ᠰᠢᠯᠢ ᠶᠢᠨ ᠭᠤᠣᠯ ᠠᠶᠢᠮᠠᠭ ᠤᠨ 69 ᠪᠠᠭ᠎ᠠ ᠰᠣᠷᠭᠠᠭᠤᠯᠢ᠂ 38 ᠳᠣᠮᠳᠠᠳᠣ ᠰᠣᠷᠭᠠᠭᠤᠯᠢ 9 ᠰᠠᠷ᠎ᠠ ᠶᠢᠨ | 1 ᠤ ᠡᠳᠦᠷ ᠵᠢᠩᠬᠢᠨᠢ ᠪᠠᠷ ᠰᠣᠷᠭᠠᠭᠤᠯᠢ ᠡᠬᠢᠯᠡᠬᠦ ᠪᠣᠯᠣᠨ᠎ᠠ᠃ ᠰᠣᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ | ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠬᠢ ᠵᠢᠷᠣᠮ ᠲᠠᠢ ᠶᠠᠪᠣᠭᠳᠠᠬᠤ ᠶᠢ | ᠪᠠᠳᠣᠯᠠᠬᠤ ᠶᠢᠨ ᠲᠦᠯᠦᠭᠡ᠂ ᠳᠣᠰ ᠠᠶᠢᠮᠠᠭ ᠤᠨ ᠡᠯ᠎ᠡ ᠳᠣᠮᠳᠠᠳᠣ ᠪᠠᠭ᠎ᠠ ᠰᠣᠷᠭᠠᠭᠤᠯᠢ ᠢᠳᠡᠪᠬᠢᠳᠡᠢ ᠬᠦᠳᠡᠯᠦᠯᠴᠡᠵᠦ᠂ | ᠣᠯᠠᠨ ᠵᠦᠢᠯ ᠤᠨ ᠠᠷᠭ᠎ᠠ ᠬᠡᠮᠵᠢᠶ᠎ᠡ ᠠᠪᠴᠣ᠂ ᠰᠣᠷᠭᠠᠭᠤᠯᠢ ᠨᠢ ᠪᠦᠬᠦ ᠳᠠᠯ᠎ᠠ ᠪᠠᠷ ᠰᠣᠷᠭᠠᠭᠤᠯᠢ ᠡᠬᠢᠯᠡᠵᠦ | ᠬᠢᠴᠢᠶᠡᠯ ᠢᠶᠠᠨ ᠰᠡᠷᠭᠦᠭᠡᠭᠰᠡᠨ ᠤ ᠳᠠᠷᠠᠭ᠎ᠠ ᠰᠣᠷᠭᠠᠭᠤᠯᠢ ᠶᠢᠨ ᠬᠦᠷᠢᠶ᠎ᠠ ᠨᠢ ᠠᠮᠣᠷ ᠲᠦᠪᠰᠢᠨ᠂ ᠵᠢᠭᠠᠨ | ᠰᠣᠷᠭᠠᠯᠳᠠ ᠨᠢ ᠡᠮᠬᠢ ᠵᠢᠷᠣᠮ ᠲᠠᠢ᠂ ᠬᠢᠵᠢᠭ ᠢ ᠰᠡᠷᠭᠡᠶᠢᠯᠡᠬᠦ ᠠᠵᠢᠯ ᠢ ᠨᠠᠶᠢᠳᠠᠪᠣᠷᠢᠵᠢᠭᠤᠯᠬᠤ ᠶᠢ ᠦᠨᠡᠨ ᠬᠦ | ᠪᠠᠳᠣᠯᠠᠵᠣ ᠪᠠᠶᠢᠨ᠎ᠠ᠃ | 8 ᠰᠠᠷ᠎ᠠ ᠶᠢᠨ 24 ᠤ ᠡᠳᠦᠷ᠂ ᠰᠢᠯᠢ ᠶᠢᠨ ᠭᠤᠣᠯ ᠠᠶᠢᠮᠠᠭ ᠤᠨ ᠬᠤᠶᠠᠳᠣᠭᠠᠷ ᠳᠣᠮᠳᠠᠳᠣ | ᠰᠣᠷᠭᠠᠭᠤᠯᠢ ᠶᠢᠨ ᠦᠨᠳᠦᠷ ᠳᠣᠮᠳᠠᠳᠣ ᠶᠢᠨ ᠭᠤᠷᠪᠠᠳᠣᠭᠠᠷ ᠣᠨ ᠤ ᠰᠣᠷᠣᠭᠴᠢᠳ ᠨᠢ ᠣᠷᠢᠳ ᠢᠶᠠᠷ ᠰᠣᠷᠭᠠᠭᠤᠯᠢ | ᠡᠬᠢᠯᠡᠵᠦ᠂ ᠰᠣᠷᠭᠠᠭᠤᠯᠢ ᠠᠴᠠ ᠪᠠᠨ ︽ᠬᠤᠭᠤᠯᠠᠨ ᠭᠡᠷ ᠲᠤ ᠬᠤᠭᠤᠯᠠ ᠢᠳᠡᠬᠦ ᠴᠠᠭ ᠢ ᠨᠢ ᠵᠦᠷᠢᠭᠦᠯᠬᠦ︾᠂ | ︽ᠪᠠᠶᠢᠷᠢ ᠶᠢᠨ ᠭᠡᠷ ᠢ ᠴᠠᠭ ᠳᠣᠬᠠᠢ ᠳᠤᠨᠢ ᠠᠷᠢᠭᠤᠳᠬᠠᠬᠤ︾᠂ ︽ᠠᠩᠬᠢ ᠶᠢᠨ ᠭᠡᠷ ᠠᠰᠠᠷ ᠤᠨ ᠭᠤᠳᠣᠮᠵᠢ ᠵᠡᠷᠭᠡ | ᠭᠠᠵᠠᠷ ᠢ ᠠᠷᠢᠭᠤᠳᠬᠠᠨ ᠰᠠᠯᠬᠢ ᠨᠡᠪᠳᠡᠷᠡᠭᠦᠯᠬᠦ︾᠂ ︽ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠢ ᠪᠠᠶᠢᠴᠠᠭᠠᠵᠣ | ᠵᠠᠷᠯᠠᠨ ᠮᠡᠳᠡᠭᠳᠡᠬᠦ︾ ᠵᠡᠷᠭᠡ ᠳᠦᠷᠢᠮ ᠢ ᠬᠡᠷᠡᠭᠵᠢᠭᠦᠯᠵᠦ᠂ ᠠᠩᠬᠢ ᠶᠢᠨ ᠭᠡᠷ ᠤᠨ ᠰᠠᠭᠤᠳᠠᠯ ᠢᠶᠠᠨ ᠴᠦ ᠦᠩᠭᠡᠷᠡᠭᠰᠡᠨ | ᠤ 2 ᠬᠦᠮᠦᠨ ᠨᠢᠭᠡ ᠰᠢᠷᠡᠭᠡ ᠪᠠᠶᠢᠭᠰᠠᠨ ᠢ ᠨᠢ ᠨᠢᠭᠡ ᠬᠦᠮᠦᠨ ᠨᠢᠭᠡ ᠰᠢᠷᠡᠭᠡ ᠪᠣᠯᠭᠠᠨ ᠳᠣᠬᠢᠷᠠᠭᠤᠯᠪᠠ᠃ ᠪᠦᠬᠦ | ᠰᠣᠷᠭᠠᠭᠤᠯᠢ ᠪᠠᠷ ᠢᠶᠠᠨ ᠰᠣᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠭᠰᠡᠨ ᠪᠠᠶᠢᠳᠠᠯ ᠳᠤ ᠴᠢᠭᠯᠡᠭᠦᠯᠦᠨ᠂ ᠳᠣᠰ | ᠰᠣᠷᠭᠠᠭᠤᠯᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠳᠦᠷᠢᠮ ᠢᠶᠠᠨ ᠨᠡᠩ | ᠨᠠᠷᠢᠯᠢᠬᠵᠢᠭᠤᠯᠵᠣ᠂ ᠪᠦᠬᠦ ᠰᠣᠷᠣᠭᠴᠢᠳ ᠤᠨ ᠢᠶᠠᠨ ᠠᠮᠣᠷ ᠲᠦᠪᠰᠢᠨ ᠢᠶᠠᠷ ᠳᠣᠭᠳᠠᠭᠰᠠᠨ ᠴᠠᠭ ᠲᠠᠭᠠᠨ | ᠬᠢᠴᠢᠶᠡᠯ ᠢᠶᠠᠨ ᠰᠡᠷᠭᠦᠭᠡᠬᠦ ᠶᠢ ᠦᠨᠡᠨ ᠬᠦ ᠪᠠᠳᠣᠯᠠᠵᠣ ᠪᠠᠶᠢᠨ᠎ᠠ᠃ | ︽ᠰᠣᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠳᠤ ᠳᠡᠭᠡᠷ᠎ᠡ | ᠬᠤᠭᠤᠴᠠᠭᠠᠨ ᠤ ᠦᠨᠳᠦᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠦᠷᠬᠦᠯᠵᠢᠯᠡᠭᠦᠯᠵᠦ᠂ ᠰᠣᠷᠣᠭᠴᠢᠳ ᠤᠨ | ᠡᠷᠡᠭᠦᠯ ᠮᠡᠨᠳᠦ ᠠᠮᠣᠷ ᠲᠦᠪᠰᠢᠨ ᠰᠣᠷᠭᠠᠭᠤᠯᠢ ᠶᠢᠨ ᠬᠦᠷᠢᠶᠡᠨ ᠤ ᠠᠮᠢᠳᠣᠷᠠᠯ ᠰᠣᠷᠣᠯᠴᠠᠯᠭ᠎ᠠ ᠶᠢᠨ ᠣᠷᠴᠢᠨ | ᠳᠣᠭᠤᠷᠢᠨ ᠢ ᠪᠠᠳᠣᠯᠠᠨ᠎ᠠ︾ ᠭᠡᠵᠦ ᠠᠩᠬ᠎ᠠ ᠳᠣᠮᠳᠠᠳᠣ ᠶᠢᠨ ᠨᠢᠭᠡᠳᠦᠭᠡᠷ ᠣᠨ ᠤ ᠰᠢᠨ᠎ᠡ ᠰᠣᠷᠣᠭᠴᠢᠳ ᠤᠨ ᠢᠶᠠᠨ | ᠨᠡᠷ᠎ᠡ ᠮᠡᠳᠡᠭᠦᠯᠬᠦ ᠠᠵᠢᠯ ᠳᠤ ᠶᠠᠭᠠᠷᠠᠵᠣ ᠪᠠᠶᠢᠭᠰᠠᠨ ᠰᠢᠯᠢ ᠶᠢᠨ ᠭᠤᠣᠯ ᠠᠶᠢᠮᠠᠭ ᠤᠨ ᠬᠤᠶᠠᠳᠣᠭᠠᠷ ᠳᠣᠮᠳᠠᠳᠣ | ᠰᠣᠷᠭᠠᠭᠤᠯᠢ ᠶᠢᠨ ᠠᠯᠪᠠᠨ ᠭᠡᠷ ᠤᠨ ᠡᠷᠬᠢᠯᠡᠭᠴᠢ ᠯᠢᠦ ᠪᠢᠨ ᠬᠡᠯᠡᠨ᠎ᠡ᠃ ᠲᠡᠭᠦᠨ ᠤ ᠳᠠᠨᠢᠯᠴᠠᠭᠤᠯᠣᠭᠰᠠᠨ ᠢᠶᠠᠷ᠂ ᠳᠣᠰ | ᠭᠠᠵᠠᠷ ᠣᠷᠣᠨ᠂ ᠳᠣᠰ ᠰᠣᠷᠭᠠᠭᠤᠯᠢ ᠶᠢᠨ ᠢᠶᠠᠨ ᠪᠣᠳᠠᠳᠣ ᠪᠠᠶᠢᠳᠠᠯ ᠲᠠᠢ ᠣᠶᠠᠯᠳᠣᠭᠤᠯᠣᠨ᠂ ᠰᠣᠷᠭᠠᠭᠤᠯᠢ ᠠᠴᠠ ᠪᠠᠨ | ᠬᠡᠰᠡᠭ ᠪᠦᠯᠦᠭ ᠬᠤᠪᠢᠶᠠᠨ ᠴᠠᠭ ᠵᠦᠷᠢᠭᠦᠯᠦᠨ ᠰᠣᠷᠭᠠᠭᠤᠯᠢ ᠳᠠᠭᠠᠨ ᠪᠣᠴᠠᠬᠤ ᠪᠠ ᠨᠡᠷ᠎ᠡ ᠮᠡᠳᠡᠭᠦᠯᠬᠦ ᠠᠷᠭ᠎ᠠ ᠶᠢ | ᠬᠡᠷᠡᠭᠵᠢᠭᠦᠯᠵᠦ᠂ ᠡᠳᠦᠷ ᠪᠦᠷᠢ ᠦᠷᠯᠦᠭᠡ᠂ ᠦᠳᠡ ᠳᠤ ᠪᠠᠶᠢᠴᠠᠭᠠᠬᠤ ᠳᠦᠷᠢᠮ ᠢ ᠪᠠᠷᠢᠮᠳᠠᠯᠠᠵᠣ᠂ | ᠰᠣᠷᠣᠭᠴᠢᠳ ᠲᠠᠭᠠᠨ ᠬᠠᠮᠤᠭ ᠤᠨ ᠠᠮᠣᠷ ᠲᠦᠪᠰᠢᠨ ᠵᠢᠭᠠᠨ ᠰᠣᠷᠭᠠᠬᠤ ᠣᠷᠴᠢᠨ ᠳᠣᠭᠤᠷᠢᠨ ᠬᠠᠩᠭᠠᠬᠤ ᠪᠠᠷ | ᠴᠢᠷᠮᠠᠶᠢᠵᠣ ᠪᠠᠶᠢᠨ᠎ᠠ᠃ | ᠡᠨᠡ ᠣᠳᠠᠭ᠎ᠠ ᠶᠢᠨ ᠰᠣᠷᠭᠠᠭᠤᠯᠢ ᠡᠬᠢᠯᠡᠬᠦ ᠣᠯᠠᠷᠢᠯ ᠳᠤ᠂ ᠬᠡᠦᠬᠡᠳ ᠤᠨ ᠴᠡᠴᠡᠷᠯᠢᠭ ᠳᠣᠭᠳᠠᠭᠰᠠᠨ | ᠴᠠᠭ ᠲᠠᠭᠠᠨ ᠰᠣᠷᠣᠯᠭ᠎ᠠ ᠡᠬᠢᠯᠡᠬᠦ ᠡᠰᠡᠬᠦ ᠨᠢ ᠮᠠᠰᠢ ᠣᠯᠠᠨ ᠭᠡᠷ ᠤᠨ ᠠᠬᠠᠮᠠᠳ ᠤᠨ ᠠᠩᠬᠠᠷᠴᠣ ᠪᠠᠶᠢᠭ᠎ᠠ ᠵᠦᠢᠯ | ᠪᠣᠯᠣᠨ᠎ᠠ᠃ 8 ᠰᠠᠷ᠎ᠠ ᠶᠢᠨ 30 ᠤ ᠡᠳᠦᠷ᠂ ᠰᠣᠷᠪᠣᠯᠵᠢᠯᠠᠭᠴᠢ ᠰᠢᠯᠢᠩᠬᠤᠳᠠ ᠶᠢᠨ ᠮᠣᠩᠭᠤᠯ ᠬᠡᠦᠬᠡᠳ ᠤᠨ | ᠴᠡᠴᠡᠷᠯᠢᠭ ᠲᠤ ᠬᠦᠷᠦᠭᠡᠳ ᠪᠠᠭ᠎ᠠ ᠠᠩᠬᠢ ᠶᠢᠨ ᠰᠢᠨ᠎ᠡ ᠰᠣᠷᠣᠭᠴᠢᠳ ᠤᠨ ᠨᠡᠷ᠎ᠡ ᠮᠡᠳᠡᠭᠦᠯᠬᠦ ᠠᠵᠢᠯ ᠨᠢ ᠶᠠᠭ ᠡᠮᠬᠢ | ᠵᠢᠷᠣᠮ ᠲᠠᠢ ᠶᠠᠪᠣᠭᠳᠠᠵᠣ᠂ ᠡᠯ᠎ᠡ ᠵᠦᠢᠯ ᠤᠨ ᠪᠡᠯᠡᠳᠭᠡᠯ ᠠᠵᠢᠯ ᠨᠢ ᠴᠦ ᠨᠢᠭᠡᠨᠳᠡ ᠵᠦᠭᠰᠢᠷᠡᠭᠰᠡᠨ ᠢ ᠣᠯᠵᠣ ᠬᠠᠷᠠᠪᠠ᠃ | ︽ᠪᠢᠳᠡ ᠴᠠᠭ ᠵᠦᠷᠢᠭᠦᠯᠦᠨ ᠴᠡᠴᠡᠷᠯᠢᠭ ᠲᠤ ᠣᠷᠣᠬᠤ ᠠᠷᠭ᠎ᠠ ᠶᠢ ᠠᠪᠴᠣ᠂ ᠶᠡᠭᠡ ᠠᠩᠬᠢ᠂ ᠳᠣᠮᠳᠠ ᠠᠩᠬᠢ᠂ | ᠪᠠᠭ᠎ᠠ ᠠᠩᠬᠢ ᠶᠢᠨ ᠬᠡᠦᠬᠡᠳ ᠢ 9 ᠰᠠᠷ᠎ᠠ ᠶᠢᠨ 1 ᠠᠴᠠ 9 ᠤ ᠡᠳᠦᠷ ᠪᠣᠯᠳᠠᠯ᠎ᠠ ᠬᠡᠰᠡᠭ ᠪᠦᠯᠦᠭ ᠬᠤᠪᠢᠶᠠᠨ | ᠴᠡᠴᠡᠷᠯᠢᠭ ᠲᠤ ᠢᠷᠡᠭᠦᠯᠦᠨ᠎ᠡ︾ ᠭᠡᠵᠦ ᠳᠣᠰ ᠴᠡᠴᠡᠷᠯᠢᠭ ᠤᠨ ᠳᠡᠳ᠋ ᠵᠠᠬᠢᠷᠣᠯ ᠮᠦᠩᠬᠡᠳᠣᠶᠠᠭᠠ ᠬᠡᠯᠡᠨ᠎ᠡ᠃ |