︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/9/15
                      ᠥᠪᠥᠷ ᠵᠠᠰᠠᠭ ᠠᠯᠪᠠᠨ ᠲᠠᠷᠬᠠᠭᠠᠭᠰᠠᠨ  ﹇2020﹈ 21 ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃                                                        2020 ᠣᠨ ᠤ 7 ᠳ᠋ᠤᠭᠠᠷ ᠰᠠᠷ᠎ᠠ ᠶᠢᠨ 31 ᠤ ᠡᠳᠦᠷ          ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭ            ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ                                                       ᠨᠢᠭᠡᠳᠦᠭᠡᠷ ᠪᠦᠯᠦᠭ     ᠶᠡᠷᠦᠩᠬᠡᠶ ᠲᠦᠷᠢᠮ        ᠨᠢᠭᠡᠳᠦᠭᠡᠷ ᠵᠦᠢᠯ  ᠵᠡᠮᠳᠡᠭ ᠪᠤᠯᠬᠤ ᠠᠴᠠ ᠪᠦᠲᠦᠮᠵᠢᠲᠡᠶ ᠰᠡᠷᠭᠡᠶᠢᠯᠡᠵᠦ᠂ ᠵᠡᠮᠳᠡᠭ ᠪᠣᠯᠬᠤ ᠪᠠᠶᠢᠳᠠᠯ ᠢ ᠪᠠᠭᠠᠰᠬᠠᠬᠤ ᠶᠢᠨ ᠲᠤᠰᠠᠳᠠ᠂ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠦᠷᠢᠯᠡᠨ᠂ ᠵᠡᠮᠳᠡᠭᠴᠦᠳ ᠤᠨ ᠡᠷᠬᠡ ᠲᠡᠭᠰᠢ ᠪᠠᠷ ᠨᠡᠶᠢᠭᠡᠮ ᠤᠨ ᠠᠮᠢᠳᠤᠷᠠᠯ ᠳᠤ ᠭᠦᠢᠴᠡᠳ ᠣᠷᠣᠯᠴᠠᠬᠤ ᠶᠢ ᠠᠬᠢᠭᠤᠯᠵᠤ᠂ ᠮᠠᠨ ᠤ ᠣᠷᠣᠨ ᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠤ ᠲᠤᠰ ᠠᠷᠭ᠎ᠠ ᠬᠡᠷᠡᠭᠯᠡᠭᠳᠡᠨ᠎ᠡ᠃      ᠭᠤᠷᠪᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠵᠡᠮᠳᠡᠭ ᠪᠣᠯᠬᠤ ᠠᠴᠠ ᠰᠡᠷᠭᠡᠶᠢᠯᠡᠬᠦ ᠭᠡᠳᠡᠭ ᠨᠢ ᠡᠯ᠎ᠡ ᠵᠦᠢᠯ ᠤᠨ ᠵᠡᠮᠳᠡᠭ ᠡᠭᠦᠰᠭᠡᠬᠦ  ᠡᠯᠧᠮᠧᠨ᠋ᠲ ᠲᠤ ᠴᠢᠭᠯᠡᠭᠦᠯᠦᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠤᠪᠢ ᠪᠡᠶ᠎ᠡ ᠶᠢᠨ ᠬᠢᠨᠢ ᠰᠡᠳᠬᠢᠴᠡ᠂ ᠮᠠᠬᠠᠪᠣᠳ᠂ ᠪᠡᠶ᠎ᠡ ᠮᠠᠬᠠᠪᠤᠳ ᠤᠨ ᠪᠦᠲᠦᠴᠡ ᠶᠢᠨ ᠲᠠᠯ᠎ᠠ ᠪᠠᠷ ᠬᠢ ᠶᠠᠮᠠᠷ ᠨᠢᠭᠡᠨ ᠨᠡᠬᠡᠳᠡᠰᠦ᠂ ᠬᠦᠴᠦᠨ ᠴᠢᠳᠠᠮᠵᠢ ᠨᠢ ᠮᠠᠭᠤᠳᠠᠬᠤ ᠪᠤᠶᠤ ᠬᠡᠪ ᠤᠨ ᠪᠤᠰᠤ ᠪᠠᠶᠢᠳᠠᠯ ᠭᠠᠷᠬᠤ ᠠᠴᠠ ᠵᠠᠶᠢᠳᠠᠭᠤᠯᠵᠤ᠂ ᠨᠡᠶᠢᠭᠡᠮ ᠤᠨ ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠴᠢᠳᠠᠪᠤᠷᠢ ᠪᠠᠨ ᠪᠦᠬᠦᠨ ᠢ ᠪᠤᠶᠤ ᠬᠡᠰᠡᠭ ᠲᠠᠯ᠎ᠠ ᠪᠠᠷ ᠠᠯᠳᠠᠬᠤ ᠠᠴᠠ ᠰᠡᠷᠭᠡᠶᠢᠯᠡᠬᠦ ᠶᠢ ᠵᠢᠭᠠᠵᠤ ᠪᠣᠢ᠃      ᠲᠤᠰ ᠠᠷᠭ᠎ᠠ ᠳᠤ ᠬᠡᠯᠡᠵᠦ ᠪᠠᠶᠢᠭ᠎ᠠ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠵᠡᠮᠳᠡᠭ ᠪᠣᠯᠤᠭᠰᠠᠨ ᠤ ᠳᠠᠷᠠᠭ᠎ᠠ ᠠᠨᠠᠭᠠᠬᠤ ᠤᠬᠠᠭᠠᠨ᠂ ᠰᠤᠷᠭᠠᠨ ᠬᠥᠮᠦᠵᠢᠯ᠂ ᠠᠵᠢᠯ ᠮᠡᠷᠭᠡᠵᠢᠯ᠂ ᠨᠡᠶᠢᠭᠡᠮ᠂ ᠰᠡᠳᠬᠢᠴᠡ ᠪᠠ ᠲᠤᠰᠠᠯᠠᠬᠤ ᠪᠠᠭᠠᠵᠢ ᠬᠡᠷᠡᠭᠰᠡᠯ ᠵᠡᠷᠭᠡ  ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠥᠷᠢᠯᠡᠵᠤ᠂ ᠬᠦᠴᠦᠨ ᠴᠢᠳᠠᠮᠵᠢ ᠶᠢᠨ ᠲᠠᠯ᠎ᠠ ᠪᠠᠷ ᠬᠢ ᠰᠠᠭᠠᠲᠠᠯ ᠢ ᠨᠢ ᠬᠦᠩᠭᠡᠷᠡᠭᠦᠯᠦᠨ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠴᠢᠳᠠᠪᠤᠷᠢ ᠶᠢ ᠨᠢ ᠨᠡᠮᠡᠭᠳᠡᠭᠦᠯᠬᠦ ᠶᠢ ᠵᠢᠭᠠᠵᠤ ᠪᠣᠢ᠃      ᠳᠥᠷᠪᠡᠳᠦᠭᠡᠷ ᠵᠦᠢᠯ  ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠳᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ ᠂ ᠪᠣᠳᠠᠲᠠᠶ ᠠᠴᠠ ᠡᠭᠦᠰᠴᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠲᠣᠬᠢᠷᠠᠯᠴᠠᠭᠤᠯᠤᠨ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠡᠷᠡᠭᠦᠯᠵᠢᠭᠦᠯᠬᠦ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠭᠦᠯᠬᠦ ᠬᠡᠷᠡᠭᠲᠡᠢ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠪᠠᠶᠢᠭᠠᠳ ᠵᠡᠮᠳᠡᠭᠴᠦᠳ ᠲᠤ ᠡᠷᠡᠭᠦᠯᠵᠢᠭᠦᠯᠬᠦ ᠦᠨᠳᠦᠰᠦᠨ ᠦᠢᠯᠡᠴᠢᠯᠡᠭᠡ ᠬᠠᠩᠭᠠᠵᠤ᠂ ᠥᠷᠭᠡᠨ ᠶᠡᠭᠡ ᠪᠠᠷ ᠠᠰᠢᠭ ᠬᠥᠷᠲᠡᠭᠡᠬᠦ ᠵᠠᠷᠴᠢᠮ ᠢ ᠵᠢᠷᠤᠮᠯᠠᠨ᠂ ᠵᠡᠮᠳᠡᠭᠴᠦᠳ ᠢ ᠳᠡᠮᠵᠢᠵᠦ ᠬᠠᠪᠰᠤᠷᠴᠤ ᠪᠠᠶᠢᠭᠠᠳ ᠨᠡᠶᠢᠭᠡᠮ ᠳᠤ  ᠠᠭᠤᠰᠤᠯᠴᠠᠭᠤᠯᠤᠨ ᠨᠡᠶᠢᠴᠡᠭᠦᠯᠬᠦ ᠬᠡᠷᠡᠭᠲᠡᠶ᠃ ᠵᠡᠮᠳᠡᠭ ᠬᠡᠮᠡᠨ ᠭᠠᠳᠠᠭᠤᠷᠴᠢᠯᠠᠬᠤ ᠶᠢ ᠡᠷᠡᠰ ᠬᠤᠷᠢᠭᠯᠠᠬᠤ ᠬᠡᠷᠡᠭᠲᠡᠢ᠃      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠤᠳᠤᠷᠢᠳᠴᠤ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ  ᠪᠠᠳᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠣᠷᠣᠯᠴᠠᠭᠰᠠᠨ ᠠᠵᠢᠯ ᠤᠨ ᠲᠣᠭᠲᠠᠴᠠ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡᠯᠡᠵᠦ ᠪᠦᠬᠦᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠳᠤ ᠰᠢᠯᠭᠠᠨ ᠬᠢᠨᠠᠬᠤ ᠪᠠ ᠬᠢᠨᠠᠯᠲᠠ ᠲᠠᠯᠪᠢᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠢ ᠬᠠᠷᠢᠭᠤᠴᠠᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠢᠭᠡᠳ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ  ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃      ᠳᠣᠯᠣᠳᠤᠭᠠᠷ ᠵᠦᠢᠯ  ᠡᠯ᠎ᠡ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠤᠨ ᠶᠣᠰᠣᠭᠠᠷ ᠪᠤᠶᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠥᠷᠨᠢᠭᠦᠯᠬᠦ ᠬᠡᠷᠡᠭᠲᠡᠢ᠃      ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃      ᠨᠠᠢᠮᠠᠳᠤᠭᠠᠷ ᠵᠦᠢᠯ  ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠨᠢ ᠬᠠᠷᠢᠶᠠᠯᠠᠭᠳᠠᠬᠤ ᠬᠡᠪᠴᠢᠶᠡᠨ ᠳᠠᠬᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠬᠢᠵᠦ ᠪᠠᠶᠢᠭ᠎ᠠ ᠬᠥᠮᠦᠰ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃      ᠶᠢᠰᠦᠳᠦᠭᠡᠷ ᠵᠦᠢᠯ  ᠨᠡᠶᠢᠭᠡᠮ ᠤᠨ ᠡᠯ᠎ᠡ ᠡᠲᠡᠭᠡᠳ ᠤᠨ ᠬᠢᠨ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠰ ᠢ ᠬᠠᠯᠠᠮᠵᠢᠯᠠᠨ ᠳᠡᠮᠵᠢᠬᠦ ᠪᠠ ᠲᠡᠭᠦᠨ ᠳᠤ ᠣᠷᠣᠯᠴᠠᠬᠤ ᠬᠡᠷᠡᠭᠲᠡᠶ᠃      ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ  ᠤᠬᠠᠭᠤᠯᠬᠤ ᠲᠥᠯᠥᠪᠯᠡᠭᠡ ᠭᠠᠷᠭᠠᠵᠤ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠠᠯ᠎ᠠ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠦᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠠᠯ᠎ᠠ ᠶᠢᠨ ᠮᠡᠳᠡᠯᠭᠡ ᠶᠢ  ᠲᠦᠭᠡᠮᠡᠯᠵᠢᠭᠦᠯᠬᠦ ᠶᠢ ᠠᠬᠢᠭᠤᠯᠬᠤ ᠬᠡᠷᠡᠭᠲᠡᠶ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ ᠳᠠᠮᠵᠢᠵᠤ ᠪᠠᠶᠢᠭᠠᠳ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠨᠡᠶᠢᠲᠡ ᠶᠢᠨ ᠠᠰᠠᠷᠠᠮᠵᠢ ᠶᠢᠨ ᠪᠡᠯᠡᠳᠬᠡᠮᠵᠢ ᠬᠠᠨᠳᠢᠪᠯᠠᠨ ᠳᠡᠮᠵᠢᠭᠦᠯᠬᠦ ᠪᠠ ᠪᠠᠶᠢᠭᠤᠯᠬᠤ ᠬᠡᠷᠡᠭᠲᠡᠢ᠃      ᠠᠷᠪᠠᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠰᠢᠨᠵᠢᠯᠡᠬᠦ ᠤᠬᠠᠭᠠ ᠤ ᠰᠤᠳᠤᠯᠭᠠᠨ ᠪᠠ ᠬᠡᠷᠡᠭᠯᠡᠭᠡᠨ ᠢ ᠥᠷᠨᠢᠭᠦᠯᠦᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ  ᠡᠷᠡᠭᠦᠯᠵᠢᠭᠦᠯᠬᠦ ᠠᠵᠢᠯ ᠤᠨ ᠲᠤᠰᠬᠠᠶᠢᠵᠢᠬᠤ᠂ ᠮᠡᠳᠡᠭᠡ ᠵᠠᠩᠭᠢᠴᠢᠯᠠᠬᠤ᠂ ᠤᠶᠤᠨᠴᠢᠯᠠᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠬᠦᠷᠢᠶᠡᠨ ᠳᠠᠬᠢ ᠰᠣᠯᠢᠯᠴᠠᠭ᠎ᠠ ᠬᠢᠬᠡᠳ ᠬᠠᠮᠲᠤᠷᠠᠯᠴᠠᠭ᠎ᠠ ᠶᠢᠨ ᠠᠵᠢᠯ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ  ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠳᠤ ᠳᠣᠪᠤᠶᠢᠮ᠎ᠠ ᠠᠮᠵᠢᠯᠲᠠ ᠭᠠᠷᠭᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃                                             ᠬᠤᠶᠠᠳᠤᠭᠠᠷ ᠪᠦᠯᠦᠭ     ᠵᠡᠮᠳᠡᠭ ᠪᠣᠯᠬᠤ ᠠᠴᠠ ᠰᠡᠷᠭᠡᠶᠢᠯᠡᠬᠦ      ᠠᠷᠪᠠᠨ ᠬᠤᠶᠠᠳᠤᠭᠠᠷ ᠵᠦᠢᠯ  ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠳᠤ ᠪᠦᠬᠦ ᠬᠥᠮᠦᠰ ᠪᠠ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠬᠤ ᠬᠡᠷᠡᠭᠲᠡᠶ᠃ ᠨᠡᠶᠢᠳᠡᠮ ᠳᠤ ᠨᠢ ᠰᠡᠷᠭᠡᠶᠢᠯᠡᠬᠦ ᠪᠠ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠬᠠᠷᠢᠴᠠᠭᠤᠯᠵᠤ ᠪᠣᠯᠬᠤ ᠲᠥᠷᠥᠯ ᠤᠨ ᠵᠡᠮᠳᠡᠭ ᠪᠣᠯᠤᠭᠰᠠᠨ ᠨᠣᠷᠮ᠎ᠠ ᠶᠢ ᠠᠳᠠᠯᠢ ᠣᠷᠣᠯᠭ᠎ᠠ ᠲᠠᠢ ᠭᠠᠵᠠᠷ ᠣᠷᠣᠨ ᠳᠤ ᠨᠡᠯᠢᠶᠡᠳ ᠳᠣᠤᠷ᠎ᠠ ᠲᠦᠪᠰᠢᠨ ᠳᠤ ᠪᠠᠶᠢᠯᠭᠠᠬᠤ ᠪᠠᠷ ᠬᠠᠷᠠᠯᠲᠠ ᠪᠣᠯᠭᠠᠵᠤ᠂ ᠨᠡᠶᠢᠭᠡᠮ ᠲᠣᠭᠤᠷᠢᠭ ᠪᠠ ᠭᠡᠷ ᠪᠦᠯᠢ ᠪᠠᠷ ᠰᠠᠭᠤᠷᠢ ᠪᠣᠯᠭᠠᠨ᠂ ᠵᠡᠮᠳᠡᠭ ᠪᠣᠯᠬᠤ ᠶᠢ ᠨᠢᠭᠡᠳᠦᠭᠡᠷ ᠳᠡᠰ ᠤᠨ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠳᠡᠰ ᠤᠨ ᠰᠡᠷᠭᠡᠶᠢᠯᠡᠬᠦ ᠠᠵᠢᠯ ᠢ ᠥᠷᠨᠢᠭᠦᠯᠵᠦ᠂ ᠵᠡᠮᠳᠡᠭ ᠪᠣᠯᠬᠤ ᠨᠤᠷᠮ᠎ᠠ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠶᠢ ᠵᠣᠬᠢᠶᠠᠨ ᠪᠠᠶᠢᠭᠤᠯᠵᠤ  ᠵᠡᠮᠳᠡᠭ ᠪᠣᠯᠬᠤ ᠠᠴᠠ ᠰᠡᠷᠭᠡᠶᠢᠯᠡᠬᠦ ᠳᠣᠤᠷᠠᠬᠢ ᠠᠵᠢᠯ ᠢ ᠥᠷᠨᠢᠭᠦᠯᠬᠦ ᠬᠡᠷᠡᠭᠲᠡᠢ᠄      ︵ᠨᠢᠭᠡ︶ ᠵᠡᠮᠳᠡᠭ ᠡᠭᠦᠰᠭᠡᠬᠦ ᠡᠯᠧᠮᠧᠨ᠋ᠲ ᠲᠤ ᠠᠵᠢᠭᠯᠠᠨ ᠰᠢᠨᠵᠢᠬᠦ ᠶᠢ ᠬᠡᠷᠡᠭᠵᠢᠭᠦᠯᠦᠨ᠂ ᠵᠡᠮᠳᠡᠭ ᠪᠣᠯᠣᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠵᠡᠮᠳᠡᠭ ᠪᠣᠯᠤᠭᠰᠠᠨ ᠰᠢᠯᠲᠠᠭᠠᠨ ᠢ ᠵᠠᠳᠠᠯᠵᠤ᠂ ᠤᠳᠤᠮᠰᠢᠯ᠂ ᠡᠪᠡᠳᠴᠢᠨ ᠡᠮᠭᠡᠭ᠂ ᠡᠮ᠂ ᠠᠳᠡᠯ ᠵᠡᠷᠭᠡ ᠵᠡᠮᠳᠡᠭ ᠡᠭᠦᠰᠭᠡᠬᠦ ᠭᠤᠣᠯ ᠡᠯᠧᠮᠧᠨ᠋ᠲ ᠢ ᠬᠥᠳᠡᠯᠦᠩᠭᠦᠶ ᠪᠠᠷ ᠠᠵᠢᠭᠯᠠᠨ ᠰᠢᠨᠵᠢᠬᠦ ᠬᠡᠷᠡᠭᠲᠡᠢ︔      ︵ᠬᠤᠶᠠᠷ︶ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠤᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠵᠡᠮᠳᠡᠭ ᠡᠭᠦᠰᠭᠡᠬᠦ ᠭᠤᠤᠯ ᠡᠯᠧᠮᠧᠨ᠋ᠲ ᠲᠤ ᠴᠢᠭᠯᠡᠭᠦᠯᠦᠨ ᠭᠤᠤᠯᠳᠠᠯᠭ᠎ᠠ ᠲᠠᠢ ᠰᠡᠷᠭᠡᠶᠢᠯᠡᠬᠦ ᠠᠷᠭ᠎ᠠ ᠶᠢ ᠬᠡᠷᠡᠭᠵᠢᠭᠦᠯᠦᠨ᠂ ᠵᠡᠮᠳᠡᠭ ᠪᠣᠯᠬᠤ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠭᠠᠵᠠᠷ ᠣᠷᠣᠨ᠂ ᠬᠥᠮᠦᠰ᠂ ᠠᠵᠢᠯ ᠲᠥᠷᠥᠯ᠂ ᠨᠢᠭᠡᠴᠢ ᠳᠤ ᠲᠤᠰᠬᠠᠶ ᠠᠷᠭ᠎ᠠ ᠬᠡᠮᠵᠢᠶ᠎ᠡ ᠠᠪᠴᠤ᠂ ᠤᠷᠢᠳ ᠢᠶᠠᠷ ᠬᠠᠮᠢᠶᠠᠷᠤᠨ ᠵᠠᠬᠢᠷᠬᠤ ᠶᠢ ᠬᠡᠷᠡᠭᠵᠢᠭᠦᠯᠬᠦ ᠬᠡᠷᠡᠭᠲᠡᠢ︔      ︵ᠭᠤᠷᠪᠠ︶ ᠵᠡᠮᠳᠡᠭ ᠪᠣᠯᠬᠤ ᠠᠴᠠ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠵᠡᠮᠳᠡᠭ ᠪᠣᠯᠬᠤ ᠠᠴᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ︔      ︵ᠳᠥᠷᠪᠡ︶ ᠵᠡᠮᠳᠡᠭ ᠪᠣᠯᠬᠤ ᠬᠠᠨᠳᠤᠰᠢ ᠳᠤ ᠰᠤᠳᠤᠯᠭᠠᠨ ᠥᠷᠨᠢᠭᠦᠯᠵᠦ᠂ ᠵᠡᠮᠳᠡᠭ ᠪᠣᠯᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠵᠡᠮᠳᠡᠭᠴᠦᠳ ᠤᠨ ᠬᠤᠯᠪᠣᠭᠠᠲᠤ ᠬᠤᠷᠠᠯ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠪᠠᠨ ᠵᠡᠮᠳᠡᠭᠴᠦᠳ ᠤᠨ ᠮᠡᠳᠡᠭᠡ ᠵᠠᠩᠭᠢ ᠶᠢ ᠲᠣᠰ ᠲᠤᠰ ᠲᠤ ᠪᠠᠨ ᠴᠤᠭᠯᠠᠭᠤᠯᠬᠤ ᠪᠠ ᠬᠤᠷᠢᠶᠠᠩᠭᠤᠶᠢᠯᠠᠬᠤ ᠶᠢᠨ ᠬᠠᠮᠲᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ  ᠡᠷᠡᠮᠳᠡᠭ ᠬᠡᠦᠬᠡᠳ ᠲᠦᠷᠦᠭᠦ ᠪᠠ ᠦᠰᠦᠨ ᠪᠣᠶᠢᠵᠢᠬᠤ ᠶᠢᠨ ᠰᠠᠭᠠᠲᠠᠯ ᠢ ᠪᠠᠭᠠᠰᠬᠠᠬᠤ ᠬᠡᠷᠡᠭᠲᠡᠢ᠃ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠬᠦᠨᠳᠦ ᠬᠡᠴᠡᠭᠦᠦ ᠤᠳᠤᠮᠰᠢᠯ ᠤᠨ ᠴᠢᠨᠠᠷᠲᠠᠶ ᠡᠪᠡᠳᠴᠢᠨ᠂ ᠬᠠᠯᠳᠠᠪᠤᠷᠢᠲᠤ ᠡᠪᠡᠳᠴᠢᠨ᠂ ᠣᠶᠣᠨ ᠮᠡᠳᠡᠷᠡᠯ ᠤᠨ ᠰᠠᠭᠠᠲᠠᠯ ᠵᠡᠷᠭᠡ ᠳᠤ ᠠᠨᠠᠭᠠᠬᠤ ᠤᠬᠠᠭᠠᠨ ᠤ ᠲᠠᠯ᠎ᠠ ᠶᠢᠨ ᠰᠠᠨᠠᠯ ᠳᠤᠷᠠᠳᠬᠤ ᠬᠡᠷᠡᠭᠲᠡᠢ︔ ᠵᠢᠷᠮᠦᠰᠦᠯᠡᠬᠦ ᠠᠴᠠ ᠡᠮᠦᠨᠡᠬᠢ ᠴᠢᠭᠢᠷᠠᠭ ᠬᠡᠦᠬᠡᠳ ᠲᠥᠷᠥᠭᠦᠯᠬᠦ ᠡᠷᠡᠭᠦᠯ ᠮᠡᠨᠳᠦ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠬᠥᠮᠦᠵᠢᠯ᠂ ᠲᠦᠭᠰᠢᠭᠦᠷᠢ ᠶᠢ ᠦᠨᠡᠯᠡᠨ ᠵᠢᠱᠢᠬᠦ᠂ ᠠᠰᠠᠭᠤᠨ ᠯᠠᠪᠯᠠᠵᠤ ᠵᠢᠯᠣᠭᠤᠳᠬᠤ ᠵᠡᠷᠭᠡ  ᠦᠢᠯᠡᠴᠢᠯᠡᠭᠡ ᠶᠢ  ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠳᠤ ᠣᠷᠣᠭᠤᠯᠬᠤ ᠬᠡᠷᠡᠭᠲᠡᠢ︔ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠵᠤ ᠣᠨᠣᠰᠢᠯᠠᠬᠤ ᠮᠡᠷᠭᠡᠵᠢᠯ ᠢ ᠳᠡᠯᠭᠡᠷᠡᠭᠦᠯᠵᠦ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠵᠤ ᠣᠨᠣᠰᠢᠯᠠᠬᠤ ᠮᠡᠷᠭᠡᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠳ᠋ᠤᠸᠧᠨ ᠶᠡᠷᠦᠩᠬᠡᠢ ᠭᠡᠮ᠂ ᠪᠡᠶ᠎ᠡ ᠶᠢᠨ ᠭᠠᠳᠠᠷᠭᠤ ᠨᠢ ᠵᠡᠷᠡᠮᠳᠡᠭ ᠵᠡᠷᠭᠡ ᠡᠷᠡᠮᠳᠡᠭ ᠲᠦᠷᠦᠬᠦ ᠠᠴᠠ ᠰᠡᠷᠭᠡᠶᠢᠯᠡᠬᠦ ᠪᠠᠷ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠣᠨᠣᠰᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠰᠠᠶ᠋ᠢ ᠲᠥᠷᠥᠭᠰᠡᠨ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯ ᠢ ᠨᠡᠶᠢᠳᠡᠮ ᠥᠷᠨᠢᠭᠦᠯᠵᠦ᠂  ᠰᠢᠭᠰᠢᠨ ᠪᠠᠶᠢᠴᠠᠭᠠᠬᠤ ᠡᠪᠡᠳᠴᠢᠨ ᠤ ᠵᠦᠢᠯ ᠪᠠ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠡᠷᠡᠮᠳᠡᠭ ᠬᠡᠦᠬᠡᠳ ᠲᠦᠷᠦᠭᠦ ᠪᠠ ᠬᠡᠤᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠬᠠᠮᠢᠶᠠᠷᠬᠤ ᠳᠤ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠂ ᠰᠢᠭᠰᠢᠨ ᠪᠠᠶᠢᠴᠠᠭᠠᠬᠤ ᠨᠣᠷᠮ᠎ᠠ᠂ ᠰᠢᠯᠵᠢᠭᠦᠯᠦᠨ ᠡᠮᠨᠡᠬᠦ ᠨᠣᠷᠮ᠎ᠠ᠂ ᠳᠠᠭᠠᠵᠤ ᠰᠤᠷᠪᠤᠯᠵᠢᠯᠠᠬᠤ ᠨᠣᠷᠮ᠎ᠠ᠂ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠬᠡᠷᠡᠭᠲᠡᠢ᠃ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠬᠦ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠶᠡᠷᠦᠩᠬᠡᠢ ᠳᠤ ᠨᠢ ᠰᠡᠷᠭᠡᠶᠢᠯᠡᠨ ᠳᠠᠷᠤᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠡᠮᠴᠢᠯᠡᠵᠦ ᠠᠪᠤᠷᠠᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠵᠢᠷᠤᠮᠵᠢᠭᠤᠯᠤᠨ ᠥᠷᠨᠢᠭᠦᠯᠵᠦ᠂ ᠨᠤᠭᠤᠰᠤᠨ ᠤ ᠪᠣᠷᠣ ᠡᠳ᠋ ᠤᠨ ᠦᠷᠪᠢᠰᠦᠯ᠂ B ᠬᠡᠯᠪᠡᠷᠢᠲᠦ ᠲᠠᠬᠤᠯ ᠤᠨ ᠴᠢᠨᠠᠷᠲᠤ ᠲᠠᠷᠢᠬᠢᠨ ᠤ ᠦᠷᠪᠢᠰᠦᠯ ᠵᠡᠷᠭᠡ ᠡᠪᠡᠳᠴᠢᠨ ᠠᠴᠠ ᠵᠡᠮᠳᠡᠭ ᠡᠭᠦᠰᠭᠡᠬᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠲᠠᠷᠢᠬᠤ ᠨᠣᠷᠮ᠎ᠠ ᠶᠢ ᠨᠡᠯᠢᠶᠡᠳ ᠥᠨᠳᠥᠷ ᠲᠦᠪᠰᠢᠨ ᠳᠤ ᠪᠠᠶᠢᠯᠭᠠᠵᠤ᠂ ᠸᠠᠺᠼᠢᠨ ᠤ ᠲᠠᠷᠢᠯᠭ᠎ᠠ ᠲᠠᠷᠢᠬᠤ ᠠᠮᠤᠷ ᠲᠦᠪᠰᠢᠨ ᠪᠠ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ  ᠤᠵᠢᠭ  ᠡᠪᠡᠳᠴᠢᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠪᠦᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠬᠤ ᠠᠷᠭ᠎ᠠ ᠮᠠᠶ᠋ᠢᠭ ᠲᠠᠢ ᠪᠠᠶᠢᠯᠭᠠᠬᠤ ᠠᠵᠢᠯᠯᠠᠭ᠎ᠠ ᠶᠢ ᠥᠷᠨᠢᠭᠦᠯᠵᠦ᠂ ᠤᠵᠢᠭ  ᠡᠪᠡᠳᠴᠢᠨ ᠢ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠦᠢᠯᠡᠴᠢᠯᠡᠭᠡ ᠪᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠳ᠋ᠠᠶᠢᠲ᠋ᠠ ᠶᠢᠨ ᠲᠠᠪᠴᠠᠩ ᠢ ᠦᠨᠳᠦᠰᠦᠯᠡᠨ ᠡᠷᠡᠭᠦᠯ ᠮᠡᠨᠳᠦ ᠶᠢᠨ ᠪᠦᠬᠦ ᠶᠠᠪᠤᠴᠠ ᠳᠠᠬᠢ ᠬᠠᠮᠢᠶᠠᠷᠤᠯᠲᠠ ᠶᠢ ᠵᠢᠷᠤᠮᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠵᠡᠷᠭᠡ ᠠᠵᠢᠯ ᠢ ᠰᠠᠶᠢᠲᠤᠷ ᠬᠢᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠲᠠᠷᠢᠬᠢᠨ ᠤ ᠰᠠ ᠳᠠᠭᠠᠷᠢᠬᠤ᠂ ᠬᠠᠪᠤᠳᠠᠷ ᠵᠢᠴᠢ ᠳᠦᠯᠡᠶᠢᠷᠡᠬᠦ᠂ ᠰᠣᠬᠤᠷᠠᠬᠤ ᠴᠢᠨᠠᠷᠲᠠᠢ ᠡᠪᠡᠳᠴᠢᠨ ᠢ ᠡᠷᠲᠡ ᠠᠴᠠ ᠰᠢᠭᠰᠢᠨ ᠪᠠᠶᠢᠴᠠᠭᠠᠵᠤ᠂ ᠡᠷᠡᠭᠦᠯ ᠮᠡᠨᠳᠦ ᠶᠢᠨ ᠠᠰᠠᠭᠤᠨ ᠯᠠᠪᠯᠠᠬᠤ ᠪᠠ ᠬᠠᠮᠢᠶᠠᠷᠤᠨ ᠵᠠᠬᠢᠷᠬᠤ ᠵᠢᠯᠣᠭᠤᠳᠤᠯᠭ᠎ᠠ  ᠬᠠᠩᠭᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠣᠶᠣᠨ ᠮᠡᠳᠡᠷᠡᠯ ᠤᠨ ᠰᠠᠭᠠᠲᠠᠯ ᠤᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠭᠡᠨᠡᠳᠲᠡ ᠶᠢᠨ ᠬᠡᠷᠡᠭ ᠠᠴᠠ ᠰᠡᠳᠬᠢᠴᠡ ᠶᠢᠨ ᠬᠢᠮᠤᠷᠠᠯ ᠲᠠᠢ ᠪᠣᠯᠬᠤ ᠶᠢ ᠬᠠᠮᠢᠶᠠᠷᠬᠤ ᠪᠠ ᠰᠡᠳᠬᠢᠴᠡ ᠶᠢᠨ ᠲᠠᠯ᠎ᠠ ᠶᠢᠨ ᠲᠤᠰᠠᠯᠠᠮᠵᠢ ᠦᠵᠡᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ︔ ᠪᠠᠶᠢᠩᠭᠤ ᠲᠣᠬᠢᠶᠠᠯᠳᠤᠳᠠᠭ ᠣᠶᠤᠨ ᠮᠡᠳᠡᠷᠡᠯ ᠤᠨ ᠰᠠᠭᠠᠲᠠᠯ ᠳᠤ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠬᠡᠷᠡᠭᠲᠡᠢ︔ ᠵᠡᠮᠳᠡᠭ ᠡᠭᠦᠰᠭᠡᠬᠦ ᠴᠢᠨᠠᠷᠲᠠᠶ ᠣᠶᠣᠨ ᠮᠡᠳᠡᠷᠡᠯ ᠤᠨ ᠭᠤᠤᠯ ᠪᠣᠯᠬᠤ ᠰᠠᠭᠠᠲᠠᠯ ᠢ ᠰᠢᠭᠰᠢᠨ ᠪᠠᠶᠢᠴᠠᠭᠠᠬᠤ᠂ ᠡᠮᠨᠡᠨ ᠵᠠᠰᠠᠬᠤ ᠪᠠ ᠡᠷᠡᠭᠦᠯᠵᠢᠭᠦᠯᠬᠦ ᠠᠵᠢᠯ ᠢ ᠴᠢᠩᠭᠠᠳᠬᠠᠬᠤ ᠬᠡᠷᠡᠭᠲᠡᠶ︔  ᠣᠶᠤᠨ ᠮᠡᠳᠡᠷᠡᠯ ᠤᠨ ᠬᠦᠨᠳᠦ ᠰᠠᠭᠠᠲᠠᠯ ᠲᠠᠢ ᠡᠪᠡᠳᠴᠢᠲᠡᠨ ᠢ ᠡᠮᠨᠡᠨ ᠵᠠᠰᠠᠵᠤ ᠠᠪᠤᠷᠠᠨ ᠲᠤᠰᠠᠯᠠᠬᠤ ᠪᠠ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠶᠤᠨ ᠮᠡᠳᠡᠷᠡᠯ ᠤᠨ ᠬᠦᠨᠳᠦ ᠰᠠᠭᠠᠲᠠᠯ ᠲᠠᠢ ᠡᠪᠡᠳᠴᠢᠲᠡᠨ ᠤ ᠬᠡᠷᠡᠭ ᠤᠷᠰᠢᠭ ᠲᠠᠲᠠᠬᠤ ᠠᠴᠠ ᠰᠡᠷᠭᠡᠶᠢᠯᠡᠬᠦ ᠬᠡᠷᠡᠭᠲᠡᠢ︔ ᠨᠡᠶᠢᠭᠡᠮ ᠲᠣᠭᠤᠷᠢᠭ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠤ᠂ ᠣᠶᠣᠨ ᠮᠡᠳᠡᠷᠡᠯ ᠤᠨ ᠰᠠᠭᠠᠲᠠᠯ ᠲᠠᠢ ᠡᠪᠡᠳᠴᠢᠲᠡᠨ ᠳᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠴᠢᠳᠠᠪᠤᠷᠢ ᠪᠠ ᠬᠢᠷᠢ ᠲᠦᠪᠰᠢᠨ ᠢ ᠨᠢ ᠳᠡᠭᠡᠭᠰᠢᠯᠡᠭᠦᠯᠬᠦ ᠬᠡᠷᠡᠭᠲᠡᠢ᠃      ᠠᠷᠪᠠ ᠶᠢᠰᠦᠳᠦᠭᠡᠷ ᠵᠦᠢᠯ  ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠡᠮᠳᠡᠭ ᠡᠭᠦᠰᠭᠡᠬᠦ ᠲᠦᠭᠰᠢᠭᠦᠷᠢ ᠶᠡᠭᠡ ᠠᠵᠢᠯ ᠤᠨ ᠪᠠᠶᠢᠷᠢ ᠲᠠᠢ ᠬᠥᠮᠦᠨ ᠬᠡᠷᠡᠭᠯᠡᠬᠦ ᠨᠢᠭᠡᠴᠢ ᠨᠢ ᠠᠵᠢᠯᠴᠢᠨ ᠠᠵᠢᠯᠲᠠᠨ ᠳᠤ ᠪᠠᠨ ᠵᠡᠮᠳᠡᠭ ᠡᠭᠦᠰᠭᠡᠬᠦ ᠵᠦᠢᠯᠡᠰ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠭᠤᠯᠤᠯ ᠬᠦᠷᠲᠡᠭᠡᠵᠦ᠂ ᠠᠵᠢᠯᠲᠠᠨ ᠠᠵᠢᠯᠴᠢᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠪᠠᠨ ᠭᠠᠷᠬᠤ ᠶᠢ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠪᠠᠲᠤᠯᠠᠨ᠂ ᠠᠵᠢᠯᠯᠠᠬᠤ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠵᠡᠮᠳᠡᠭ ᠡᠭᠦᠰᠭᠡᠬᠦ ᠲᠦᠭᠰᠢᠭᠦᠷᠢ ᠶᠢ ᠮᠡᠳᠡᠭᠳᠡᠬᠦ ᠶᠢᠨ ᠬᠠᠮᠲᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠠ ᠰᠡᠷᠭᠡᠶᠢᠯᠡᠨ ᠬᠠᠮᠠᠭᠠᠯᠠᠬᠤ ᠬᠡᠷᠡᠭᠰᠡᠯ  ᠬᠠᠩᠭᠠᠬᠤ ᠬᠡᠷᠡᠭᠲᠡᠢ︔ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠦᠨ᠂ ᠬᠦᠳᠡᠯᠮᠦᠷᠢᠴᠢᠳ ᠤᠨ ᠠᠮᠤᠷ ᠲᠦᠪᠰᠢᠨ ᠡᠷᠡᠭᠦᠯ ᠮᠡᠨᠳᠤ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠲᠠᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠠᠵᠢᠯᠳᠠᠨ ᠠᠵᠢᠯᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠴᠢᠬᠢᠷᠠᠭ ᠤᠨ ᠪᠠᠶᠢᠴᠠᠭᠠᠯᠲᠠ ᠬᠢᠬᠦ ᠬᠡᠷᠡᠭᠲᠡᠢ︔ ᠵᠢᠷᠮᠦᠰᠦᠯᠡᠬᠦ ᠪᠠᠷ ᠲᠥᠯᠥᠪᠯᠡᠵᠦ ᠪᠠᠶᠢᠭ᠎ᠠ᠂ ᠵᠢᠷᠮᠦᠰᠦᠯᠡᠭᠰᠡᠨ ᠦᠶ᠎ᠡ᠂ ᠬᠡᠦᠬᠡᠳ ᠭᠦᠬᠦᠭᠦᠯᠵᠦ ᠪᠠᠶᠢᠭ᠎ᠠ ᠡᠮᠡᠭᠲᠡᠶ ᠠᠵᠢᠯᠲᠠᠨ ᠠᠵᠢᠯᠴᠢᠨ ᠳᠤ ᠬᠥᠳᠡᠯᠮᠦᠷᠢ ᠶᠢᠨ ᠬᠠᠮᠠᠭᠠᠯᠠᠯᠲᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠤᠣᠷ ᠲᠠᠢ ᠬᠥᠨᠥᠭᠡᠯ ᠲᠠᠢ ᠪᠣᠳᠠᠰ ᠯᠤᠭ᠎ᠠ ᠤᠶᠢᠷᠠᠳᠤᠭᠤᠯᠬᠤ ᠠᠴᠠ ᠰᠡᠷᠭᠡᠶᠢᠯᠡᠨ᠂ ᠠᠵᠢᠯ ᠤᠨ ᠨᠥᠯᠥᠭᠡᠨ ᠤ ᠬᠤᠤᠷ ᠬᠥᠨᠥᠭᠡᠯ ᠢ ᠪᠠᠭᠠᠰᠬᠠᠬᠤ ᠬᠡᠷᠡᠭᠲᠡᠢ︔ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠨᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠡ᠊ᠨᠳᠡᠯ ᠤᠨ ᠲᠦᠭᠰᠢᠭᠦᠷᠢ ᠶᠢ ᠰᠡᠷᠭᠡᠶᠢᠯᠡᠬᠦ᠂ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠠᠴᠠ ᠪᠣᠯᠤᠭᠰᠠᠨ ᠭᠡᠮᠲᠦᠯ᠂ ᠲᠣᠭᠤᠰᠣᠲᠤ ᠠᠭᠤᠰᠬᠢᠨ ᠤ ᠡᠪᠡᠳᠴᠢᠨ᠂ ᠠᠵᠢᠯ ᠤᠨ ᠨᠥᠯᠥᠭᠡᠨ ᠤ ᠬᠤᠣᠷᠳᠠᠯ ᠵᠢᠴᠢ ᠠᠵᠢᠯ ᠤᠨ ᠨᠥᠯᠥᠭᠡᠨ ᠤ ᠪᠤᠰᠤᠳ ᠡᠪᠡᠳᠴᠢᠨ ᠠᠴᠠ ᠵᠡᠮᠳᠡᠭ ᠪᠣᠯᠬᠤ ᠶᠢ ᠰᠡᠷᠭᠡᠶᠢᠯᠡᠬᠦ ᠬᠡᠷᠡᠭᠲᠡᠢ︔ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠲᠠᠢ ᠨᠢᠭᠡᠴᠢ ᠪᠠ  ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠭᠠᠯ ᠤᠨ ᠠᠶᠤᠯ ᠡᠭᠦᠰᠬᠦ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠶ᠃      ᠬᠤᠷᠢᠳᠤᠭᠠᠷ ᠵᠦᠢᠯ  ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠮ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠵᠠᠰᠠᠮᠠᠯ ᠵᠠᠮ ᠵᠢᠴᠢ ᠳᠠᠭᠠᠯᠲᠠ ᠪᠡᠯᠡᠳᠬᠡᠮᠵᠢ ᠶᠢᠨ ᠬᠡᠵᠢᠶᠡᠳᠡ ᠪᠦᠲᠦᠨ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠮᠠᠰᠢᠨᠲᠤ ᠲᠡᠷᠭᠡᠨ ᠤ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠵᠦ᠂ ᠲᠡᠷᠭᠡ ᠬᠥᠰᠬᠡ ᠶᠢᠨ ᠠᠮᠤᠷ ᠲᠦᠪᠰᠢᠨ ᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ︔ ᠵᠢᠯᠣᠭᠤᠴᠢ ᠶᠢᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠲᠦᠭᠡᠮᠡᠯᠵᠢᠭᠦᠯᠵᠦ᠂ ᠮᠠᠰᠢᠨ ᠲᠡᠷᠭᠡᠨ ᠳᠤ ᠬᠡᠤᠬᠡᠳ ᠤᠨ ᠠᠮᠤᠷ ᠲᠦᠪᠰᠢᠨ ᠤ ᠰᠠᠭᠤᠳᠠᠯ ᠢ ᠳᠡᠯᠭᠡᠷᠡᠭᠦᠯᠦᠨ ᠬᠡᠷᠡᠭᠯᠡᠬᠦᠯᠬᠦ ᠬᠡᠷᠡᠭᠲᠡᠶ︔ ᠡᠯ᠎ᠡ ᠲᠥᠷᠥᠯ ᠤᠨ ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠴᠣᠭᠴᠠ ᠪᠣᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠳᠡᠯ ᠠᠴᠠ ᠠᠪᠤᠷᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ  ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠥᠬᠦ ᠶᠠᠪᠤᠴᠠ ᠳᠤ ᠨᠢ ᠪᠦᠬᠦᠨ ᠢ ᠬᠠᠮᠤᠷᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠲᠠᠷᠢᠶᠠᠯᠠᠩ ᠮᠠᠯ ᠤᠨ  ᠠᠰᠢᠭ ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠤ ᠳᠣᠲᠣᠷᠠᠬᠢ ᠡᠪᠡᠳᠴᠢᠨ ᠡᠭᠦᠰᠭᠡᠬᠦ ᠮᠢᠺᠷᠣᠪ᠂ ᠲᠠᠷᠢᠶᠠᠨ ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ᠂ ᠪᠣᠬᠢᠷᠳᠤᠯ ᠪᠣᠳᠠᠰ ᠵᠢᠴᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠤᠰᠤᠳ ᠪᠣᠳᠠᠰ ᠢ ᠪᠠᠶᠢᠴᠠᠭᠠᠨ ᠰᠢᠨᠵᠢᠬᠦ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠡᠷᠡᠭ ᠢ ᠪᠦᠲᠦᠮᠵᠢᠲᠡᠶ ᠰᠡᠷᠭᠡᠶᠢᠯᠡᠵᠦ ᠲᠣᠬᠢᠷᠠᠮᠵᠢᠲᠠᠢ ᠠᠷᠭᠠᠴᠠᠭᠠᠬᠤ ᠬᠡᠷᠡᠭᠲᠡᠶ︔ ᠬᠠᠭᠤᠷᠮᠠᠭ ᠡᠮ᠂ ᠴᠢᠨᠠᠷ ᠮᠠᠭᠤᠲᠠᠶ ᠡᠮ ᠦᠢᠯᠡᠳᠴᠦ ᠪᠣᠷᠣᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠬᠦ ᠬᠡᠷᠡᠭᠲᠡᠶ︔ ᠡᠮᠴᠢᠯᠡᠭᠡᠨ ᠳᠤ ᠬᠡᠷᠡᠭᠯᠡᠬᠦ ᠡᠮ ᠢ ᠵᠢᠷᠤᠮᠵᠢᠭᠤᠯᠵᠤ᠂ ᠡᠮ ᠤᠨ ᠭᠠᠵᠢᠭᠤ ᠤᠷᠪᠠᠯ ᠢ ᠨᠢ ᠬᠢᠨᠠᠨ ᠰᠢᠨᠵᠢᠬᠦ ᠠᠵᠢᠯ ᠢ ᠴᠢᠩᠭᠠᠳᠬᠠᠬᠤ ᠬᠡᠷᠡᠭᠲᠡᠢ᠃      ᠬᠤᠷᠢᠨ ᠬᠤᠶᠠᠳᠤᠭᠠᠷ ᠵᠦᠢᠯ  ᠤᠤᠭᠤᠬᠤ ᠤᠰᠤ ᠪᠠ ᠠᠭᠠᠷ ᠤᠨ ᠪᠣᠬᠢᠷᠲᠤᠯ ᠢ ᠵᠠᠰᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ ᠴᠡᠪᠡᠷ ᠰᠠᠶᠢᠨ ᠤᠰᠤ ᠪᠠ ᠤᠤᠭᠤᠬᠤ ᠤᠰᠤᠨ ᠰᠤᠷᠪᠤᠯᠵᠢ ᠶᠢ ᠴᠢᠩᠭ᠎ᠠ ᠬᠠᠮᠠᠭᠠᠯᠠᠵᠤ᠂ ᠬᠤᠲᠠ ᠬᠥᠳᠡᠭᠡ ᠶᠢᠨ ᠤᠤᠭᠤᠬᠤ ᠤᠰᠤᠨ ᠤ ᠠᠷᠢᠭᠤᠨ ᠴᠡᠪᠡᠷ ᠢ ᠬᠢᠨᠠᠨ ᠰᠢᠨᠵᠢᠬᠦ ᠪᠠᠨ ᠴᠢᠩᠭᠠᠳᠬᠠᠨ᠂ ᠠᠮᠢᠳᠤᠷᠠᠯ ᠳᠤ ᠤᠤᠭᠤᠵᠤ ᠬᠡᠷᠡᠭᠯᠡᠬᠦ ᠤᠰᠤᠨ ᠤ ᠠᠷᠢᠭᠤᠨ ᠴᠡᠪᠡᠷ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︔ ᠠᠮᠢ ᠠᠬᠤᠢ  ᠣᠷᠴᠢᠨ ᠲᠣᠭᠤᠷᠢᠨ ᠤ ᠬᠢᠨᠠᠨ ᠰᠢᠨᠵᠢᠬᠦ ᠰᠢᠰᠲ᠋ᠧᠮ ᠪᠠ ᠬᠢᠨᠠᠨ ᠰᠢᠨᠵᠢᠬᠦ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ︔ ᠬᠥᠮᠦᠰ ᠤᠨ ᠡᠷᠡᠭᠦᠯ ᠮᠡᠨᠳᠦ ᠶᠢ ᠨᠥᠯᠥᠭᠡᠯᠡᠬᠦ ᠪᠣᠬᠢᠷ ᠮᠠᠨᠠᠨ ᠵᠡᠷᠭᠡ ᠣᠷᠴᠢᠨ ᠲᠣᠭᠤᠷᠢᠨ ᠤ ᠪᠣᠬᠢᠷᠲᠤᠯ ᠢ ᠬᠢᠨᠠᠨ  ᠰᠢᠨᠵᠢᠬᠦ ᠪᠠᠨ ᠴᠢᠩᠭᠠᠳᠬᠠᠵᠤ᠂ ᠴᠠᠭ ᠲᠤᠬᠠᠶ ᠳᠤ ᠨᠢ ᠵᠠᠰᠠᠵᠤ ᠬᠠᠮᠢᠶᠠᠷᠤᠨ ᠵᠠᠬᠢᠷᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ᠃ ᠴᠠᠭ ᠠᠭᠤᠷ᠂ ᠦᠶᠡᠷ ᠤᠰᠤᠲᠤᠯ᠂ ᠰᠠᠯᠬᠢ ᠰᠢᠭᠤᠷᠭ᠎ᠠ ᠮᠥᠨᠳᠥᠷ᠂ ᠵᠤᠳ᠂ ᠭᠠᠵᠠᠷ ᠬᠥᠳᠡᠯᠦᠯᠲᠡ᠂ ᠭᠠᠵᠠᠷ ᠬᠦᠷᠦᠰᠦᠨ ᠤ ᠭᠠᠢ ᠭᠠᠮᠰᠢᠭ ᠵᠡᠷᠭᠡ ᠶᠢ ᠬᠢᠨᠠᠨ ᠰᠢᠨᠵᠢᠬᠦ ᠪᠠ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ  ᠪᠦᠷᠢᠨᠰᠢᠭᠦᠯᠦᠨ᠂ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠨᠢ ᠪᠠᠳᠠᠷᠠᠭᠤᠯᠵᠤ᠂ ᠭᠡᠨᠡᠳᠲᠡ ᠡᠭᠦᠰᠦᠭᠰᠡᠨ ᠪᠠᠶᠢᠭᠠᠯᠢ ᠶᠢᠨ ᠭᠠᠶ ᠭᠠᠮᠰᠢᠭ ᠢ ᠲᠤᠬᠠᠶ ᠶᠢᠨ ᠲᠠᠯᠠᠪᠤᠷ ᠲᠤ ᠨᠢ ᠪᠠᠴᠢᠮ ᠪᠠᠶᠢᠳᠠᠯ ᠢᠶᠠᠷ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ ᠭᠠᠮᠰᠢᠭ ᠢ ᠰᠡᠷᠭᠡᠶᠢᠯᠡᠨ ᠬᠤᠷᠢᠭᠯᠠᠬᠤ ᠪᠡᠯᠡᠳᠬᠡᠮᠵᠢ ᠪᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ︔ ᠲᠠᠷᠬᠠᠭᠠᠵᠦ ᠵᠠᠶᠢᠯᠠᠭᠤᠯᠤᠨ ᠶᠠᠪᠤᠭᠤᠯᠵᠤ ᠠᠮᠢ ᠵᠢᠭᠤᠲᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠢᠴᠢ ᠡᠮᠨᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠰᠠᠨᠠᠭᠠᠨ ᠳᠤ ᠦᠭᠡᠢ ᠪᠠᠷ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃ ᠠᠷᠠᠳ ᠢᠷᠭᠡᠳ ᠤᠨ ᠵᠡᠮᠳᠡᠭ ᠪᠤᠯᠬᠤ ᠠᠴᠠ ᠰᠡᠷᠭᠡᠶᠢᠯᠡᠬᠦ ᠮᠡᠳᠡᠯᠭᠡ ᠪᠠ ᠤᠷ᠎ᠠ ᠮᠡᠷᠭᠡᠰᠢᠯ ᠰᠤᠷᠤᠯᠴᠠᠬᠤ ᠶᠢ ᠵᠣᠷᠢᠭᠵᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠨᠠᠰᠤᠨ ᠳᠤ ᠥᠯᠥ ᠬᠦᠷᠦᠭᠰᠡᠳ᠂ ᠨᠠᠰᠤᠲᠠᠶᠢᠴᠤᠳ ᠤᠨ ᠬᠠᠷᠠᠭᠠᠯᠵᠠᠨ ᠬᠠᠮᠠᠭᠠᠯᠠᠭᠴᠢ ᠪᠤᠶᠤ ᠭᠡᠷ ᠪᠦᠯᠢ ᠶᠢᠨ ᠪᠦᠷᠢᠯᠳᠦᠬᠦᠨ ᠨᠢ ᠵᠡᠮᠳᠡᠭ ᠪᠣᠯᠬᠤ ᠠᠴᠠ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠶᠠᠪᠠᠭᠠᠨ ᠶᠠᠪᠤᠬᠤ᠂ ᠲᠡᠷᠭᠡᠨ ᠳᠤ ᠰᠠᠭᠤᠬᠤ᠂ ᠳᠤᠭᠤᠶ  ᠤᠨᠤᠬᠤ ᠪᠠ ᠤᠰᠤᠨ ᠳᠤ ᠴᠠᠴᠠᠬᠤ᠂ ᠤᠨᠠᠵᠤ ᠣᠶᠢᠴᠢᠬᠤ᠂  ᠠᠳᠡᠭᠦᠷᠡᠨ ᠢᠳᠡᠬᠦ ᠵᠡᠷᠭᠡ ᠲᠦᠭᠰᠢᠭᠦᠷᠢ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠬᠢᠬᠦ ᠶᠢ ᠴᠢᠩᠭᠠᠳᠬᠠᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠤᠨᠠᠵᠤ ᠣᠶᠢᠴᠢᠬᠤ ᠶᠢ ᠨᠢ ᠰᠡᠷᠭᠡᠶᠢᠯᠡᠨ᠂ ᠨᠠᠰᠤᠨ ᠳᠤ ᠦᠯᠦ ᠬᠦᠷᠦᠭᠰᠡᠳ ᠪᠠ ᠨᠠᠰᠤᠲᠠᠶᠢᠴᠤᠳ ᠲᠤ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃                            ᠭᠤᠷᠪᠠᠳᠤᠭᠠᠷ ᠪᠦᠯᠦᠭ  ᠡᠷᠡᠭᠦᠯᠵᠢᠭᠦᠯᠬᠦ ᠦᠢᠯᠡᠴᠢᠯᠡᠭᠡ      ᠬᠤᠷᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠰᠠᠭᠤᠷᠢ ᠠᠴᠠ ᠨᠢ ᠳᠠᠭᠠᠭᠠᠨ ᠪᠠᠲᠤᠯᠠᠬᠤ᠂ ᠨᠢᠭᠲᠠ ᠬᠤᠯᠪᠣᠨ ᠵᠣᠯᠭᠠᠯᠳᠤᠭᠤᠯᠬᠤ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠣᠬᠢᠰᠲᠠᠶ ᠪᠠᠶᠢᠷᠢᠯᠠᠭᠤᠯᠵᠤ ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠰᠠᠭᠤᠷᠢ ᠪᠣᠯᠭᠠᠭᠰᠠᠨ᠂ ᠡᠷᠡᠭᠦᠯᠵᠢᠭᠦᠯᠬᠦ ᠪᠠᠶᠢᠭᠤᠯᠤᠮᠵᠢ ᠪᠠᠷ ᠭᠤᠤᠯᠯᠠᠭᠴᠢ ᠪᠣᠯᠭᠠᠭᠰᠠᠨ᠂ ᠵᠡᠮᠳᠡᠭᠴᠦᠳ ᠤᠨ ᠭᠡᠷ ᠪᠦᠯᠢ ᠪᠠᠷ ᠲᠦᠰᠢᠭ ᠪᠣᠯᠭᠠᠭᠰᠠᠨ ᠵᠡᠮᠳᠡᠭᠴᠦᠳ ᠤᠨ ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂  ᠪᠣᠳᠠᠲᠠᠢ ᠬᠡᠷᠡᠭᠯᠡᠭᠡᠨ ᠤ᠂ ᠲᠥᠬᠦᠮ ᠬᠢᠯᠪᠠᠷᠬᠠᠨ᠂ ᠠᠰᠢᠭ ᠶᠡᠬᠡᠲᠡᠢ ᠡᠷᠡᠭᠦᠯᠵᠢᠭᠦᠯᠬᠦ ᠠᠭᠤᠯᠭ᠎ᠠ ᠪᠠᠷ ᠭᠤᠤᠯᠳᠠᠯᠭ᠎ᠠ ᠪᠣᠯᠭᠠᠨ᠂ ᠵᠡᠮᠳᠡᠭᠴᠦᠳ ᠲᠤ ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠭᠦᠯᠬᠦ ᠦᠢᠯᠡᠴᠢᠯᠡᠭᠡ  ᠬᠠᠩᠭᠠᠬᠤ ᠬᠡᠷᠡᠭᠲᠡᠢ᠃ ᠵᠡᠮᠳᠡᠭ ᠬᠡᠤᠬᠡᠳ ᠤᠨ ᠡᠷᠡᠭᠦᠯᠵᠢᠭᠦᠯᠬᠦ ᠠᠵᠢᠯ ᠢ ᠤᠷᠢᠳ ᠢᠶᠠᠷ ᠥᠷᠨᠢᠭᠦᠯᠵᠦ᠂ ᠡᠷᠡᠭᠦᠯᠵᠢᠭᠦᠯᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠤᠨ ᠬᠡᠷᠡᠭᠵᠢᠭᠦᠯᠬᠦ ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠬᠢᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠮᠡᠳᠡᠭᠡ ᠵᠠᠩᠭᠢ ᠶᠢ ᠬᠠᠮᠲᠤ   ᠳᠤ ᠪᠠᠨ ᠬᠦᠷᠲᠡᠬᠦ᠂ ᠰᠢᠯᠵᠢᠭᠦᠯᠦᠨ ᠲᠠᠨᠢᠯᠴᠠᠭᠤᠯᠬᠤ  ᠨᠢ ᠰᠢᠭᠤᠳ ᠰᠢᠯᠤᠭᠤᠨ ᠪᠠᠶᠢᠬᠤ ᠲᠣᠭᠲᠠᠴᠠ ᠶᠢ ᠪᠠᠶᠢᠭᠤᠯᠤᠨ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠵᠡᠮᠳᠡᠭᠴᠦᠳ ᠤᠨ ᠡᠷᠡᠭᠦᠯᠵᠢᠬᠦ ᠦᠨᠳᠦᠰᠦᠨ ᠦᠢᠯᠡᠴᠢᠯᠡᠭᠡ ᠶᠢ ᠲᠡᠩᠴᠡᠭᠦᠨ ᠪᠣᠯᠭᠠᠬᠤ ᠶᠢ ᠠᠯᠬᠤᠮ ᠠᠯᠬᠤᠮ ᠢᠶᠠᠷ ᠠᠬᠢᠭᠤᠯᠤᠨ᠂ ᠵᠡᠮᠳᠡᠭᠴᠦᠳ ᠤᠨ ᠡᠷᠡᠭᠦᠯᠵᠢᠬᠦ ᠶᠢ ᠨᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠵᠡᠮᠳᠡᠭᠴᠦᠳ ᠤᠨ ᠲᠤᠭ᠎ᠠ᠂ ᠲᠠᠷᠬᠠᠯᠲᠠ ᠶᠢᠨ ᠪᠠᠶᠢᠳᠠᠯ᠂ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠪᠡ ᠲᠣᠭᠲᠠᠭᠠᠵᠤ᠂ ᠨᠡᠶᠢᠲᠡ ᠶᠢᠨ ᠠᠰᠠᠷᠠᠮᠵᠢ  ᠶᠢᠨ ᠴᠢᠨᠠᠷᠲᠠᠶ ᠡᠷᠡᠭᠦᠯᠵᠢᠭᠦᠯᠬᠦ ᠪᠠᠶᠢᠭᠤᠯᠤᠮᠵᠢ  ᠡᠷᠬᠢᠯᠡᠨ᠂ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠠᠵᠢᠯ ᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃      ᠨᠡᠶᠢᠭᠡᠮ ᠤᠨ ᠬᠦᠴᠦᠨ  ᠢ ᠳᠠᠮᠵᠢᠵᠤ ᠪᠠᠶᠢᠭᠠᠳ ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠤᠨ᠂ ᠣᠯᠠᠨ ᠵᠦᠢᠯ ᠤᠨ ᠬᠡᠯᠪᠡᠷᠢ ᠪᠠᠷ ᠡᠷᠡᠭᠦᠯᠵᠢᠭᠦᠯᠬᠦ ᠪᠠᠶᠢᠭᠤᠯᠤᠮᠵᠢ ᠡᠷᠬᠢᠯᠡᠬᠦ ᠶᠢ ᠨᠢ ᠵᠣᠷᠢᠭᠵᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ  ᠡᠷᠬᠢᠯᠡᠭᠰᠡᠨ ᠡᠷᠡᠭᠦᠯᠵᠢᠭᠦᠯᠬᠦ ᠪᠠᠶᠢᠭᠤᠯᠤᠮᠵᠢ ᠳᠤ ᠵᠥᠪᠰᠢᠶᠡᠷᠡᠨ ᠣᠷᠣᠭᠤᠯᠬᠤ᠂ ᠠᠵᠢᠯ ᠡᠷᠬᠢᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠲᠣᠭᠲᠠᠭᠠᠬᠤ᠂ ᠠᠰᠢᠭ ᠣᠯᠵᠠᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠡᠳ᠋ ᠤᠨ ᠵᠠᠰᠠᠭ ᠭᠠᠶᠢᠯᠢ ᠶᠢᠨ ᠲᠡᠳᠬᠦᠮᠵᠢ ᠦᠵᠡᠭᠦᠯᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠲᠠᠯ᠎ᠠ ᠪᠠᠷ ᠵᠠᠰᠠᠭ ᠤᠨ ᠣᠷᠳᠣᠨ ᠠᠴᠠ ᠡᠷᠬᠢᠯᠡᠭᠰᠡᠨ ᠡᠷᠡᠭᠦᠯᠵᠢᠭᠦᠯᠬᠦ ᠪᠠᠶᠢᠭᠤᠯᠤᠮᠵᠢ ᠲᠠᠢ ᠠᠳᠠᠯᠢᠬᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ      ᠬᠤᠷᠢᠨ ᠳᠣᠯᠣᠳᠤᠭᠠᠷ ᠵᠦᠢᠯ  ᠡᠷᠡᠭᠦᠯᠵᠢᠭᠦᠯᠬᠦ ᠪᠠᠶᠢᠭᠤᠯᠤᠮᠵᠢ ᠨᠢ ᠰᠠᠭᠠᠳ ᠦᠭᠡᠢ ᠣᠷᠴᠢᠨ ᠤ ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠬᠦ ᠲᠠᠯᠠᠪᠤᠷ ᠭᠠᠵᠠᠷ ᠵᠢᠴᠢ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠠᠵᠢᠯ ᠲᠠᠢ ᠪᠠᠨ ᠲᠣᠬᠢᠷᠠᠯᠴᠠᠭᠰᠠᠨ ᠲᠤᠰᠬᠠᠶ ᠮᠡᠷᠭᠡᠵᠢᠯ ᠤᠨ ᠠᠵᠢᠯᠲᠠᠨ᠂ ᠪᠡᠯᠡᠳᠬᠡᠮᠵᠢ ᠲᠥᠬᠦᠭᠡᠷᠦᠮᠵᠢ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠪᠠᠶᠢᠵᠤ᠂ ᠡᠷᠡᠭᠦᠯᠵᠢᠭᠦᠯᠬᠦ ᠦᠢᠯᠡᠴᠢᠯᠡᠭᠡᠨ ᠤ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠢ︔ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠠᠷᠢᠮᠵᠢᠶ᠎ᠠ᠂ ᠵᠢᠷᠤᠮᠵᠢᠯ ᠤᠨ ᠲᠣᠭᠲᠠᠭᠠᠯ ᠶᠣᠰᠣᠭᠠᠷ ᠵᠡᠮᠳᠡᠭᠴᠦᠳ ᠲᠤ ᠠᠮᠤᠷ ᠲᠦᠪᠰᠢᠨ᠂ ᠪᠦᠲᠦᠮᠵᠢᠲᠡᠶ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠬᠡᠷᠡᠭᠲᠡᠶ᠃ ᠡᠷᠡᠭᠦᠯᠵᠢᠭᠦᠯᠬᠦ ᠪᠠᠶᠢᠭᠤᠯᠤᠮᠵᠢ ᠶᠢ ᠵᠤᠷᠢᠨᠨᠵᠢᠭᠤᠯᠵᠦ ᠪᠠᠶᠢᠭᠠᠳ ᠪᠠᠶᠢᠭ᠎ᠠ ᠣᠷᠣᠨ ᠪᠦᠰᠡ ᠶᠢᠨ ᠢᠶᠠᠨ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ ᠡᠷᠡᠭᠦᠯᠵᠢᠭᠦᠯᠬᠦ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠳᠡᠮᠵᠢᠯᠭᠡ  ᠬᠠᠩᠭᠠᠯᠭᠠᠬᠤ ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ᠂ ᠦᠢᠯᠡᠴᠢᠯᠡᠬᠦ ᠵᠢᠷᠤᠮᠵᠢᠯ᠂ ᠬᠠᠮᠢᠶᠠᠷᠬᠤ ᠠᠷᠭ᠎ᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠲᠠᠢ ᠨᠡᠶᠢᠴᠡᠭᠰᠡᠨ ᠪᠠᠶᠢᠬᠤ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠷᠡᠭᠦᠯᠵᠢᠭᠦᠯᠬᠦ ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠵᠡᠮᠳᠡᠭᠴᠦᠳ ᠤᠨ ᠬᠤᠯᠪᠣᠭᠠᠲᠤ ᠬᠤᠷᠠᠯ ᠨᠢ ᠡᠷᠡᠭᠦᠯᠵᠢᠭᠦᠯᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠤᠷᠢᠶᠠᠩᠭᠤᠶᠢᠯᠠᠨ ᠨᠡᠶᠢᠲᠡᠯᠡᠵᠦ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡ ᠬᠦᠷᠲᠡᠬᠦ ᠳᠤ ᠳᠥᠭᠦᠮ ᠦᠵᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠡᠷᠡᠭᠦᠯᠵᠢᠭᠦᠯᠬᠦ ᠪᠠᠶᠢᠭᠤᠯᠤᠮᠵᠢ ᠵᠢᠴᠢ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭᠴᠦᠳ ᠤᠨ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠬᠠᠷᠢᠭᠤᠴᠠᠵᠤ᠂ ᠣᠷᠣᠨ ᠪᠦᠰᠡ ᠶᠢᠨ ᠵᠡᠮᠳᠡᠭᠴᠦᠳ ᠤᠨ ᠬᠥᠮᠥᠨ ᠠᠮᠠ ᠶᠢᠨ ᠲᠤᠭ᠎ᠠ ︵80 — 150 ᠬᠥᠮᠦᠨ︶ ᠪᠠᠷ ᠬᠠᠮᠢᠶ᠎ᠠ ᠪᠦᠬᠦᠢ ᠨᠢᠭᠡ ᠬᠥᠮᠥᠨ ᠢ ᠲᠣᠮᠢᠯᠠᠨ ᠡᠷᠡᠭᠦᠯᠵᠢᠭᠦᠯᠬᠦ ᠠᠵᠢᠯ ᠤᠨ ᠵᠣᠬᠢᠴᠠᠭᠤᠯᠤᠭᠴᠢ ᠪᠣᠯᠭᠠᠬᠤ ᠶᠢᠨ ᠬᠠᠮᠲᠤ᠂ ᠴᠢᠬᠤᠯᠠ ᠪᠦᠬᠦᠢ ᠠᠵᠢᠯ ᠤᠨ ᠨᠥᠬᠦᠴᠡᠯ ᠪᠠ ᠣᠯᠭᠤᠮᠵᠢ ᠶᠢ ᠨᠢ ᠪᠠᠲᠤᠯᠠᠬᠤ ᠬᠡᠷᠡᠭᠲᠡᠶ᠃ ᠡᠷᠡᠭᠦᠯᠵᠢᠭᠦᠯᠬᠦ ᠠᠵᠢᠯ ᠤᠨ ᠵᠣᠬᠢᠴᠠᠭᠤᠯᠤᠭᠴᠢ ᠨᠢ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ᠂ ᠡᠳᠦᠷ ᠲᠤᠲᠤᠮ ᠤᠨ ᠠᠵᠢᠯᠯᠠᠭ᠎ᠠ᠂ ᠨᠡᠶᠢᠭᠡᠮ ᠤᠨ ᠠᠵᠢᠯ ᠳᠤ ᠣᠷᠣᠯᠴᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠳᠤ ᠨᠢ ᠴᠢᠭᠯᠡᠭᠦᠯᠵᠦ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠨᠢ ᠦᠨᠳᠦᠰᠦᠯᠡᠨ ᠥᠪᠡᠷᠮᠢᠴᠡ ᠣᠨᠴᠠᠯᠢᠭ ᠲᠠᠢ ᠡᠷᠡᠭᠦᠯᠵᠢᠭᠦᠯᠬᠦ ᠲᠥᠰᠦᠯ ᠲᠣᠭᠲᠠᠭᠠᠬᠤ ᠬᠡᠷᠡᠭᠲᠡᠢ ᠂ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠢ ᠦᠨᠳᠦᠰᠦᠯᠡᠨ ᠡᠷᠡᠭᠦᠯᠵᠢᠭᠦᠯᠬᠦ ᠲᠥᠰᠦᠯ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂ ᠣᠨᠣᠴᠠᠲᠠᠶ ᠪᠠᠷ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠶᠢᠨ ᠬᠠᠮᠲᠤ᠂ ᠲᠣᠰ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠯᠤᠭ᠎ᠠ ᠮᠡᠳᠡᠭᠡ ᠵᠠᠩᠭᠢ ᠶᠢ ᠬᠠᠮᠲᠤ  ᠳᠤ ᠪᠠᠨ ᠬᠦᠷᠲᠡᠬᠦ ᠶᠢ  ᠪᠡᠶᠡᠯᠡᠬᠦᠯᠦᠨ ᠬᠠᠷᠢᠭᠤᠴᠠᠬᠤ ᠬᠡᠷᠡᠭᠲᠡᠢ᠃ ᠭᠡᠷ᠎ᠡ ᠲᠣᠭᠲᠠᠭᠰᠠᠨ ᠭᠡᠷ ᠪᠦᠯᠢ ᠶᠢᠨ ᠡᠮᠴᠢ ᠨᠢ ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠦᠶ᠎ᠡ ᠳᠤ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠤ ᠰᠠᠨᠠᠯ ᠢ ᠭᠦᠢᠴᠡᠳ ᠰᠣᠨᠣᠰᠬᠤ ᠪᠠ ᠰᠠᠨᠠᠯ ᠢ ᠨᠢ ᠬᠦᠨᠳᠦᠳᠬᠡᠵᠦ᠂ ᠠᠪᠤᠨᠨᠰᠠᠨ ᠡᠷᠡᠭᠦᠯᠵᠢᠭᠦᠯᠬᠦ ᠠᠷᠭ᠎ᠠ ᠬᠡᠮᠵᠢᠶᠡᠨ ᠤ ᠨᠠᠷᠢᠨ ᠲᠣᠳᠣᠷᠬᠠᠢ ᠮᠡᠳᠡᠭᠡ ᠵᠠᠩᠭᠢ ᠪᠠᠨ ᠮᠡᠳᠡᠭᠳᠡᠬᠦ ᠬᠡᠷᠡᠭᠲᠡᠶ᠂ ᠦᠢᠯᠡᠴᠢᠯᠡᠭᠡ ᠬᠠᠩᠭᠠᠬᠤ ᠳᠤ ᠪᠠᠨ ᠵᠡᠮᠳᠡᠭᠴᠦᠳ ᠤᠨ ᠬᠤᠪᠢ ᠪᠡᠶ᠎ᠡ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠂  ᠲᠡᠳᠡᠨ ᠢ ᠭᠠᠳᠠᠭᠤᠷᠴᠢᠯᠠᠬᠤ ᠪᠠ ᠳᠤᠷᠤᠮᠵᠢᠯᠠᠵᠤ ᠪᠣᠯᠬᠤ ᠦᠭᠡᠢ᠃      ᠬᠤᠷᠢ ᠶᠢᠰᠦᠳᠦᠭᠡᠷ ᠵᠦᠢᠯ  ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠬᠥᠮᠦᠰ ᠨᠢ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠡᠪᠦᠷᠯᠡᠨ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠵᠢᠷᠤᠮᠯᠠᠨ ᠰᠠᠬᠢᠵᠤ᠂ ᠴᠢᠬᠤᠯᠠ ᠪᠦᠬᠦᠢ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠮᠡᠷᠭᠡᠰᠢᠯ ᠢ ᠰᠤᠷᠤᠯᠴᠠᠨ ᠡᠵᠡᠮᠰᠢᠬᠦ ᠶᠢᠨ ᠬᠠᠮᠲᠤ ᠪᠣᠯᠪᠠᠰᠤᠷᠠᠩᠭᠤᠶ ᠬᠡᠷᠡᠭᠯᠡᠬᠦ ᠬᠡᠷᠡᠭᠲᠡᠢ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠣᠬᠢᠬᠤ ᠬᠢᠷᠢ ᠬᠡᠮ ᠲᠠᠢ ᠪᠠᠶᠢᠬᠤ ᠱᠠᠭᠠᠷᠳᠠᠯᠭ᠎ᠠ ᠲᠣᠭᠲᠠᠭᠠᠭᠰᠠᠨ ᠪᠠᠶᠢᠪᠠᠯ᠂ ᠪᠠᠰᠠ ᠵᠣᠬᠢᠬᠤ ᠬᠢᠷᠢ ᠬᠡᠮ ᠢ ᠬᠠᠤᠯᠢ ᠶᠣᠰᠣᠭᠠᠷ ᠣᠯᠣᠭᠰᠠᠨ ᠪᠠᠶᠢᠬᠤ ᠬᠡᠷᠡᠭᠲᠡᠶ᠃      ᠭᠤᠴᠢᠳᠤᠭᠠᠷ ᠵᠦᠢᠯ  ᠡᠷᠡᠭᠦᠯᠵᠢᠭᠦᠯᠬᠦ ᠪᠠᠶᠢᠭᠤᠯᠤᠮᠵᠢ ᠨᠢ ᠠᠵᠢᠯᠲᠠᠨ ᠳᠤ ᠪᠠᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠥᠷᠨᠢᠭᠦᠯᠦᠨ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠪᠣᠳᠠᠲᠤ ᠬᠡᠷᠡᠭᠯᠡᠭᠡᠨ ᠢᠶᠠᠷ ᠭᠤᠣᠯᠳᠠᠯᠭ᠎ᠠ ᠪᠣᠯᠭᠠᠨ᠂ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠮᠡᠷᠭᠡᠰᠢᠯ ᠢ ᠰᠤᠷᠤᠯᠴᠠᠭᠤᠯᠬᠤ ᠪᠠᠷ ᠵᠣᠬᠢᠶᠠᠨ ᠪᠠᠶᠢᠭᠤᠯᠬᠤ ᠶᠢᠨ ᠬᠠᠮᠲᠤ᠂ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃      ᠭᠤᠴᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ ᠵᠢᠴᠢ ᠡᠷᠡᠭᠦᠯᠵᠢᠭᠦᠯᠬᠦ ᠪᠠᠶᠢᠭᠤᠯᠤᠮᠵᠢ ᠵᠡᠷᠭᠡ ᠨᠢ ᠵᠡᠮᠳᠡᠭᠴᠦᠳ ᠵᠢᠴᠢ ᠭᠡᠷ ᠪᠦᠯᠢ ᠶᠢᠨ ᠪᠦᠷᠢᠯᠳᠦᠬᠦᠨ ᠤ ᠬᠢᠨ ᠡᠷᠡᠭᠦᠯᠵᠢᠭᠦᠯᠬᠦ ᠮᠡᠳᠡᠯᠭᠡ ᠪᠠ ᠤᠷ᠎ᠠ ᠮᠡᠷᠭᠡᠰᠢᠯ ᠰᠤᠷᠤᠯᠴᠠᠨ ᠡᠵᠡᠮᠰᠢᠬᠦ ᠳᠤ ᠨᠢ ᠳᠥᠭᠦᠮ ᠨᠥᠬᠦᠴᠡᠯ ᠬᠠᠩᠭᠠᠵᠦ᠂ ᠵᠡᠮᠳᠡᠭᠴᠦᠳ ᠢ ᠡᠷᠡᠭᠦᠯᠵᠢᠭᠦᠯᠬᠦ ᠠᠵᠢᠯᠯᠠᠭ᠎ᠠ ᠳᠤ ᠰᠠᠨᠠᠭᠠᠴᠢᠯᠠᠭ᠎ᠠ ᠲᠠᠢ ᠣᠷᠣᠯᠴᠠᠭᠤᠯᠬᠤ ᠪᠠᠷ ᠬᠥᠲᠥᠯᠥᠨ ᠵᠢᠯᠣᠭᠤᠳᠬᠤ ᠬᠡᠷᠡᠭᠲᠡᠢ᠃ ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠬᠦᠨ ᠨᠢ ᠲᠡᠮᠵᠢᠵᠦ ᠬᠠᠪᠰᠤᠷᠬᠤ ᠬᠡᠷᠡᠭᠲᠡᠶ᠃                      ᠳᠥᠷᠪᠡᠳᠦᠭᠡᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ      ᠭᠤᠴᠢᠨ ᠬᠤᠶᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠥᠯᠥᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠵᠦ ᠡᠷᠡᠭᠦᠯᠵᠢᠭᠦᠯᠬᠦ ᠵᠠᠷᠤᠳᠠᠯ ᠢ ᠨᠢ ᠲᠥᠯᠥᠵᠦ ᠥᠭᠬᠦ ᠬᠡᠷᠡᠭᠲᠡᠢ︔ ᠡᠮᠴᠢᠯᠡᠵᠦ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠲᠡᠳᠡᠭᠡᠷ ᠭᠡᠷ ᠪᠦᠯᠢ ᠶᠢᠨ ᠠᠵᠤ ᠠᠬᠤᠶ ᠶᠢᠨ ᠲᠠᠯ᠎ᠠ ᠪᠠᠷ ᠬᠦᠴᠢᠷᠳᠡᠯᠲᠡᠶ ᠵᠡᠮᠳᠡᠭᠴᠦᠳ ᠲᠤ ᠨᠡᠮᠡᠭᠦᠷᠢ ᠥᠭᠬᠦ ᠶᠢᠨ ᠬᠠᠮᠲᠤ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠥᠷᠢ ᠡᠮᠴᠢᠯᠡᠭᠡ ᠶᠢᠨ ᠳᠠᠭᠠᠳᠬᠠᠯ ᠢᠶᠠᠷ ᠡᠮᠨᠡᠭᠦᠯᠦᠭᠰᠡᠨ ᠵᠠᠷᠤᠳᠠᠯ ᠢ ᠨᠢ ᠲᠥᠯᠥᠭᠰᠡᠨ ᠤ ᠳᠠᠷᠠᠭ᠎ᠠ ᠮᠥᠨ ᠬᠦ ᠬᠦᠴᠢᠷᠳᠡᠯᠲᠡᠢ ᠪᠠᠶᠢᠪᠠᠯ ᠡᠮᠴᠢᠯᠡᠭᠡᠨ ᠤ ᠲᠤᠰᠠᠯᠠᠮᠵᠢ ᠦᠵᠡᠬᠦᠯᠬᠦ ᠬᠡᠷᠡᠭᠲᠡᠢ᠃      ᠭᠤᠴᠢᠨ ᠭᠤᠷᠪᠠᠳᠤᠭᠠᠷ ᠵᠦᠢᠯ  ᠡᠯ᠎ᠡ ᠭᠠᠵᠠᠷ ᠣᠷᠣᠨ ᠨᠢ ︽ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ  ﹇2018﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠵᠦ ᠪᠣᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠬᠤ ᠪᠠᠷᠢᠮᠵᠢᠶ᠎ᠠ ᠪᠠᠨ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠬᠠᠮᠲᠤ᠂ ᠡᠷᠡᠭᠦᠯᠵᠢᠭᠦᠯᠵᠦ ᠠᠪᠤᠷᠠᠨ ᠲᠤᠰᠠᠯᠠᠬᠤ ᠵᠡᠮᠳᠡᠭ ᠬᠡᠤᠬᠡᠳ ᠤᠨ ᠨᠠᠰᠤᠨ ᠤ ᠬᠡᠪᠴᠢᠶ᠎ᠡ ᠶᠢ ᠨᠢ ᠵᠣᠬᠢᠰᠲᠠᠶ ᠥᠷᠭᠡᠳᠬᠡᠵᠦ᠂ ᠵᠡᠮᠳᠡᠭ ᠬᠡᠤᠬᠡᠳ ᠤᠨ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠤᠨ ᠬᠢᠵᠠᠭᠠᠷᠯᠠᠯ ᠢ ᠨᠢ ᠴᠤ ᠪᠠᠰᠠ ᠠᠭᠤᠵᠢᠭᠤ ᠲᠠᠯᠪᠢᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ  ᠦᠷᠭᠦᠯᠵᠢᠯᠡᠨ  ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠨᠥᠬᠦᠪᠥᠷᠢ ᠪᠡᠯᠡ  ᠮᠦᠩᠭᠦᠨ ᠤ ᠠᠷᠭ᠎ᠠ ᠵᠠᠮ ᠢᠶᠠᠷ ᠳᠠᠮᠵᠢᠭᠤᠯᠤᠨ᠂ ᠡᠯ᠎ᠡ ᠭᠠᠵᠠᠷ ᠣᠷᠣᠨ ᠤ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠡᠭᠦᠷᠭᠡ ᠶᠢᠨ ᠬᠡᠮᠵᠢᠶ᠎ᠡ᠂ ᠠᠪᠤᠷᠠᠨ ᠲᠤᠰᠠᠯᠠᠬᠤ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠲᠥᠷᠥᠯ ᠪᠠ ᠳᠡᠰ ᠬᠤᠪᠢᠶᠠᠵᠤ  ᠵᠣᠬᠢᠬᠤ ᠨᠥᠬᠦᠪᠥᠷᠢ ᠣᠯᠭᠤᠬᠤ ᠪᠣᠯᠣᠨ᠎ᠠ᠃      ᠭᠤᠴᠢᠨ ᠳᠥᠷᠪᠡᠳᠦᠭᠡᠷ ᠵᠦᠢᠯ  ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠡᠮᠡᠭᠦᠷᠢ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠣᠶᠤᠨ ᠤ ᠬᠦᠨᠳᠦ ᠪᠤᠰᠤ ᠰᠠᠭᠠᠲᠠᠯ ᠲᠠᠢ ᠡᠪᠡᠳᠴᠢᠲᠡᠨ᠂ ᠣᠶᠤᠨ ᠮᠡᠳᠡᠷᠡᠯ ᠤᠨ ᠵᠡᠮᠳᠡᠭᠴᠦᠳ ᠪᠠ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠵᠦ ᠪᠣᠯᠤᠨ᠎ᠠ᠃ ᠰᠤᠪᠢᠯᠠᠯᠲᠠ ᠶᠢᠨ ᠨᠡᠮᠡᠭᠦᠷᠢ ᠶᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠢ᠂ ᠰᠤᠪᠢᠯᠠᠯᠲᠠ ᠶᠢᠨ ᠨᠡᠮᠡᠭᠦᠷᠢ ᠬᠦᠷᠲᠡᠵᠦ ᠪᠠᠶᠢᠭ᠎ᠠ ᠵᠡᠮᠳᠡᠭᠴᠦᠳ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠰᠤᠳ ᠲᠤᠰᠠᠯᠠᠮᠵᠢ ᠶᠢ ᠬᠠᠮᠲᠤ ᠳᠤ ᠨᠢ ᠬᠦᠷᠲᠡᠵᠦ ᠪᠣᠯᠤᠨ᠎ᠠ᠃      ᠭᠤᠴᠢᠨ ᠲᠠᠪᠤᠳᠤᠭᠠᠷ ᠵᠦᠢᠯ  ᠵᠡᠮᠳᠡᠭᠴᠦᠳ ᠤᠨ ᠡᠷᠡᠭᠦᠯᠵᠢᠭᠦᠯᠬᠦ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠨᠡᠶᠢᠭᠡᠮ ᠤᠨ ᠬᠦᠴᠦᠨ ᠤ  ᠬᠢᠨ ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶᠢᠭᠠᠳ ᠨᠢᠭᠦᠯᠡᠰᠦᠩᠭᠦᠶ ᠶᠢᠨ ᠬᠠᠨᠳᠢᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠡᠮᠳᠡᠭᠴᠦᠳ ᠢ ᠬᠠᠪᠰᠤᠷᠤᠨ ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠬᠦ ᠬᠡᠷᠡᠭᠲᠡᠶ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠵᠡᠷᠭᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠡᠷᠡᠭᠦᠯᠵᠢᠭᠦᠯᠬᠦ ᠳᠤ ᠬᠡᠷᠡᠭᠯᠡᠬᠦ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ᠪᠣᠳᠠᠲᠠᠢ ᠪᠠᠶᠢᠳᠠᠯ ᠢ ᠦᠨᠳᠦᠰᠦᠯᠡᠨ ᠪᠠᠲᠤᠯᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ ᠪᠠᠲᠤᠯᠠᠬᠤ ᠬᠡᠪᠴᠢᠶ᠎ᠡ ᠪᠠᠨ ᠥᠷᠭᠡᠳᠬᠡᠨ᠂ ᠤᠯᠤᠰ ᠤᠨ ᠲᠣᠭᠲᠠᠭᠠᠭᠰᠠᠨ ᠬᠢᠷᠢ ᠲᠦᠪᠰᠢᠨ ᠠᠴᠠ ᠥᠨᠳᠥᠷ ᠪᠠᠶᠢᠯᠭᠠᠬᠤ ᠵᠡᠮᠳᠡᠭᠴᠦᠳ ᠢ ᠡᠷᠡᠭᠦᠯᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃      ᠭᠤᠴᠢᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠤᠨ ᠵᠠᠷᠤᠳᠠᠯ ᠢ ᠲᠤᠰ ᠱᠠᠲᠤᠨ ᠤ ᠵᠠᠰᠠᠭ ᠤᠨ ᠣᠷᠳᠣᠨ ᠤ ᠲᠥᠰᠦᠪ ᠲᠤ ᠣᠷᠣᠭᠤᠯᠬᠤ ᠬᠡᠷᠡᠭᠲᠡᠶ᠃ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠪᠠᠶᠢᠭᠤᠯᠤᠮᠵᠢ ᠳᠤ ᠭᠠᠶᠢᠯᠢ ᠲᠠᠲᠠᠪᠤᠷᠢ ᠶᠢᠨ ᠬᠤᠯᠪᠣᠭᠳᠠᠯ ᠪᠦᠬᠦᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠡᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠠᠶᠢᠭᠤᠯᠤᠮᠵᠢ ᠳᠤ ᠪᠠᠯᠠ ᠮᠥᠩᠭᠦ᠂ ᠪᠡᠯᠡᠳᠬᠡᠮᠵᠢ ᠲᠥᠬᠦᠭᠡᠷᠦᠮᠵᠢ᠂ ᠭᠠᠵᠠᠷ ᠰᠢᠷᠣᠶ ᠬᠡᠷᠡᠭᠯᠡᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠶ᠃      ᠭᠤᠴᠢᠨ ᠳᠣᠯᠣᠳᠤᠭᠠᠷ ᠵᠦᠢᠯ  ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠳᠤ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠬᠠᠮᠢᠶ᠎ᠠ ᠪᠦᠬᠦᠢ ᠲᠤᠰᠬᠠᠶ ᠮᠡᠷᠭᠡᠵᠢᠯ ᠲᠣᠬᠢᠷᠠᠭᠤᠯᠬᠤ ᠪᠤᠶᠤ ᠬᠠᠮᠢᠶ᠎ᠠ ᠪᠦᠬᠦᠢ ᠬᠢᠴᠢᠶᠡᠯ ᠣᠷᠣᠬᠤ ᠶᠢ ᠵᠣᠷᠢᠭᠵᠢᠭᠤᠯᠤᠨ ᠳᠠᠮᠵᠢᠵᠤ᠂ ᠲᠤᠰᠬᠠᠶ ᠮᠡᠷᠭᠡᠵᠢᠯ ᠲᠠᠢ᠂ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠮᠡᠳᠡᠯᠭᠡ᠂ ᠤᠷ᠎ᠠ ᠮᠡᠷᠭᠡᠰᠢᠯ ᠢ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠭᠤᠯᠬᠤ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰᠠᠯᠠᠬᠤ ᠪᠠᠭᠠᠵᠢ ᠬᠡᠷᠡᠭᠰᠡᠯ ᠤᠨ ᠰᠤᠳᠤᠯᠤᠨ ᠨᠡᠭᠡᠭᠡᠬᠦ᠂ ᠳᠡᠯᠭᠡᠷᠡᠭᠦᠯᠬᠦ ᠪᠠ ᠬᠡᠷᠡᠭᠯᠡᠬᠦ ᠶᠢ ᠢᠳᠡᠪᠬᠢᠲᠡᠢ ᠳᠡᠮᠵᠢᠬᠦ ᠬᠡᠷᠡᠭᠲᠡᠶ᠃ ᠲᠤᠰᠠᠯᠠᠬᠤ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠨᠢᠭᠡᠴᠢ ᠳᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠬᠦᠷᠲᠡᠭᠡᠬᠦ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠨᠳᠦᠰᠦᠨ ᠬᠡᠯᠪᠡᠷᠢ ᠪᠦᠬᠦᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠡᠮᠡᠭᠦᠷᠢ ᠣᠯᠭᠤᠵᠤ᠂ ᠵᠡᠮᠳᠡᠭᠴᠦᠳ ᠤᠨ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ ᠨᠡᠮᠡᠭᠦᠷᠢ ᠣᠯᠭᠤᠬᠤ ᠭᠠᠷᠴᠠᠭ ᠢ ᠲᠣᠭᠲᠠᠭᠠᠨ᠂ ᠨᠡᠮᠡᠭᠦᠷᠢ ᠣᠯᠭᠤᠬᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠦᠨᠳᠦᠰᠦᠨ ᠡᠮᠴᠢᠯᠡᠭᠡᠨ ᠳᠤ ᠬᠡᠷᠡᠭᠯᠡᠬᠦ ᠴᠢᠨᠠᠷᠲᠠᠶ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ ᠰᠦᠪᠡᠭᠴᠢᠯᠡᠨ ᠰᠤᠳᠤᠯᠵᠤ ᠪᠣᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠰᠢᠨ᠎ᠡ ᠨᠡᠷᠡᠳᠬᠦᠨ ᠡᠭᠦᠳᠬᠦ ᠶᠢ ᠳᠡᠮᠵᠢᠵᠦ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ ᠥᠭᠬᠦ ᠶᠢ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃      ᠭᠤᠴᠢ ᠶᠢᠰᠦᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠤ ᠣᠯᠭᠤᠮᠵᠢ ᠶᠢ ᠪᠠᠲᠤᠯᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠳᠠᠪᠲᠠᠨ ᠪᠣᠯᠪᠠᠰᠤᠷᠠᠭᠤᠯᠬᠤ᠂ ᠬᠥᠬᠢᠭᠦᠯᠦᠨ ᠱᠠᠩᠨᠠᠬᠤ ᠵᠡᠷᠭᠡ ᠲᠠᠯ᠎ᠠ ᠪᠠᠷ ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠢ ᠬᠠᠷᠠᠭᠠᠯᠵᠠᠬᠤ ᠬᠡᠷᠡᠭᠲᠡᠶ᠃                        ᠲᠠᠪᠤᠳᠤᠭᠠᠷ ᠪᠦᠯᠦᠭ   ᠳᠠᠭᠠᠯᠳᠤᠭᠤᠯᠤᠯ ᠲᠦᠷᠢᠮ      ᠳᠥᠴᠢᠳᠦᠭᠡᠷ ᠵᠦᠢᠯ  ᠲᠣᠰ ᠠᠷᠭ᠎ᠠ ᠶᠢ 2020 ᠣᠨ ᠤ 9  ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ