ᠮᠠᠨ ᠤ ᠣᠷᠣᠨ ᠠᠵᠤ ᠠᠬᠤᠶᠢᠯᠠᠯ ᠤᠨ ᠬᠡᠪᠰᠢᠭᠰᠡᠨ ᠠᠵᠢᠯᠯᠠᠭᠠᠨ ᠤ ᠲᠣᠭᠲᠠᠴᠠ ᠶᠢ ᠰᠡᠷᠭᠦᠭᠡᠪᠡ
ᠨᠡᠶᠢᠲᠡᠯᠡᠭᠰᠡᠨ ᠴᠠᠭ᠄
2020/9/1
     ᠮᠠᠨ ᠤ ᠣᠷᠣᠨ ᠤ ᠣᠷᠳᠣᠰ ᠬᠤᠲᠠ ᠶᠢᠨ ᠵᠢᠤᠢ ᠳ᠋ᠢᠩ ᠨᠡᠭᠦᠷᠡᠰᠦᠨ ᠮᠠᠰᠢᠨ ᠤ ᠠᠵᠤ ᠦᠢᠯᠡᠰ ᠤᠨ ᠪᠥᠯᠥᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ ᠠᠵᠢᠯᠲᠠᠨ ᠲᠣᠮᠣ ᠬᠡᠯᠪᠡᠷᠢ ᠶᠢᠨ ᠨᠡᠭᠦᠷᠡᠰᠦ ᠮᠠᠯᠲᠠᠬᠤ ᠮᠠᠰᠢᠨ ᠤ ᠲᠣᠨᠤᠭ ᠰᠡᠯᠪᠢᠵᠦ ᠪᠠᠶᠢᠭ᠎ᠠ ᠨᠢ ︵8 ᠳ᠋ᠤᠭᠠᠷ ᠰᠠᠷ᠎ᠠ ᠶᠢᠨ 27᠎ ᠤ ᠡᠳᠦᠷ ᠰᠡᠭᠦᠳᠡᠷᠯᠡᠪᠡ︶᠃
     ᠮᠠᠨ ᠤ ᠣᠷᠣᠨ ᠤ ᠣᠷᠳᠣᠰ ᠬᠤᠲᠠ ᠶᠢᠨ ᠵᠢᠤᠢ ᠳ᠋ᠢᠩ ᠨᠡᠭᠦᠷᠡᠰᠦᠨ ᠮᠠᠰᠢᠨ ᠤ ᠠᠵᠤ ᠦᠢᠯᠡᠰ ᠤᠨ ᠪᠥᠯᠥᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ ᠠᠵᠢᠯᠲᠠᠨ ᠨᠡᠭᠦᠷᠡᠰᠦ ᠮᠠᠯᠲᠠᠬᠤ ᠮᠠᠰᠢᠨ ᠤ ᠰᠢᠩᠭᠡᠨ ᠳᠠᠷᠤᠴᠠ ᠶᠢᠨ ᠲᠤᠯᠭᠠᠭᠤᠷᠢ ᠶᠢ ᠤᠭᠰᠠᠷᠠᠵᠤ ᠪᠠᠶᠢᠭ᠎ᠠ ᠨᠢ ︵8 ᠳ᠋ᠤᠭᠠᠷ ᠰᠠᠷ᠎ᠠ ᠶᠢᠨ 27᠎ ᠤ ᠡᠳᠦᠷ ᠰᠡᠭᠦᠳᠡᠷᠯᠡᠪᠡ︶᠃
     ᠰᠠᠯᠬᠢᠨ ᠢᠶᠠᠷ ᠴᠠᠬᠢᠯᠭᠠᠨ ᠭᠠᠷᠭᠠᠬᠤ ᠮᠠᠰᠢᠨ ᠤ ᠳᠠᠯᠠᠪᠴᠢ ᠶᠢ ᠵᠥᠭᠡᠭᠡᠪᠦᠷᠢᠯᠡᠬᠦ ᠲᠡᠷᠭᠡ ᠮᠠᠨ ᠤ ᠣᠷᠣᠨ ᠤ ᠣᠷᠳᠣᠰ ᠬᠤᠲᠠ ᠶᠢᠨ ᠵᠠᠰᠠᠮᠠᠯ ᠵᠠᠮ ᠳᠡᠭᠡᠷ᠎ᠡ ᠠᠶᠠᠯᠠᠵᠤ ᠪᠠᠶᠢᠭ᠎ᠠ ᠨᠢ ︵8 ᠳ᠋ᠤᠭᠠᠷ ᠰᠠᠷ᠎ᠠ ᠶᠢᠨ 28᠎ ᠤ ᠡᠳᠦᠷ ᠰᠡᠭᠦᠳᠡᠷᠯᠡᠪᠡ︶᠃
     ᠣᠷᠳᠣᠰ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠲᠤ᠂ ᠥᠪᠥᠷ ᠮᠣᠩᠭᠤᠯ ᠤᠨ ᠢ ᠨᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠡᠨᠧᠷᠬᠢ ᠠᠷᠪᠢᠯᠠᠵᠦ ᠣᠷᠴᠢᠨ ᠲᠣᠭᠤᠷᠢᠨ ᠢ ᠬᠠᠮᠠᠭᠠᠯᠠᠬᠤ ᠠᠷᠠᠳ ᠤᠨ ᠬᠡᠷᠡᠭᠯᠡᠭᠡᠨ ᠤ ᠳᠤᠯᠠᠭᠠᠯᠠᠭ᠎ᠠ ᠶᠢᠨ ᠵᠣᠤᠬ᠎ᠠ ᠶᠢ ᠦᠢᠯᠡᠳᠪᠦᠷᠢᠯᠡᠵᠦ ᠪᠠᠶᠢᠭ᠎ᠠ ᠨᠢ ︵8 ᠳ᠋ᠤᠭᠠᠷ ᠰᠠᠷ᠎ᠠ ᠶᠢᠨ 27᠎ ᠤ ᠡᠳᠦᠷ ᠰᠡᠭᠦᠳᠡᠷᠯᠡᠪᠡ︶᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠡᠭᠦᠷᠭᠡ ᠪᠠᠨ ᠪᠡᠶᠡᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠳᠤᠭᠤᠶᠢᠯᠠᠩ ᠢ ᠬᠠᠰᠤᠵᠤ᠂ ᠠᠵᠤ ᠠᠬᠤᠶᠢᠯᠠᠯ ᠤᠨ ᠬᠡᠪᠰᠢᠭᠰᠡᠨ ᠠᠵᠢᠯᠯᠠᠭᠠᠨ ᠤ ᠲᠣᠭᠲᠠᠴᠠ ᠶᠢ ᠰᠡᠷᠭᠦᠭᠡᠪᠡ᠃ ᠣᠳᠣᠬᠠᠨ ᠳᠤ᠂ ᠮᠠᠨ ᠤ ᠣᠷᠣᠨ ᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠶᠡᠷᠦᠩᠬᠡᠶ ᠪᠠᠯᠠ ᠣᠷᠣᠭᠤᠯᠤᠯᠲᠠ ᠨᠢ 10 ᠳ᠋ᠥᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 461 ᠪᠠᠶᠢᠵᠤ᠂ 859.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号