ᠮᠠᠨ ᠤ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠨᠡᠮᠡᠭᠳᠡᠪᠡ
ᠨᠡᠶᠢᠲᠡᠯᠡᠭᠰᠡᠨ ᠴᠠᠭ᠄
2020/9/1

     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ ᠡᠨᠡ ᠵᠢᠯ ᠤᠨ 1 — 7 ᠳ᠋ᠤᠭᠠᠷ ᠰᠠᠷ᠎ᠠ ᠳᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ᠃ ᠪᠦᠬᠦ ᠣᠷᠣᠨ ᠤ ᠪᠤᠰᠤᠳ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ᠃
     ᠡᠭᠦᠨ ᠤ ᠬᠠᠮᠲᠤ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ 41 ᠲᠣᠮᠣ ᠲᠥᠷᠥᠯ ᠤᠨ ᠠᠵᠢᠯ ᠲᠥᠷᠥᠯ ᠤᠨ ᠨᠡᠮᠡᠭᠳᠡᠯ ᠥᠷᠲᠡᠭ 56.1% ᠳᠤ ᠬᠦᠷᠴᠦ᠂ ᠡᠮ ᠡᠮᠨᠡᠯᠭᠡ ᠶᠢᠨ ᠦᠢᠯᠡᠳᠬᠦ ᠦᠢᠯᠡᠰ᠂ ᠢᠳᠡᠭᠡᠨ ᠦᠢᠯᠡᠳᠬᠦ ᠦᠢᠯᠡᠰ᠂ ᠨᠠᠪᠴᠢᠨ ᠲᠠᠮᠠᠬᠢ ᠦᠢᠯᠡᠳᠬᠦ ᠦᠢᠯᠡᠰ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠡᠷᠦᠳᠡᠰᠦ ᠪᠣᠯᠪᠠᠰᠤᠷᠠᠭᠤᠯᠬᠤ ᠦᠢᠯᠡᠰ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.0%᠂ 9.2%᠂ 50.3%᠂ 10.0%᠂ 23.6%᠂ 9.8%᠂ 2.1% ᠨᠡᠮᠡᠭᠳᠡᠪᠡ᠃ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠦᠷᠳᠡᠭ 5.0% ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 40.1% ᠨᠡᠮᠡᠭᠳᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠵᠤ᠂ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 57.8% ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 23.5% ᠨᠡᠮᠡᠭᠳᠡᠨ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠵᠦ᠂ ᠤᠶᠤᠨᠲᠤ ᠲᠧᠯᠸᠢᠰ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 99.8% ᠳᠤ ᠬᠦᠷᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ