᠠᠬᠤ ᠦᠢᠯᠡᠴᠢᠯᠡᠭᠡᠨ ᠤ ᠵᠠᠭᠪᠤᠷ ᠢᠶᠠᠷ ᠳᠠᠮᠵᠢᠨ᠂ | ᠡᠪᠡᠳᠴᠢᠲᠡᠨ ᠢ ᠲᠣᠭᠲᠠᠮᠠᠯ ᠬᠤᠭᠤᠴᠠᠭ᠎ᠠ ᠲᠠᠢ ᠪᠠᠷ ᠳᠠᠪᠲᠠᠨ ᠪᠠᠶᠢᠴᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠮᠥᠷᠳᠡᠨ ᠳᠠᠭᠠᠵᠤ ᠰᠣᠷᠪᠤᠯᠵᠢᠯᠠᠨ᠂ ᠲᠡᠳᠡᠨ ᠤ ᠡᠮ ᠬᠡᠷᠡᠭᠯᠡᠭᠰᠡᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ | ᠡᠪᠡᠳᠴᠢᠲᠡᠨ ᠳᠤ ᠳᠥᠭᠦᠮ ᠳᠥᠲᠡ ᠪᠥᠭᠡᠳ ᠬᠢᠯᠪᠠᠷ ᠣᠯᠳᠠᠬᠤ᠂ ᠣᠨᠣᠪᠴᠢᠲᠠᠶ ᠡᠮ ᠬᠡᠷᠡᠭᠯᠡᠬᠦ᠂ | ᠨᠠᠷᠢᠯᠢᠭᠵᠢᠭᠤᠯᠤᠭᠰᠠᠨ᠂ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠪᠣᠯᠣᠨ᠎ᠠ᠃ | | |