ᠪᠡᠯᠴᠢᠭᠡᠷᠯᠡᠭᠦᠯᠬᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠨ ᠤ ᠤᠯᠤᠰ ᠤᠨ ᠪᠠᠶᠢᠳᠠᠯ ᠠᠴᠠ ᠡᠭᠦᠰᠴᠦ | ᠭᠠᠷᠭᠠᠭᠰᠠᠨ ᠨᠢᠭᠡᠨ ᠴᠢᠬᠤᠯᠠ ᠰᠢᠢᠳᠪᠦᠷᠢᠲᠦ ᠪᠣᠳᠣᠯᠭ᠎ᠠ ᠮᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ | ᠠᠷᠭ᠎ᠠ ᠬᠡᠮᠵᠢᠶ᠎ᠡ ᠪᠣᠯᠤᠨ᠎ᠠ᠃ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠢᠳᠡᠪᠬᠢᠲᠡᠶ ᠴᠢᠷᠮᠠᠶᠢᠯᠲᠠ ᠪᠠᠷ ᠳᠡᠮᠵᠢᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠠᠯᠠᠱᠠ ᠠᠶᠢᠮᠠᠭ ᠲᠤ ᠪᠡᠯᠴᠢᠭᠡᠷᠯᠡᠭᠦᠯᠬᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ | ᠲᠥᠪ ᠤᠨ ᠲᠥᠰᠦᠪ ᠲᠠᠬᠢ ᠪᠡᠯᠡ ᠣᠷᠣᠭᠤᠯᠤᠯᠲᠠ ᠶᠢ 7222 ᠲᠦᠮᠡᠨ ᠲᠥᠭᠦᠷᠢᠭ ᠪᠠᠭᠤᠯᠭᠠᠪᠠ᠃ | ᠠᠯᠠᠱᠠ ᠠᠶᠢᠮᠠᠭ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠨᠢ | ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠲᠩᠷᠢ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠠᠢ ᠬᠤᠯᠪᠣᠭᠳᠠᠨ᠎ᠠ᠃ ᠲᠣᠰ ᠲᠥᠷᠥᠯ ᠵᠦᠢᠯ ᠤᠨ ᠪᠠᠯᠠ | ᠣᠷᠣᠭᠤᠯᠤᠯᠲᠠ ᠶᠢᠨ ᠭᠤᠤᠯ ᠡᠭᠦᠷᠭᠡ ᠪᠣᠯ ᠨᠤᠲᠤᠭ ᠪᠡᠯᠴᠢᠭᠡᠷ ᠢ 80 ᠲᠦᠮᠡᠨ ᠮᠥ ᠬᠦᠷᠢᠶᠡᠯᠡᠵᠦ᠂ 17 ᠲᠦᠮᠡᠨ | ᠮᠥ ᠡᠪᠡᠰᠦ ᠳᠠᠷᠢᠵᠤ᠂ 12 ᠲᠦᠮᠡᠨ ᠮᠥ ᠬᠤᠤᠷᠲᠤ ᠡᠪᠡᠰᠦ ᠶᠢ ᠵᠠᠰᠠᠬᠤ ᠶᠠᠪᠤᠳᠠᠯ ᠪᠣᠯᠤᠨ᠎ᠠ᠃ ᠡᠭᠦᠨ ᠳᠤ ᠠᠯᠠᠱᠠ | ᠵᠡᠭᠦᠨ ᠬᠤᠰᠢᠭᠤᠨ ᠤ ᠨᠤᠲᠤᠭ ᠪᠡᠯᠴᠢᠭᠡᠷ ᠢ 10 ᠲᠦᠮᠡᠨ ᠮᠦ ᠬᠦᠷᠢᠶᠡᠯᠡᠵᠦ᠂ 5 ᠲᠦᠮᠡᠨ ᠮᠦ ᠡᠪᠡᠰᠦ ᠲᠠᠷᠢᠵᠤ᠂ | 5 ᠲᠦᠮᠡᠨ ᠮᠦ ᠬᠤᠣᠷᠲᠤ ᠡᠪᠡᠰᠦ ᠶᠢ ᠵᠠᠰᠠᠵᠤ᠂ ᠲᠥᠪ ᠤᠨ ᠲᠥᠰᠦᠪ ᠲᠠᠬᠢ ᠪᠡᠯᠡ ᠣᠷᠣᠭᠤᠯᠤᠯᠲᠠ ᠠᠴᠠ 1989 | ᠲᠦᠮᠡᠨ ᠲᠥᠭᠦᠷᠢᠭ ᠣᠷᠣᠭᠤᠯᠤᠨ᠎ᠠ︔ ᠠᠯᠠᠱᠠ ᠪᠠᠷᠠᠭᠤᠨ ᠬᠤᠰᠢᠭᠤᠨ ᠤ ᠨᠣᠲᠤᠭ ᠪᠡᠯᠴᠢᠭᠡᠷ ᠢ 10 ᠲᠦᠮᠡᠨ ᠮᠥ | ᠬᠦᠷᠢᠶᠡᠯᠡᠵᠦ᠂ 10 ᠲᠦᠮᠡᠨ ᠮᠥ ᠡᠪᠡᠰᠦ ᠲᠠᠷᠢᠵᠤ᠂ 5 ᠲᠦᠮᠡᠨ ᠮᠦ ᠬᠤᠣᠷᠲᠤ ᠡᠪᠡᠰᠦ ᠶᠢ ᠵᠠᠰᠠᠵᠤ᠂ ᠲᠥᠪ ᠤᠨ | ᠲᠥᠰᠦᠪ ᠲᠠᠬᠢ ᠪᠡᠯᠡ ᠣᠷᠣᠭᠤᠯᠤᠯᠲᠠ ᠠᠴᠠ 3009 ᠲᠦᠮᠡᠨ ᠲᠥᠭᠦᠷᠢᠭ ᠣᠷᠣᠭᠤᠯᠤᠨ᠎ᠠ︔ ᠡᠵᠡᠨ᠎ᠡ | ᠬᠤᠰᠢᠭᠤᠨ ᠤ ᠨᠣᠲᠤᠭ ᠪᠡᠯᠴᠢᠭᠡᠷ ᠢ 20 ᠲᠦᠮᠡᠨ ᠮᠦ ᠬᠦᠷᠢᠶᠡᠯᠡᠵᠦ᠂ 2 ᠲᠦᠮᠡᠨ ᠮᠥ ᠡᠪᠡᠰᠦ ᠳᠠᠷᠢᠵᠤ᠂ 1 | ᠲᠦᠮᠡᠨ ᠮᠥ ᠬᠤᠤᠷᠲᠤ ᠡᠪᠡᠰᠦ ᠶᠢ ᠵᠠᠰᠠᠵᠤ᠂ ᠲᠥᠪ ᠤᠨ ᠲᠥᠰᠦᠪ ᠲᠠᠬᠢ ᠪᠠᠯᠠ ᠣᠷᠣᠭᠤᠯᠤᠯᠲᠠ ᠠᠴᠠ 1061 | ᠲᠦᠮᠡᠨ ᠲᠥᠭᠦᠷᠢᠭ ᠣᠷᠣᠭᠤᠯᠤᠨ᠎ᠠ︔ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠨᠤᠲᠤᠭ | ᠪᠡᠯᠴᠢᠭᠡᠷ ᠢ 40 ᠲᠦᠮᠡᠨ ᠮᠦ ᠬᠦᠷᠢᠶᠡᠯᠡᠵᠦ᠂ 1 ᠲᠦᠮᠡᠨ ᠮᠦ ᠬᠤᠣᠷᠲᠤ ᠡᠪᠡᠰᠦ ᠶᠢ ᠵᠠᠰᠠᠵᠤ᠂ ᠲᠥᠪ ᠤᠨ | ᠲᠥᠰᠦᠪ ᠲᠠᠬᠢ ᠪᠡᠯᠡ ᠣᠷᠣᠭᠤᠯᠤᠯᠲᠠ ᠠᠴᠠ 1163 ᠲᠦᠮᠡᠨ ᠲᠥᠭᠦᠷᠢᠭ ᠣᠷᠣᠭᠤᠯᠤᠨ᠎ᠠ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠪᠡᠯᠴᠢᠭᠡᠷᠯᠡᠭᠦᠯᠬᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠪᠡᠯ᠂ ᠮᠠᠯᠴᠢᠨ ᠲᠠᠷᠢᠶᠠᠴᠢᠳ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ | ᠬᠡᠯᠪᠡᠷᠢ ᠶᠢ ᠬᠤᠪᠢᠷᠠᠭᠤᠯᠵᠤ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠮᠠᠭᠤᠳᠠᠵᠤ ᠪᠠᠶᠢᠭ᠎ᠠ | ᠪᠠᠶᠢᠳᠠᠯ ᠢ ᠬᠤᠷᠢᠭᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠪᠠ ᠨᠤᠲᠤᠭ | ᠪᠡᠯᠴᠢᠭᠡᠷ ᠤᠨ ᠮᠠᠯ ᠠᠵᠤ ᠠᠬᠤᠢ ᠶᠢᠨ ᠦᠨᠳᠦᠰᠦᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ | ᠴᠢᠳᠠᠬᠤ ᠪᠠᠷ ᠪᠠᠷᠠᠬᠤ ᠦᠭᠡᠢ ᠪᠠᠰᠠ ᠲᠠᠴᠢᠷᠳᠠᠭᠰᠠᠨ ᠡᠯᠡᠰᠦᠷᠬᠡᠭᠵᠢᠭᠰᠡᠨ ᠪᠠ ᠬᠤᠵᠢᠷᠰᠢᠭᠰᠠᠨ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ | ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠭᠦᠷᠢᠳᠡ ᠠᠰᠢᠭᠯᠠᠬᠤ ᠶᠢ ᠪᠡᠶᠡᠯᠡᠭᠦᠯᠵᠦ ᠴᠢᠳᠠᠨ᠎ᠠ᠃ |