ᠦᠬᠠᠢ ᠬᠤᠳᠠ ︽ᠵᠢᠷᠭᠤᠭ᠎ᠠ ᠶᠢ ᠨᠠᠶᠢᠳᠠᠪᠣᠷᠢᠵᠢᠭᠤᠯᠵᠣ︾ ᠰᠣᠷᠭᠠᠭᠤᠯᠢ ᠣᠷᠣᠭᠰᠢᠳᠠᠢ ᠡᠬᠢᠯᠡᠬᠦ ᠶᠢ ᠪᠠᠳᠣᠯᠠᠨ᠎ᠠ
ᠨᠡᠶᠢᠲᠡᠯᠡᠭᠰᠡᠨ ᠴᠠᠭ᠄
2020/9/1
     ᠨᠠᠮᠣᠷ ᠤᠨ ᠣᠯᠠᠷᠢᠯ ᠤᠨ ᠰᠣᠷᠭᠠᠭᠤᠯᠢ ᠡᠬᠢᠯᠡᠬᠦ ᠠᠴᠠ ᠡᠮᠦᠨ᠎ᠡ᠂ ᠦᠬᠠᠢ ᠬᠤᠳᠠ ᠪᠡᠯᠡᠳᠭᠡᠯ ᠠᠵᠢᠯ ᠢ ᠣᠷᠢᠳᠴᠢᠯᠠᠨ ᠰᠠᠶᠢᠳᠣᠷ ᠬᠢᠵᠦ᠂ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠰᠣᠷᠭᠠᠭᠤᠯᠢ ᠳᠤ ᠭᠦᠨᠵᠡᠭᠡᠶᠢᠷᠡᠨ ᠪᠠᠶᠢᠳᠠᠯ ᠢ ᠣᠢᠢᠯᠠᠭᠠᠵᠣ᠂ ᠠᠰᠠᠭᠤᠳᠠᠯ ᠢ ᠢᠳᠡᠪᠬᠢᠳᠡᠢ ᠵᠣᠬᠢᠴᠠᠭᠤᠯᠣᠨ ᠰᠢᠢᠳᠪᠦᠷᠢᠯᠡᠪᠡ᠃ ᠪᠦᠬᠦ ᠬᠤᠳᠠ ᠪᠠᠷ ᠢᠶᠠᠨ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠢ ᠭᠦᠢᠴᠡᠳ ᠬᠢᠵᠦ᠂ ︽ᠵᠢᠷᠭᠤᠭ᠎ᠠ ᠶᠢ ᠨᠠᠶᠢᠳᠠᠪᠣᠷᠢᠵᠢᠭᠤᠯᠬᠤ︾᠎ ᠪᠠᠷ ᠳᠠᠮᠵᠢᠭᠤᠯᠣᠨ ᠰᠣᠷᠭᠠᠭᠤᠯᠢ ᠣᠷᠣᠭᠰᠢᠳᠠᠢ ᠡᠬᠢᠯᠡᠬᠦ ᠶᠢ ᠦᠨᠡᠨ ᠬᠦ ᠪᠠᠳᠣᠯᠠᠵᠣ ᠪᠠᠶᠢᠨ᠎ᠠ᠃      ᠰᠣᠷᠭᠠᠭᠤᠯᠢ ᠡᠬᠢᠯᠡᠬᠦ ᠠᠴᠠ ᠡᠮᠦᠨ᠎ᠡ᠂ ᠦᠬᠠᠢ ᠬᠤᠳᠠ ᠶᠢᠨ ᠡᠯ᠎ᠡ ᠱᠠᠳᠣᠨ ᠤ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠳᠣᠭᠤᠢᠢᠯᠠᠩ ᠬᠤᠪᠢᠶᠠᠨ ᠡᠯ᠎ᠡ ᠰᠣᠷᠭᠠᠭᠤᠯᠢ ᠪᠠᠷ ᠭᠦᠨᠵᠡᠭᠡᠶᠢᠷᠡᠨ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠢ ᠱᠠᠯᠠᠪᠳᠠᠭᠤᠯᠣᠨ ᠪᠠᠶᠢᠴᠠᠭᠠᠵᠣ᠂ ᠵᠢᠭᠠᠨ ᠰᠣᠷᠭᠠᠬᠤ ᠠᠵᠢᠯ ᠤᠨ ᠳᠣᠬᠢᠷᠠᠭᠤᠯᠣᠯᠳᠠ᠂ ᠰᠣᠷᠣᠭᠴᠢ ᠶᠢᠨ ᠨᠡᠷ᠎ᠡ ᠮᠡᠳᠡᠭᠦᠯᠦᠭᠰᠡᠨ ᠪᠠᠶᠢᠳᠠᠯ᠂ ᠪᠠᠭᠰᠢ ᠶᠢᠨ ᠬᠢᠴᠢᠶᠡᠯ ᠪᠡᠯᠡᠳᠭᠡᠭᠰᠡᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ᠂ ᠵᠢᠷᠣᠮᠵᠢᠯ ᠲᠠᠢ ᠪᠠᠷ ᠰᠣᠷᠭᠠᠭᠤᠯᠢ ᠡᠷᠬᠢᠯᠡᠬᠦ ᠠᠵᠢᠯᠯᠠᠭ᠎ᠠ᠂ ᠵᠢᠭᠠᠬᠤ ᠮᠠᠲ᠋ᠧᠷᠢᠶᠠᠯ ᠢ ᠳᠠᠷᠬᠠᠭᠠᠭᠰᠠᠨ ᠪᠠᠶᠢᠳᠠᠯ᠂ ᠰᠣᠷᠭᠠᠭᠤᠯᠢ ᠶᠢᠨ ᠠᠮᠣᠷ ᠲᠦᠪᠰᠢᠨ ᠤ ᠠᠵᠢᠯ ᠵᠡᠷᠭᠡ ᠶᠢ ᠭᠤᠣᠯᠳᠠᠯᠭ᠎ᠠ ᠲᠠᠢ ᠱᠠᠯᠠᠪᠳᠠᠭᠤᠯᠣᠨ ᠪᠠᠶᠢᠴᠠᠭᠠᠵᠠᠢ᠃ ᠡᠯ᠎ᠡ ᠰᠣᠷᠭᠠᠭᠤᠯᠢ ᠣᠳᠠᠰᠣ ᠠᠪᠬᠤ᠂ ᠵᠢᠷᠭᠢᠶ᠎ᠡ ᠶᠢᠨ ᠴᠣᠭᠯᠠᠷᠠᠯ ᠵᠡᠷᠭᠡ ᠬᠡᠯᠪᠡᠷᠢ ᠪᠠᠷ ᠳᠠᠮᠵᠢᠭᠤᠯᠣᠨ ᠰᠣᠷᠣᠭᠴᠢ ᠪᠠ ᠭᠡᠷ ᠤᠨ ᠠᠬᠠᠮᠠᠳ ᠤᠨ ᠵᠣᠬᠢᠴᠠᠭᠤᠯᠬᠤ ᠠᠵᠢᠯ ᠢ ᠰᠠᠶᠢᠳᠣᠷ ᠬᠢᠵᠦ᠂ ᠰᠣᠷᠣᠭᠴᠢᠳ ᠤᠨ ᠠᠮᠠᠷᠠᠯᠳᠠ ᠶᠢᠨ ᠬᠤᠭᠤᠴᠠᠭᠠᠨ ᠤ ᠪᠠᠶᠢᠳᠠᠯ ᠢ ᠣᠢᠢᠯᠠᠭᠠᠪᠠ᠃ ᠮᠠᠰᠢ ᠣᠯᠠᠨ ᠰᠣᠷᠭᠠᠭᠤᠯᠢ ᠨᠢ ᠪᠠᠰᠠ ᠰᠣᠷᠭᠠᠭᠤᠯᠢ ᠶᠢᠨ ᠵᠢᠷᠭᠢᠶ᠎ᠡ ᠶᠢᠨ ᠣᠯᠠᠨ ᠨᠡᠶᠢᠳᠡ ᠶᠢᠨ ᠳ᠋ᠣᠭᠠᠷ ᠢᠶᠠᠷ ᠢᠶᠠᠨ ᠳᠠᠮᠵᠢᠭᠤᠯᠣᠨ ᠰᠣᠷᠭᠠᠭᠤᠯᠢ ᠶᠢᠨ ᠢᠶᠠᠨ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠢ ᠨᠡᠶᠢᠳᠡᠯᠡᠵᠦ᠂ ᠰᠣᠷᠣᠭᠴᠢᠳ ᠪᠣᠯᠣᠨ ᠭᠡᠷ ᠤᠨ ᠠᠬᠠᠮᠠᠳ ᠢ ᠰᠣᠷᠭᠠᠭᠤᠯᠢ ᠡᠬᠢᠯᠡᠬᠦ ᠠᠵᠢᠯ ᠤᠨ ᠳᠣᠬᠠᠢ ᠳᠣᠳᠣᠷ᠎ᠠ ᠨᠢ ᠳᠤᠭ᠎ᠠ ᠲᠠᠢ ᠪᠣᠯᠭᠠᠪᠠ᠃      ᠱᠠᠯᠠᠪᠳᠠᠭᠤᠯᠣᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠦᠬᠠᠢ ᠬᠤᠳᠠ ᠶᠢᠨ ᠡᠯ᠎ᠡ ᠰᠣᠷᠭᠠᠭᠤᠯᠢ ᠶᠢᠨ ᠰᠣᠷᠭᠠᠭᠤᠯᠢ ᠡᠬᠢᠯᠡᠬᠦ ᠪᠡᠯᠡᠳᠭᠡᠯ ᠠᠵᠢᠯ ᠡᠮᠬᠢ ᠵᠢᠷᠣᠮ ᠲᠠᠢ ᠪᠠᠶᠢᠵᠣ᠂ ᠪᠦᠷ ︽ᠵᠢᠷᠭᠤᠭ᠎ᠠ ᠶᠢ ᠨᠠᠶᠢᠳᠠᠪᠣᠷᠢᠵᠢᠭᠤᠯᠵᠠᠢ︾᠂ ᠳᠠᠷᠣᠢ᠄ ᠰᠣᠷᠣᠭᠴᠢ᠂ ᠪᠠᠭᠰᠢ᠂ ᠵᠢᠭᠠᠬᠤ ᠮᠠᠲ᠋ᠧᠷᠢᠶᠠᠯ ᠢ ᠳᠠᠷᠬᠠᠭᠠᠬᠤ᠂ ᠵᠢᠭᠠᠨ ᠰᠣᠷᠭᠠᠬᠤ ᠪᠡᠯᠡᠳᠭᠡᠯ ᠠᠵᠢᠯ᠂ ᠠᠮᠣᠷ ᠲᠦᠪᠰᠢᠨ ᠢ ᠪᠠᠳᠣᠯᠠᠬᠤ ᠠᠷᠭ᠎ᠠ ᠬᠡᠮᠵᠢᠶ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠶᠢ ᠨᠠᠶᠢᠳᠠᠪᠣᠷᠢᠵᠢᠭᠤᠯᠪᠠ᠃ ᠡᠭᠦᠨ ᠳᠤ ᠦᠬᠠᠢ ᠬᠤᠳᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠪᠣᠯᠣᠨ ᠦᠬᠠᠢ ᠬᠤᠳᠠ ᠶᠢᠨ ᠠᠷᠪᠠᠳᠣᠭᠠᠷ ᠳᠣᠮᠳᠠᠳᠣ ᠰᠣᠷᠭᠠᠭᠤᠯᠢ ᠶᠢᠨ ᠡᠯ᠎ᠡ ᠣᠨ ᠨᠢ ᠨᠢᠭᠡᠨᠳᠡ ᠵᠢᠭᠠᠨ ᠰᠣᠷᠭᠠᠬᠤ ᠠᠵᠢᠯ ᠢᠶᠠᠨ ᠬᠡᠪ ᠤᠨ ᠶᠣᠰᠣᠭᠠᠷ ᠦᠷᠨᠢᠭᠦᠯᠵᠦ᠂ ᠬᠢᠴᠢᠶᠡᠯ ᠤᠨ ᠳᠣᠬᠢᠷᠠᠭᠤᠯᠣᠯᠳᠠ ᠶᠢ ᠨᠠᠶᠢᠳᠠᠪᠣᠷᠢᠵᠢᠭᠤᠯᠣᠨ᠂ ᠪᠠᠭᠰᠢ ᠨᠢ ᠬᠢᠴᠢᠶᠡᠯ ᠢᠶᠠᠨ ᠭᠦᠢᠴᠡᠳ ᠪᠡᠯᠡᠳᠭᠡᠵᠦ᠂ ᠵᠢᠭᠠᠬᠤ ᠲᠦᠰᠦᠪ ᠨᠢ ᠪᠦᠷᠢᠨ ᠪᠦᠳᠦᠨ ᠪᠠᠶᠢᠨ᠎ᠠ︔ ᠦᠬᠠᠢ ᠬᠤᠳᠠ ᠶᠢᠨ ᠵᠢᠷᠭᠤᠳᠣᠭᠠᠷ ᠳᠣᠮᠳᠠᠳᠣ ᠰᠣᠷᠭᠠᠭᠤᠯᠢ᠂ ᠦᠬᠠᠢ ᠬᠤᠳᠠ ᠶᠢᠨ ᠠᠵᠢᠯ ᠮᠡᠷᠭᠡᠵᠢᠯ ᠤᠨ ᠰᠣᠷᠭᠠᠭᠤᠯᠢ᠂ ᠦᠬᠠᠢ ᠬᠤᠳᠠ ᠶᠢᠨ ᠵᠢᠣᠢ ᠶᠢᠩ ᠰᠣᠷᠭᠠᠭᠤᠯᠢ ᠶᠢᠨ ᠰᠢᠨ᠎ᠡ ᠦᠨᠳᠦᠷ ᠳᠣᠮᠳᠠᠳᠣ ᠶᠢᠨ ᠨᠢᠭᠡᠳᠦᠭᠡᠷ ᠣᠨ ᠤ ᠰᠣᠷᠣᠭᠴᠢᠳ ᠶᠠᠭ ᠴᠡᠷᠢᠭ ᠤᠨ ᠪᠣᠯᠪᠠᠰᠣᠷᠠᠯ ᠬᠢᠵᠦ ᠪᠣᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号