9 ᠰᠠᠷ᠎ᠠ ᠶᠢᠨ 1 ᠤ ᠡᠳᠤᠷ ᠬᠦᠯᠦᠨ ᠪᠤᠶᠢᠷ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠨᠠᠮᠤᠷ ᠤᠨ | ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠪᠠ᠃ ᠪᠦᠬᠦ ᠬᠤᠳᠠ ᠶᠢᠨ ᠡᠯ᠎ᠡ | ᠰᠤᠷᠭᠠᠭᠤᠯᠢ ᠨᠤᠭᠤᠳ ᠬᠤᠭᠤᠴᠠᠭ᠎ᠠ ᠡᠬᠢᠯᠡᠬᠦ ᠪᠡᠯᠡᠳᠭᠡᠯ ᠢᠶᠠᠨ ᠤᠷᠢᠳᠴᠢᠯᠠᠨ ᠬᠢᠵᠤ᠂ ᠠᠮᠤᠷ ᠲᠦᠪᠰᠢᠨ ᠤ | ᠪᠠᠶᠢᠴᠠᠭᠠᠯᠳᠠ ᠬᠢᠬᠡᠳ ᠬᠢᠵᠢᠭ ᠢ ᠰᠡᠷᠭᠡᠶᠢᠯᠡᠬᠦ ᠠᠷᠢᠭᠤᠳᠬᠠᠯ ᠢᠶᠠᠨ ᠰᠠᠶᠢᠳᠤᠷ ᠬᠢᠵᠤ᠂ ᠡᠯ᠎ᠡ ᠳᠤᠮᠳᠠᠳᠤ ᠪᠠᠭ᠎ᠠ | ᠰᠤᠷᠭᠠᠭᠤᠯᠢ ᠠᠮᠤᠷ ᠲᠦᠪᠰᠢᠨ ᠡᠮᠬᠢ ᠵᠠᠮᠪᠠᠷᠠᠭ᠎ᠠ ᠲᠠᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ | ᠠᠮᠢᠳᠤᠷᠠᠯ ᠢᠶᠠᠨ ᠡᠬᠢᠯᠡᠭᠦᠯᠵᠠᠢ᠃ | ᠬᠠᠶᠢᠯᠠᠷ ᠳᠤᠭᠤᠷᠢᠭ ᠤᠨ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ ᠬᠦᠢᠴᠡᠳ ᠪᠡᠯᠡᠳᠭᠡᠯ ᠢᠶᠠᠷ 2020 | ᠣᠨ ᠤ ᠰᠢᠨ᠎ᠡ ᠰᠤᠷᠤᠭᠴᠢᠳ ᠢᠶᠠᠨ ᠤᠭᠳᠤᠵᠤ᠂ ᠬᠤᠭᠤᠴᠠᠭ᠎ᠠ ᠡᠬᠢᠯᠡᠬᠦ ᠠᠴᠠ ᠡᠮᠦᠨ᠎ᠡ ᠰᠢᠨ᠎ᠡ ᠨᠢᠭᠡᠳᠦᠭᠡᠷ ᠣᠨ ᠤ | ᠠᠩᠬᠢ ᠶᠢᠨ ᠡᠷᠬᠢᠯᠡᠭᠴᠢ ᠳᠤ ᠪᠤᠯᠪᠠᠰᠤᠷᠠᠯ ᠬᠦᠷᠳᠡᠭᠡᠪᠡ᠃ ᠪᠤᠯᠪᠠᠰᠤᠷᠠᠯ ᠳᠤ ᠬᠤᠶᠠᠳᠤᠭᠠᠷ ᠣᠨ ᠤ ᠡᠯ᠎ᠡ ᠠᠩᠬᠢ ᠶᠢᠨ | ᠡᠷᠬᠢᠯᠡᠭᠴᠢ ᠠᠴᠠ ᠨᠢᠭᠡᠳᠦᠭᠡᠷ ᠣᠨ ᠤ ᠠᠩᠬᠢ ᠶᠢᠨ ᠡᠷᠬᠢᠯᠡᠭᠴᠢ ᠨᠠᠷ ᠲᠤ ᠠᠩᠬᠢ ᠠᠪᠬᠤ ᠳᠤᠷᠰᠢᠯᠭ᠎ᠠ ᠪᠠᠨ | ᠤᠯᠠᠮᠵᠢᠯᠠᠵᠤ᠂ ᠰᠢᠨ᠎ᠡ ᠠᠩᠬᠢ ᠶᠢᠨ ᠡᠷᠬᠢᠯᠡᠭᠴᠢ ᠨᠢ ᠬᠤᠶᠠᠳᠤᠭᠠᠷ ᠣᠨ ᠤ ᠠᠩᠬᠢ ᠶᠢᠨ ᠡᠷᠬᠢᠯᠡᠭᠴᠢ ᠠᠴᠠ | ᠮᠠᠳᠠᠭ ᠲᠠᠢ ᠵᠦᠢᠯᠡᠰ ᠢᠶᠠᠨ ᠯᠠᠪᠯᠠᠪᠠ᠃ | ᠰᠤᠷᠭᠠᠨ ᠬᠦᠮᠦᠵᠢᠯ ᠤᠨ ᠡᠷᠭᠡ ᠳᠡᠭᠰᠢ ᠶᠢ ᠠᠬᠢᠭᠤᠯᠤᠨ᠂ ᠰᠤᠷᠤᠭᠴᠢ ᠨᠢᠭᠡᠪᠦᠷᠢ ᠳᠤ ᠡᠷᠭᠡ ᠳᠡᠭᠰᠢ | ᠰᠢᠯᠢᠳᠡᠭ ᠰᠠᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠳ᠋ᠯᠡᠬᠦᠯᠬᠦ ᠶᠢᠨ ᠲᠦᠯᠦᠭᠡ᠂ ᠬᠠᠶᠢᠯᠠᠷ ᠲᠤᠭᠤᠷᠢᠭ ᠤᠨ | ᠱᠧᠩᠯᠢ ᠵᠠᠮ ᠤᠨ ᠪᠠᠭ᠎ᠠ ᠰᠤᠷᠭᠠᠭᠤᠯᠢ ᠨᠢ ᠨᠢᠭᠡᠳᠦᠭᠡᠷ ᠣᠨ ᠳᠤ ᠤᠷᠤᠬᠤ 650 ᠭᠠᠷᠤᠢ ᠰᠢᠨ᠎ᠡ ᠰᠤᠷᠤᠭᠴᠢ ᠳᠠᠭᠠᠨ | ︽ᠢᠯᠡ ᠪᠠᠷ ᠠᠩᠬᠢ ᠬᠤᠪᠢᠶᠠᠬᠤ︾ ᠶᠤᠰᠤᠯᠠᠯ ᠶᠠᠪᠤᠭᠤᠯᠪᠠ᠃ ᠬᠠᠶᠢᠯᠠᠷ ᠳᠤᠭᠤᠷᠢᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ᠂ ᠰᠤᠷᠭᠠᠨ | ᠬᠦᠮᠦᠵᠢᠯ ᠤᠨ ᠳᠤᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠵᠢᠴᠢ ᠰᠤᠨᠢᠨ | ᠮᠡᠳᠡᠭᠡᠨ ᠤ ᠵᠠᠭᠤᠴᠢᠯᠠᠭᠤᠷ᠂ ᠬᠡᠷ ᠤᠨ ᠠᠬᠠᠮᠠᠳ ᠤᠨ ᠲᠦᠯᠦᠭᠡᠯᠡᠭᠴᠢᠳ ᠤᠨ ᠬᠢᠨᠠᠯᠳᠠ ᠳᠠᠯᠪᠢᠬᠤ ᠪᠠ | ᠤᠷᠤᠯᠴᠠᠯᠭ᠎ᠠ ᠶᠢᠨ ᠳᠤᠤᠷ᠎ᠠ᠂ ᠰᠤᠷᠭᠠᠭᠤᠯᠢ ᠶᠢᠨ ᠺᠣᠮᠫᠢᠦ᠋ᠲ᠋ᠧᠷ ᠤᠨ ᠠᠵᠢᠯᠳᠠᠨ ᠳᠤᠭᠳᠠᠭᠰᠠᠨ ᠲᠦᠷᠢᠮ ᠶᠤᠰᠤᠭᠠᠷ | ᠳᠤᠬᠠᠢ ᠶᠢᠨ ᠳᠠᠯᠠᠪᠠᠢ ᠳᠤ ᠨᠢᠭᠡᠳᠦᠭᠡᠷ ᠣᠨ ᠤ ᠰᠢᠨ᠎ᠡ ᠰᠤᠷᠤᠭᠴᠢᠳ ᠢ ᠠᠩᠬᠢ ᠬᠤᠪᠢᠶᠠᠪᠠ᠃ ᠠᠩᠬᠢ ᠶᠢᠨ | ᠡᠷᠬᠢᠯᠡᠭᠴᠢ ᠨᠠᠷ ᠪᠠᠰᠠ ᠰᠢᠪᠠᠭ᠎ᠠ ᠳᠠᠳᠠᠬᠤ ᠬᠡᠯᠪᠡᠷᠢ ᠪᠠᠷ ᠠᠩᠬᠢ ᠪᠠ ᠰᠤᠷᠤᠭᠴᠢᠳ ᠢᠶᠠᠨ ᠰᠤᠩᠭᠤᠨ ᠠᠪᠤᠪᠠ᠃ | ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠢᠶᠠᠩ ᠬᠤᠩ | 8 ᠰᠠᠷ᠎ᠠ ᠶᠢᠨ 29 ᠤ ᠡᠳᠤᠷ ᠡᠸᠡᠩᠬᠢ ᠬᠤᠰᠢᠭᠤ᠂ ᠬᠠᠶᠢᠯᠠᠷ ᠳᠤᠭᠤᠷᠢᠭ ᠤᠨ ᠰᠢᠨ᠎ᠡ ᠬᠤᠳᠠ ᠰᠤᠷᠭᠠᠭᠤᠯᠢ᠂ | ᠪᠤᠶᠢᠷ ᠰᠤᠷᠭᠠᠭᠤᠯᠢ᠂ ᠲᠢᠶᠠᠨ ᠵᠢᠶᠤᠤ ᠪᠠᠭ᠎ᠠ ᠰᠤᠷᠭᠠᠭᠤᠯᠢ ᠳᠤ ᠪᠠᠶᠢᠴᠠᠭᠠᠯᠳᠠ ᠬᠢᠵᠤ᠂ ᠰᠤᠷᠭᠠᠭᠤᠯᠢ ᠡᠬᠢᠯᠡᠬᠦ | ᠬᠢᠵᠢᠭ ᠤᠨ ᠰᠡᠷᠭᠡᠶᠢᠯᠡᠯᠳᠡ ᠬᠢᠬᠡᠳ ᠭᠤᠤᠯᠳᠠᠯᠭᠠᠳᠤ ᠲᠦᠷᠦᠯ ᠵᠦᠢᠯ ᠤᠨ ᠪᠠᠶᠢᠭᠤᠯᠤᠯᠳᠠ ᠵᠡᠷᠭᠡ ᠠᠵᠢᠯ ᠢ ᠬᠢᠨᠠᠨ | ᠱᠠᠯᠠᠪᠳᠠᠭᠤᠯᠵᠤ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠬᠤᠭᠤᠷᠤᠨᠳᠤ ᠪᠠᠨ ᠢᠯᠡᠭᠦᠭᠡᠨ ᠬᠠᠷᠢᠯᠴᠠᠵᠤ᠂ | ᠦᠢᠯᠡᠴᠢᠯᠡᠭᠡ ᠪᠠ ᠬᠠᠮᠢᠶᠠᠷᠤᠯᠳᠠ ᠪᠠᠨ ᠴᠢᠩᠭᠠᠳᠬᠠᠨ ᠬᠦᠴᠦᠨ ᠢᠶᠠᠨ ᠨᠢᠭᠳᠠᠷᠠᠭᠤᠯᠵᠤ᠂ ᠲᠦᠷᠦᠯ ᠵᠦᠢᠯ ᠤᠨ | ᠪᠠᠶᠢᠭᠤᠯᠤᠯᠳᠠ ᠶᠢ ᠠᠬᠢᠭᠤᠯᠵᠤ᠂ ᠬᠦᠯᠦᠨ ᠪᠤᠶᠢᠷ ᠬᠤᠳᠠ ᠶᠢᠨ ᠰᠤᠷᠭᠠᠨ ᠬᠦᠮᠦᠵᠢᠯ ᠤᠨ ᠦᠢᠯᠡᠰ ᠤᠨ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠤᠨ᠂ ᠠᠷᠠᠳ ᠲᠦᠮᠡᠨ ᠳᠤ ᠨᠡᠩ ᠤᠯᠠᠨ ᠰᠤᠷᠭᠠᠨ ᠬᠦᠮᠦᠵᠢᠯ ᠤᠨ ᠬᠦᠷᠳᠡᠮᠵᠢ | ᠤᠯᠭᠤᠵᠤ᠂ ᠪᠦᠬᠦ ᠬᠦᠴᠦᠨ ᠢᠶᠠᠷ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠪᠠᠶᠢᠭᠤᠯᠬᠤ | ᠬᠡᠷᠡᠭᠳᠠᠢ ᠬᠡᠵᠤ ᠱᠠᠭᠠᠷᠳᠠᠪᠠ᠃ | ᠬᠦᠯᠦᠨ ᠪᠤᠶᠢᠷ ᠤᠨ ᠡᠳᠤᠷ ᠤᠨ ᠰᠤᠨᠢᠨ ᠤ ᠬᠤᠷᠢᠶ᠎ᠠ ᠰᠢᠨ᠎ᠡ ᠵᠠᠭᠤᠴᠢᠯᠠᠭᠤᠷ ᠳᠡᠭᠡᠷ᠎ᠡ ᠪᠠᠨ ︽ᠪᠠᠭᠠᠴᠤᠳ | ᠮᠢᠨᠢ᠂ ᠬᠤᠭᠤᠴᠠᠭ᠎ᠠ ᠡᠬᠢᠯᠡᠬᠦ ᠵᠤᠷ ᠢ ᠲᠤᠰᠤᠭᠠᠷᠠᠢ︾ ᠬᠡᠬᠦ H5 ᠶᠢ ᠵᠤᠬᠢᠶᠠᠨ ᠪᠦᠳᠦᠭᠡᠵᠤ᠂ ᠬᠢᠵᠢᠭ ᠢ | ᠰᠡᠷᠭᠡᠶᠢᠯᠡᠬᠦ ᠵᠢᠴᠢ ᠨᠡᠶᠢᠬᠡᠮ ᠤᠨ ᠬᠠᠷᠢᠯᠴᠠᠭ᠎ᠠ ᠶᠢᠨ ᠲᠤᠬᠠᠢ ᠮᠡᠳᠡᠯᠭᠡ ᠶᠢ ᠲᠦᠭᠡᠮᠡᠯᠵᠢᠭᠦᠯᠤᠨ᠂ ᠠᠮᠢᠳᠤᠯᠢᠭ ᠰᠠᠶᠢᠬᠠᠨ | ᠬᠡᠯᠪᠡᠷᠢ ᠪᠠᠷ ᠵᠠᠯᠠᠭᠤᠴᠤᠳ ᠪᠠᠭᠠᠴᠤᠳ ᠲᠤ ᠡᠷᠡᠭᠦᠯ ᠰᠠᠷᠠᠭᠤᠯ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ | ᠰᠤᠷᠳᠠᠯᠴᠢᠯᠠᠵᠤ᠂ ᠰᠤᠷᠭᠠᠭᠤᠯᠢ ᠶᠢᠨ ᠠᠮᠢᠳᠤᠷᠠᠯ ᠳᠤ ᠬᠤᠷᠳᠤᠨ ᠲᠠᠳᠬᠤ ᠶᠢ ᠬᠦᠳᠦᠯᠦᠨ ᠵᠢᠯᠤᠭᠤᠳᠴᠠᠢ᠃ |