ᠬᠦᠯᠦᠨ ᠪᠤᠶᠢᠷ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠯ᠎ᠠ
ᠨᠡᠶᠢᠲᠡᠯᠡᠭᠰᠡᠨ ᠴᠠᠭ᠄
2020/9/1

     9 ᠰᠠᠷ᠎ᠠ ᠶᠢᠨ 1 ᠤ ᠡᠳᠤᠷ ᠬᠦᠯᠦᠨ ᠪᠤᠶᠢᠷ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠪᠠ᠃ ᠪᠦᠬᠦ ᠬᠤᠳᠠ ᠶᠢᠨ ᠡᠯ᠎ᠡ ᠰᠤᠷᠭᠠᠭᠤᠯᠢ ᠨᠤᠭᠤᠳ ᠬᠤᠭᠤᠴᠠᠭ᠎ᠠ ᠡᠬᠢᠯᠡᠬᠦ ᠪᠡᠯᠡᠳᠭᠡᠯ ᠢᠶᠠᠨ ᠤᠷᠢᠳᠴᠢᠯᠠᠨ ᠬᠢᠵᠤ᠂ ᠠᠮᠤᠷ ᠲᠦᠪᠰᠢᠨ ᠤ ᠪᠠᠶᠢᠴᠠᠭᠠᠯᠳᠠ ᠬᠢᠬᠡᠳ ᠬᠢᠵᠢᠭ ᠢ ᠰᠡᠷᠭᠡᠶᠢᠯᠡᠬᠦ ᠠᠷᠢᠭᠤᠳᠬᠠᠯ ᠢᠶᠠᠨ ᠰᠠᠶᠢᠳᠤᠷ ᠬᠢᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠠᠮᠤᠷ ᠲᠦᠪᠰᠢᠨ ᠡᠮᠬᠢ ᠵᠠᠮᠪᠠᠷᠠᠭ᠎ᠠ ᠲᠠᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠠᠮᠢᠳᠤᠷᠠᠯ ᠢᠶᠠᠨ ᠡᠬᠢᠯᠡᠭᠦᠯᠵᠠᠢ᠃
     ᠬᠠᠶᠢᠯᠠᠷ ᠳᠤᠭᠤᠷᠢᠭ ᠤᠨ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ ᠬᠦᠢᠴᠡᠳ ᠪᠡᠯᠡᠳᠭᠡᠯ ᠢᠶᠠᠷ 2020 ᠣᠨ ᠤ ᠰᠢᠨ᠎ᠡ ᠰᠤᠷᠤᠭᠴᠢᠳ ᠢᠶᠠᠨ ᠤᠭᠳᠤᠵᠤ᠂ ᠬᠤᠭᠤᠴᠠᠭ᠎ᠠ ᠡᠬᠢᠯᠡᠬᠦ ᠠᠴᠠ ᠡᠮᠦᠨ᠎ᠡ ᠰᠢᠨ᠎ᠡ ᠨᠢᠭᠡᠳᠦᠭᠡᠷ ᠣᠨ ᠤ ᠠᠩᠬᠢ ᠶᠢᠨ ᠡᠷᠬᠢᠯᠡᠭᠴᠢ ᠳᠤ ᠪᠤᠯᠪᠠᠰᠤᠷᠠᠯ ᠬᠦᠷᠳᠡᠭᠡᠪᠡ᠃ ᠪᠤᠯᠪᠠᠰᠤᠷᠠᠯ ᠳᠤ ᠬᠤᠶᠠᠳᠤᠭᠠᠷ ᠣᠨ ᠤ ᠡᠯ᠎ᠡ ᠠᠩᠬᠢ ᠶᠢᠨ ᠡᠷᠬᠢᠯᠡᠭᠴᠢ ᠠᠴᠠ ᠨᠢᠭᠡᠳᠦᠭᠡᠷ ᠣᠨ ᠤ ᠠᠩᠬᠢ ᠶᠢᠨ ᠡᠷᠬᠢᠯᠡᠭᠴᠢ ᠨᠠᠷ ᠲᠤ ᠠᠩᠬᠢ ᠠᠪᠬᠤ ᠳᠤᠷᠰᠢᠯᠭ᠎ᠠ ᠪᠠᠨ ᠤᠯᠠᠮᠵᠢᠯᠠᠵᠤ᠂ ᠰᠢᠨ᠎ᠡ ᠠᠩᠬᠢ ᠶᠢᠨ ᠡᠷᠬᠢᠯᠡᠭᠴᠢ ᠨᠢ ᠬᠤᠶᠠᠳᠤᠭᠠᠷ ᠣᠨ ᠤ ᠠᠩᠬᠢ ᠶᠢᠨ ᠡᠷᠬᠢᠯᠡᠭᠴᠢ ᠠᠴᠠ ᠮᠠᠳᠠᠭ ᠲᠠᠢ ᠵᠦᠢᠯᠡᠰ ᠢᠶᠠᠨ ᠯᠠᠪᠯᠠᠪᠠ᠃
     ᠰᠤᠷᠭᠠᠨ ᠬᠦᠮᠦᠵᠢᠯ ᠤᠨ ᠡᠷᠭᠡ ᠳᠡᠭᠰᠢ ᠶᠢ ᠠᠬᠢᠭᠤᠯᠤᠨ᠂ ᠰᠤᠷᠤᠭᠴᠢ ᠨᠢᠭᠡᠪᠦᠷᠢ ᠳᠤ ᠡᠷᠭᠡ ᠳᠡᠭᠰᠢ ᠰᠢᠯᠢᠳᠡᠭ ᠰᠠᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠳ᠋ᠯᠡᠬᠦᠯᠬᠦ ᠶᠢᠨ ᠲᠦᠯᠦᠭᠡ᠂ ᠬᠠᠶᠢᠯᠠᠷ ᠲᠤᠭᠤᠷᠢᠭ ᠤᠨ ᠱᠧᠩᠯᠢ ᠵᠠᠮ ᠤᠨ ᠪᠠᠭ᠎ᠠ ᠰᠤᠷᠭᠠᠭᠤᠯᠢ ᠨᠢ ᠨᠢᠭᠡᠳᠦᠭᠡᠷ ᠣᠨ ᠳᠤ ᠤᠷᠤᠬᠤ 650 ᠭᠠᠷᠤᠢ ᠰᠢᠨ᠎ᠡ ᠰᠤᠷᠤᠭᠴᠢ ᠳᠠᠭᠠᠨ ︽ᠢᠯᠡ ᠪᠠᠷ ᠠᠩᠬᠢ ᠬᠤᠪᠢᠶᠠᠬᠤ︾ ᠶᠤᠰᠤᠯᠠᠯ ᠶᠠᠪᠤᠭᠤᠯᠪᠠ᠃ ᠬᠠᠶᠢᠯᠠᠷ ᠳᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ᠂ ᠰᠤᠷᠭᠠᠨ ᠬᠦᠮᠦᠵᠢᠯ ᠤᠨ ᠳᠤᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠵᠢᠴᠢ ᠰᠤᠨᠢᠨ ᠮᠡᠳᠡᠭᠡᠨ ᠤ ᠵᠠᠭᠤᠴᠢᠯᠠᠭᠤᠷ᠂ ᠬᠡᠷ ᠤᠨ ᠠᠬᠠᠮᠠᠳ ᠤᠨ ᠲᠦᠯᠦᠭᠡᠯᠡᠭᠴᠢᠳ ᠤᠨ ᠬᠢᠨᠠᠯᠳᠠ ᠳᠠᠯᠪᠢᠬᠤ ᠪᠠ ᠤᠷᠤᠯᠴᠠᠯᠭ᠎ᠠ ᠶᠢᠨ ᠳᠤᠤᠷ᠎ᠠ᠂ ᠰᠤᠷᠭᠠᠭᠤᠯᠢ ᠶᠢᠨ ᠺᠣᠮᠫᠢᠦ᠋ᠲ᠋ᠧᠷ ᠤᠨ ᠠᠵᠢᠯᠳᠠᠨ ᠳᠤᠭᠳᠠᠭᠰᠠᠨ ᠲᠦᠷᠢᠮ ᠶᠤᠰᠤᠭᠠᠷ ᠳᠤᠬᠠᠢ ᠶᠢᠨ ᠳᠠᠯᠠᠪᠠᠢ ᠳᠤ ᠨᠢᠭᠡᠳᠦᠭᠡᠷ ᠣᠨ ᠤ ᠰᠢᠨ᠎ᠡ ᠰᠤᠷᠤᠭᠴᠢᠳ ᠢ ᠠᠩᠬᠢ ᠬᠤᠪᠢᠶᠠᠪᠠ᠃ ᠠᠩᠬᠢ ᠶᠢᠨ ᠡᠷᠬᠢᠯᠡᠭᠴᠢ ᠨᠠᠷ ᠪᠠᠰᠠ ᠰᠢᠪᠠᠭ᠎ᠠ ᠳᠠᠳᠠᠬᠤ ᠬᠡᠯᠪᠡᠷᠢ ᠪᠠᠷ ᠠᠩᠬᠢ ᠪᠠ ᠰᠤᠷᠤᠭᠴᠢᠳ ᠢᠶᠠᠨ ᠰᠤᠩᠭᠤᠨ ᠠᠪᠤᠪᠠ᠃
     ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠢᠶᠠᠩ ᠬᠤᠩ 8 ᠰᠠᠷ᠎ᠠ ᠶᠢᠨ 29 ᠤ ᠡᠳᠤᠷ ᠡᠸᠡᠩᠬᠢ ᠬᠤᠰᠢᠭᠤ᠂ ᠬᠠᠶᠢᠯᠠᠷ ᠳᠤᠭᠤᠷᠢᠭ ᠤᠨ ᠰᠢᠨ᠎ᠡ ᠬᠤᠳᠠ ᠰᠤᠷᠭᠠᠭᠤᠯᠢ᠂ ᠪᠤᠶᠢᠷ ᠰᠤᠷᠭᠠᠭᠤᠯᠢ᠂ ᠲᠢᠶᠠᠨ ᠵᠢᠶᠤᠤ ᠪᠠᠭ᠎ᠠ ᠰᠤᠷᠭᠠᠭᠤᠯᠢ ᠳᠤ ᠪᠠᠶᠢᠴᠠᠭᠠᠯᠳᠠ ᠬᠢᠵᠤ᠂ ᠰᠤᠷᠭᠠᠭᠤᠯᠢ ᠡᠬᠢᠯᠡᠬᠦ ᠬᠢᠵᠢᠭ ᠤᠨ ᠰᠡᠷᠭᠡᠶᠢᠯᠡᠯᠳᠡ ᠬᠢᠬᠡᠳ ᠭᠤᠤᠯᠳᠠᠯᠭᠠᠳᠤ ᠲᠦᠷᠦᠯ ᠵᠦᠢᠯ ᠤᠨ ᠪᠠᠶᠢᠭᠤᠯᠤᠯᠳᠠ ᠵᠡᠷᠭᠡ ᠠᠵᠢᠯ ᠢ ᠬᠢᠨᠠᠨ ᠱᠠᠯᠠᠪᠳᠠᠭᠤᠯᠵᠤ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠬᠤᠭᠤᠷᠤᠨᠳᠤ ᠪᠠᠨ ᠢᠯᠡᠭᠦᠭᠡᠨ ᠬᠠᠷᠢᠯᠴᠠᠵᠤ᠂ ᠦᠢᠯᠡᠴᠢᠯᠡᠭᠡ ᠪᠠ ᠬᠠᠮᠢᠶᠠᠷᠤᠯᠳᠠ ᠪᠠᠨ ᠴᠢᠩᠭᠠᠳᠬᠠᠨ ᠬᠦᠴᠦᠨ ᠢᠶᠠᠨ ᠨᠢᠭᠳᠠᠷᠠᠭᠤᠯᠵᠤ᠂ ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠬᠦᠯᠦᠨ ᠪᠤᠶᠢᠷ ᠬᠤᠳᠠ ᠶᠢᠨ ᠰᠤᠷᠭᠠᠨ ᠬᠦᠮᠦᠵᠢᠯ ᠤᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠂ ᠠᠷᠠᠳ ᠲᠦᠮᠡᠨ ᠳᠤ ᠨᠡᠩ ᠤᠯᠠᠨ ᠰᠤᠷᠭᠠᠨ ᠬᠦᠮᠦᠵᠢᠯ ᠤᠨ ᠬᠦᠷᠳᠡᠮᠵᠢ ᠤᠯᠭᠤᠵᠤ᠂ ᠪᠦᠬᠦ ᠬᠦᠴᠦᠨ ᠢᠶᠠᠷ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠪᠠᠶᠢᠭᠤᠯᠬᠤ ᠬᠡᠷᠡᠭᠳᠠᠢ ᠬᠡᠵᠤ ᠱᠠᠭᠠᠷᠳᠠᠪᠠ᠃
     ᠬᠦᠯᠦᠨ ᠪᠤᠶᠢᠷ ᠤᠨ ᠡᠳᠤᠷ ᠤᠨ ᠰᠤᠨᠢᠨ ᠤ ᠬᠤᠷᠢᠶ᠎ᠠ ᠰᠢᠨ᠎ᠡ ᠵᠠᠭᠤᠴᠢᠯᠠᠭᠤᠷ ᠳᠡᠭᠡᠷ᠎ᠡ ᠪᠠᠨ ︽ᠪᠠᠭᠠᠴᠤᠳ ᠮᠢᠨᠢ᠂ ᠬᠤᠭᠤᠴᠠᠭ᠎ᠠ ᠡᠬᠢᠯᠡᠬᠦ ᠵᠤᠷ ᠢ ᠲᠤᠰᠤᠭᠠᠷᠠᠢ︾ ᠬᠡᠬᠦ H5 ᠶᠢ ᠵᠤᠬᠢᠶᠠᠨ ᠪᠦᠳᠦᠭᠡᠵᠤ᠂ ᠬᠢᠵᠢᠭ ᠢ ᠰᠡᠷᠭᠡᠶᠢᠯᠡᠬᠦ ᠵᠢᠴᠢ ᠨᠡᠶᠢᠬᠡᠮ ᠤᠨ ᠬᠠᠷᠢᠯᠴᠠᠭ᠎ᠠ ᠶᠢᠨ ᠲᠤᠬᠠᠢ ᠮᠡᠳᠡᠯᠭᠡ ᠶᠢ ᠲᠦᠭᠡᠮᠡᠯᠵᠢᠭᠦᠯᠤᠨ᠂ ᠠᠮᠢᠳᠤᠯᠢᠭ ᠰᠠᠶᠢᠬᠠᠨ ᠬᠡᠯᠪᠡᠷᠢ ᠪᠠᠷ ᠵᠠᠯᠠᠭᠤᠴᠤᠳ ᠪᠠᠭᠠᠴᠤᠳ ᠲᠤ ᠡᠷᠡᠭᠦᠯ ᠰᠠᠷᠠᠭᠤᠯ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠤᠷᠳᠠᠯᠴᠢᠯᠠᠵᠤ᠂ ᠰᠤᠷᠭᠠᠭᠤᠯᠢ ᠶᠢᠨ ᠠᠮᠢᠳᠤᠷᠠᠯ ᠳᠤ ᠬᠤᠷᠳᠤᠨ ᠲᠠᠳᠬᠤ ᠶᠢ ᠬᠦᠳᠦᠯᠦᠨ ᠵᠢᠯᠤᠭᠤᠳᠴᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ