ᠥᠪᠥᠷ ᠵᠠᠰᠠᠭ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠢᠵᠢᠭ ᠤᠨ ᠨᠦᠯᠦᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃ | 2020 ᠣᠨ ᠤ 7 ᠳ᠋ᠤᠭᠠᠷ ᠰᠠᠷ᠎ᠠ ᠶᠢᠨ 30 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠢᠵᠢᠭ ᠤᠨ ᠨᠥᠯᠥᠭᠡ ᠶᠢ ᠢᠯᠠᠨ ᠳᠠᠪᠠᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠪᠠᠨ ᠲᠦᠷᠭᠡᠨ ᠰᠡᠷᠭᠦᠭᠡᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠲᠠᠯ᠎ᠠ ᠪᠠᠷ ᠬᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠳ ᠢ ᠳᠡᠮᠵᠢᠵᠦ ᠬᠢᠵᠢᠭ ᠤᠨ ᠨᠦᠯᠦᠭᠡ ᠶᠢ ᠢᠯᠠᠨ ᠳᠠᠪᠠᠵᠤ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠨ ᠰᠡᠷᠭᠦᠭᠡᠬᠦ ᠶᠢ ᠲᠦᠷᠭᠡᠳᠭᠡᠬᠦ ᠶᠢᠨ ᠲᠤᠰᠠᠳᠠ᠂ ᠡᠳᠦᠭᠡ ᠳᠣᠣᠷᠠᠬᠢ ᠠᠷᠭ᠎ᠠ ᠬᠡᠮᠵᠢᠶ᠎ᠡ ᠨᠦᠭᠦᠳ ᠢ | ᠲᠣᠭᠲᠠᠭᠠᠪᠠ᠃ | ᠨᠢᠭᠡ᠂ ᠠᠵᠤ ᠠᠬᠤᠶᠢᠯᠠᠯ ᠤᠨ ᠠᠵᠢᠯᠯᠠᠨ ᠡᠵᠡᠩᠨᠡᠬᠦ ᠥᠪᠡᠷ ᠤᠨ ᠦᠷᠲᠡᠭ ᠢ ᠪᠠᠭᠤᠷᠠᠭᠤᠯᠤᠨ᠎ᠠ | ︵ ᠨᠢᠭᠡ︶ ᠭᠡᠷ ᠤᠨ ᠳᠦᠷᠢᠶᠡᠰᠥ ᠶᠢ ᠨᠢ ᠬᠠᠰᠤᠵᠤ ᠬᠡᠯᠳᠦᠷᠢᠭᠦᠯᠦᠨ᠎ᠡ᠃ 2020 ᠣᠨ ᠳᠤ᠂ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠤᠨ ᠲᠦᠷᠢᠶᠡᠰᠦᠯᠡᠭᠰᠡᠨ ᠤᠯᠤᠰ ᠤᠨ ᠦᠮᠴᠢᠯᠡᠯᠳᠦ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠡᠵᠡᠩᠨᠡᠯᠲᠡ ᠶᠢᠨ ᠴᠢᠨᠠᠷᠲᠠᠶ ᠭᠡᠷ ᠬᠦᠷᠦᠩᠭᠡ ᠶᠢᠨ ᠳᠣᠤᠷ᠎ᠠ ᠬᠠᠭᠠᠰ ᠵᠢᠯ ᠤᠨ ᠭᠡᠷ ᠤᠨ ᠲᠦᠷᠢᠶᠡᠰᠦ ᠶᠢ ᠨᠢ ᠬᠠᠰᠤᠵᠤ ᠬᠡᠯᠲᠦᠷᠢᠭᠦᠯᠦᠨ᠎ᠡ᠃ ︵ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠦᠪᠯᠡᠯ ᠬᠠᠷᠢᠭᠤᠴᠠᠨ᠎ᠠ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠴᠦᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠠᠶᠢᠳᠠᠪᠤᠷᠢᠵᠢᠭᠤᠯᠬᠤ ᠬᠡᠷᠡᠭᠲᠡᠢ᠂ ᠬᠠᠷᠢᠭᠤᠴᠠᠯᠭᠠᠲᠤ ᠨᠢᠭᠡᠴᠢ ᠶᠢᠨ ᠬᠡᠰᠡᠭ ᠲᠤ ᠳᠠᠬᠢᠨᠲᠠ ᠳᠤᠷᠠᠳᠬᠤ ᠦᠭᠡᠢ︶ | ︵ ᠬᠤᠶᠠᠷ︶ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ ᠡᠳᠦᠬᠡ ᠡᠩ ᠤᠨ ᠠᠵᠤ ᠦᠢᠯᠡᠳᠪᠦᠷᠢ | ᠬᠤᠳᠠᠯᠳᠤᠭᠠᠨ ᠤ ᠦᠢᠯᠡᠰ ᠵᠢᠴᠢ ᠪᠣᠰᠣᠳ ᠴᠠᠬᠢᠯᠭᠠᠨ ᠤ ᠦᠨ᠎ᠡ᠂ ᠲᠣᠮᠣ ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠪᠠᠷ ᠬᠡᠷᠡᠭᠵᠢᠭᠦᠯᠵᠦ ᠪᠠᠶᠢᠭ᠎ᠠ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠤᠨ 2020 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠵᠢᠯ ᠤᠨ ᠰᠡᠭᠦᠯᠴᠢ ᠬᠦᠷᠲᠡᠯ᠎ᠡ ᠬᠡᠷᠡᠭᠯᠡᠬᠦ ᠴᠠᠬᠢᠯᠭᠠᠨ ᠤ | ᠦᠨ᠎ᠡ ᠬᠠᠩᠰᠢ ᠶᠢ ᠡᠷᠦᠬᠡ ᠳᠤ ᠭᠦᠷᠬᠡᠭᠰᠡᠨ ᠴᠠᠬᠢᠯᠭᠠᠨ ᠤ ᠦᠨ᠎ᠡ ᠶᠢᠨ ᠬᠢᠷᠢ ᠲᠦᠪᠰᠢᠨ ᠤ 95% ᠪᠠᠷ ᠳ᠋ᠦᠩᠨᠡᠵᠦ ᠪᠣᠳᠣᠨ᠎ᠠ᠃ ︵ᠥᠪᠡᠷᠲᠡᠭᠡᠨ ᠵᠠᠰᠠᠬᠤ | ᠣᠷᠣᠨ ᠤ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶ | ︵ ᠭᠤᠷᠪᠠ︶ ᠠᠵᠤ ᠠᠬᠤᠶᠢᠯᠠᠯ ᠤᠨ ᠭᠠᠶᠢᠯᠢ ᠰᠦᠢᠳᠭᠡᠯ ᠢ ᠨᠢ ᠬᠠᠰᠤᠵᠤ ᠬᠡᠯᠳᠦᠷᠢᠭᠦᠯᠦᠨ᠎ᠡ᠃ | 1. 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ | ᠪᠠᠶᠢᠳᠠᠯ ᠢ ᠲᠠᠶᠢᠯᠤᠭᠰᠠᠨ ᠲᠣᠬᠠᠢ ᠶᠢᠨ ᠰᠠᠷ᠎ᠠ ᠬᠦᠷᠲᠡᠯ᠎ᠡ᠂ ᠵᠢᠭᠤᠯᠴᠢᠯᠠᠯ ᠤᠨ ᠦᠢᠯᠡᠰ ︵ᠠᠶᠠᠨᠴᠢᠯᠠᠯ ᠤᠨ ᠭᠠᠵᠠᠷ ᠵᠢᠴᠢ ᠬᠠᠮᠢᠶ᠎ᠠ ᠪᠦᠬᠦᠢ ᠦᠢᠯᠡᠴᠢᠯᠡᠭᠡ᠂ | ᠵᠤᠭᠠᠴᠠᠯ ᠤᠨ ᠦᠵᠡᠮᠵᠢᠲᠦ ᠣᠷᠣᠨ ᠤ ᠬᠠᠮᠢᠶᠠᠷᠤᠯᠲᠠ ᠬᠤᠶᠠᠷ ᠲᠥᠷᠥᠯ ᠢ ᠪᠠᠭᠲᠠᠭᠠᠨ᠎ᠠ︶ ᠤᠨ ᠲᠤᠮᠳᠠ ᠵᠢᠵᠢᠭ ᠠᠵᠤ ᠠᠬᠤᠶᠢᠯᠠᠯ ᠢ ᠭᠡᠷ ᠬᠦᠷᠦᠩᠭᠡ ᠶᠢᠨ ᠭᠠᠶᠢᠯᠢ | ᠪᠣᠯᠣᠨ ᠬᠤᠲᠠ ᠪᠠᠯᠭᠠᠰᠤᠨ ᠤ ᠭᠠᠵᠠᠷ ᠰᠢᠷᠤᠢ ᠬᠡᠷᠡᠭᠯᠡᠬᠦ ᠭᠠᠶᠢᠯᠢ ᠠᠴᠠ ᠬᠡᠯᠲᠦᠷᠢᠭᠦᠯᠦᠨ᠎ᠡ᠃ ︵ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠷᠢᠭᠤᠴᠠᠨ᠎ᠠ︶ | 2. ᠨᠦᠬᠦᠴᠡᠯ ᠳᠤ ᠨᠡᠶᠢᠴᠡᠭᠰᠡᠨ ᠠᠵᠢᠯᠲᠠᠨ ᠬᠠᠰᠤᠬᠤ ᠦᠭᠡᠢ ᠪᠣᠶᠤ ᠠᠵᠢᠯᠲᠠᠨ ᠴᠦᠬᠡᠨ ᠬᠠᠰᠤᠵᠤ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠭᠰᠠᠨ | ᠵᠢᠭᠤᠯᠴᠢᠯᠠᠯ ᠤᠨ ᠠᠵᠤ ᠠᠬᠤᠶᠢᠯᠠᠯ ᠳᠤ᠂ ᠠᠵᠤ ᠠᠬᠤᠶᠢᠯᠠᠯ ᠵᠢᠴᠢ ᠲᠡᠳᠡᠬᠡᠷ ᠤᠨ ᠠᠵᠢᠯᠲᠠᠨ ᠠᠵᠢᠯᠴᠢᠨ ᠤ ᠳᠡᠭᠡᠷ᠎ᠡ ᠬᠠᠭᠠᠰ ᠵᠢᠯ ᠳᠤ ᠪᠣᠳᠠᠲᠠᠢ ᠲᠤᠰᠢᠶᠠᠭᠰᠠᠨ ᠠᠵᠢᠯ | ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ ᠶᠡᠷᠦᠩᠬᠡᠢ ᠲᠣᠭᠠᠨ ᠤ 50% ᠪᠠᠷ ᠠᠵᠢᠯ ᠤᠨ ᠪᠠᠶᠢᠷᠢ ᠶᠢ ᠲᠤᠨᠨᠳᠠᠪᠤᠷᠢᠵᠢᠭᠤᠯᠬᠤ ᠪᠠᠷ ᠪᠣᠴᠠᠭᠠᠵᠤ᠂ ᠡᠭᠦᠨ ᠳᠤ | ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠴᠠᠭᠠᠬᠤ ᠬᠠᠷᠢᠴᠠᠯ ᠢ 100% ᠪᠤᠯᠳᠠᠯ᠎ᠠ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 3. ᠬᠢᠵᠢᠭ ᠤᠨ ᠨᠦᠯᠦᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠳᠤ ᠨᠢ ᠬᠦᠨᠳᠦ ᠬᠡᠴᠡᠭᠦᠦ ᠭᠦᠴᠢᠷᠳᠡᠯ ᠲᠤᠯᠭᠠᠷᠬᠠᠰᠠᠨ ᠰᠣᠶᠣᠯ ᠵᠢᠭᠤᠯᠴᠢᠯᠠᠯ ᠤᠨ | ᠠᠵᠤ ᠠᠬᠤᠶᠢᠯᠠᠯ ᠨᠢ᠂ ᠬᠠᠷᠢᠶ᠎ᠠ ᠪᠦᠬᠦᠢ ᠲᠣᠭᠲᠠᠭᠠᠯ ᠶᠣᠰᠤᠭᠠᠷ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ | ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠠᠭᠰᠠᠨ ᠮᠦᠩᠭᠦ ᠬᠤᠷᠢᠶᠠᠬᠤ ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠬᠤ ᠶᠢ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠦᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠦᠬᠦᠢ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠤᠨ ᠬᠢ ᠶᠢ ᠪᠣᠯ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠡ᠃ ︵ ᠥᠪᠡᠷᠲᠡᠭᠡᠨ ᠵᠠᠰᠠᠬᠤ ᠣᠷᠣᠨ ᠤ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 4. ᠬᠢᠵᠢᠭ ᠤᠨ ᠨᠥᠯᠥᠭᠡ ᠶᠢ ᠨᠡᠯᠢᠶᠡᠳ ᠬᠦᠨᠳᠦ ᠭᠦᠷᠳᠡᠭᠰᠡᠨ ᠪᠦᠭᠡᠳ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠠᠵᠢᠯᠯᠠᠵᠦ ᠦᠢᠯᠡᠳᠪᠦᠷᠢᠯᠡᠬᠦ ᠪᠠᠨ ᠵᠣᠭᠰᠣᠭᠠᠭᠰᠠᠨ ᠰᠣᠶᠣᠯ ᠵᠢᠭᠤᠯᠴᠢᠯᠠᠯ ᠤᠨ ᠠᠵᠢᠯ ᠲᠥᠷᠥᠯ ᠳᠠᠬᠢ | ᠳᠠᠭᠠᠳᠬᠠᠯ ᠳᠤ ᠣᠷᠣᠯᠴᠠᠭᠰᠠᠨ ᠠᠶᠠᠨᠴᠢᠯᠠᠯ ᠤᠨ ᠭᠠᠵᠠᠷ ᠤᠨ ᠬᠠᠷᠢᠭᠤᠴᠠᠯᠭᠠᠲᠤ ᠳᠠᠭᠠᠳᠬᠠᠯ ᠢ ᠪᠣᠯ᠂ ᠳᠠᠭᠠᠳᠬᠠᠯ ᠤᠨ ᠺᠣᠮᠫᠠᠨᠢ ᠶᠢ ᠵᠣᠷᠢᠭᠵᠢᠭᠤᠯᠵᠤ ᠪᠠᠶᠢᠭᠠᠳ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠠᠵᠢᠯᠯᠠᠵᠦ ᠦᠢᠯᠡᠳᠪᠦᠷᠢᠯᠡᠬᠦ ᠶᠢ ᠨᠢ ᠵᠣᠭᠰᠣᠭᠠᠬᠤ ᠪᠠ | ᠠᠵᠢᠯᠯᠠᠵᠦ ᠦᠢᠯᠡᠳᠪᠦᠷᠢᠯᠡᠬᠦ ᠪᠠᠨ ᠰᠡᠷᠭᠦᠭᠡᠬᠦ ᠪᠤᠳᠠᠳᠠᠢ ᠴᠠᠭ ᠢ ᠨᠢ ᠦᠨᠳᠦᠰᠦᠯᠡᠨ ᠠᠵᠤ ᠠᠬᠤᠶᠢᠯᠠᠯ ᠳᠤ ᠵᠤᠬᠢᠬᠤ ᠬᠡᠮᠵᠢᠶ᠎ᠡ ᠪᠠᠷ ᠳᠠᠭᠠᠳᠬᠠᠯ ᠤᠨ ᠵᠠᠷᠤᠳᠠᠯ ᠢ | ᠬᠠᠰᠤᠵᠤ ᠬᠡᠯᠲᠦᠷᠢᠭᠦᠯᠦᠨ᠎ᠡ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠬᠤᠶᠠᠷ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠲᠡᠮᠵᠢᠯᠬᠡ ᠶᠢ ᠨᠡᠮᠡᠭᠳᠡᠭᠦᠯᠦᠨ᠎ᠡ | ︵ᠳᠥᠷᠪᠡ︶ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ᠃ | 1. ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ᠂ ᠡᠵᠡᠩᠨᠡᠯᠲᠡ ᠳᠤ ᠨᠢ ᠲᠦᠷ ᠴᠠᠭ ᠬᠦᠴᠢᠷᠳᠡᠯ ᠲᠤᠯᠭᠠᠷᠠᠭᠰᠠᠨ ᠰᠣᠶᠣᠯ ᠵᠢᠭᠤᠯᠴᠢᠯᠠᠯ ᠤᠨ | ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠣᠬᠤᠷ ᠪᠠᠯᠠᠶ ᠪᠠᠷ ᠵᠢᠭᠡᠯᠡᠯᠭᠡ ᠪᠠᠨ ᠲᠠᠳᠠᠬᠤ᠂ ᠵᠢᠭᠡᠯᠡᠯᠭᠡ ᠪᠠᠨ ᠵᠤᠨᠨᠰᠤᠭᠠᠬᠤ ᠪᠠ ᠵᠢᠭᠡᠯᠡᠯᠭᠡ ᠪᠠᠨ | ᠳᠠᠷᠤᠵᠤ ᠪᠣᠯᠬᠤ ᠦᠭᠡᠶ᠃ ᠵᠢᠭᠡᠯᠡᠯᠭᠡ ᠶᠢᠨ ᠵᠣᠭᠤᠰ ᠢᠶᠠᠨ ᠪᠤᠴᠠᠭᠠᠬᠤ ᠳᠤ ᠦᠨᠡᠨ ᠬᠦ ᠬᠦᠴᠢᠷᠳᠡᠯ ᠲᠠᠢ ᠪᠠᠶᠢᠭ᠎ᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠭᠤᠴᠠᠭ᠎ᠠ ᠶᠢ ᠨᠢ ᠤᠷᠲᠤᠳᠬᠠᠬᠤ ᠪᠤᠶᠤ ᠦᠷᠭᠦᠯᠵᠢᠯᠡᠨ ᠵᠢᠭᠡᠯᠡᠯᠭᠡ ᠥᠭᠴᠦ ᠪᠣᠯᠤᠨ᠎ᠠ᠃ ︵ᠥᠪᠥᠷ ᠮᠣᠩᠭᠤᠯ ᠤᠨ | ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | 2. 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠭᠦᠷᠳᠡᠯᠡᠬᠢ ᠬᠤᠭᠤᠴᠠᠭᠠᠨ ᠳᠤ ᠬᠤᠭᠤᠴᠠᠭ᠎ᠠ | ᠲᠤᠯᠤᠭᠰᠠᠨ ᠲᠦᠭᠡᠮᠡᠯ ᠬᠠᠷᠠᠭᠠᠯᠵᠠᠯᠲᠤ ᠪᠠᠭ᠎ᠠ ᠪᠢᠴᠢᠯ ᠵᠢᠭᠡᠯᠡᠯᠭᠡ ᠶᠢᠨ ᠡᠬᠡ ᠮᠥᠩᠭᠦ ᠪᠣᠯᠤᠨ ᠲᠦᠯᠦᠬᠦ ᠴᠢᠬᠤᠯᠠᠳᠠᠢ ᠬᠦᠤ ᠮᠥᠩᠭᠦ ᠶᠢ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠬᠤᠭᠤᠴᠠᠭ᠎ᠠ ᠬᠤᠶᠢᠰᠢᠯᠠᠭᠤᠯᠤᠨ ᠡᠬᠡ ᠮᠥᠩᠭᠦ ᠪᠤᠴᠠᠭᠠᠬᠤ ᠪᠠ ᠬᠦᠦ ᠮᠦᠩᠭᠦ ᠲᠦᠯᠦᠬᠦ | ᠭᠤᠶᠤᠴᠢᠯᠠᠯ ᠢ ᠦᠨᠳᠦᠰᠦᠯᠡᠨ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠪᠠᠶᠢᠳᠠᠯ ᠪᠣᠯᠤᠨ ᠡᠵᠡᠩᠨᠡᠯᠲᠡ ᠶᠢᠨ ᠪᠠᠶᠢᠳᠠᠯ ᠲᠠᠢ ᠨᠢ | ᠤᠶᠠᠯᠳᠤᠭᠤᠯᠵᠤ᠂ ᠠᠵᠤ ᠠᠬᠤᠶᠢᠯᠠᠯ ᠤᠨ ᠡᠬᠡ ᠮᠥᠩᠭᠦ ᠪᠤᠴᠠᠭᠠᠬᠤ ᠪᠠ ᠬᠦᠤ ᠮᠥᠩᠭᠦ ᠲᠦᠯᠦᠬᠦ ᠬᠤᠭᠤᠴᠠᠭ᠎ᠠ ᠶᠢ ᠵᠤᠬᠢᠬᠤ ᠬᠡᠮᠵᠢᠶ᠎ᠡ ᠪᠠᠷ ᠤᠷᠳᠤᠳᠬᠠᠬᠤ | ᠲᠣᠬᠢᠷᠠᠭᠤᠯᠤᠯᠲᠠ ᠬᠢᠵᠦ᠂ ᠡᠬᠡ ᠮᠥᠩᠭᠦ ᠪᠤᠴᠠᠭᠠᠬᠤ ᠪᠠ ᠬᠦᠦ ᠮᠥᠩᠭᠦ ᠲᠦᠯᠦᠬᠦ ᠡᠳᠦᠷ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 2021 ᠣᠨ ᠤ 3 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠵᠤ᠂ ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠠᠴᠠ ᠬᠡᠯᠳᠦᠷᠢᠭᠦᠯᠦᠨ᠎ᠠ᠃ ︵ᠥᠪᠥᠷ ᠮᠣᠩᠭᠤᠯ ᠤᠨ | ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | 3. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠵᠦᠪᠰᠢᠶᠡᠷᠡᠬᠦ ᠬᠡᠪᠴᠢᠶᠡᠨ ᠳᠤ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ | ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠬᠤ ᠪᠠᠷ ᠴᠢᠷᠮᠠᠶᠢᠨ᠎ᠠ᠃ ︵ᠥᠪᠥᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ ᠲᠠᠪᠤ︶ ᠠᠵᠤ ᠠᠬᠤᠶᠢᠯᠠᠯ ᠳᠤ ᠵᠢᠭᠡᠯᠡᠯᠭᠡ ᠶᠢᠨ ᠳᠡᠮ ᠬᠦᠤ ᠥᠭᠬᠦ ᠡᠷᠴᠢᠮ ᠢᠶᠠᠨ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ | ᠵᠢᠯ ᠤᠨ ᠰᠢᠨ᠎ᠡ ᠪᠠᠷ ᠨᠡᠮᠡᠭᠳᠡᠭᠰᠡᠨ ᠭᠦᠢᠯᠭᠡᠭᠡᠨ ᠤ ᠪᠡᠯᠡ ᠮᠦᠩᠭᠦ ᠶᠢᠨ ᠵᠢᠭᠡᠯᠡᠯᠭᠡ ᠳᠤ 50% ᠪᠠᠷ ᠳᠠᠮ ᠬᠦᠤ ᠥᠭᠭᠦᠨ᠎ᠡ ︵ᠳᠠᠮ ᠬᠦᠤ ᠶᠢᠨ ᠨᠣᠷᠮ᠎ᠠ ᠨᠢ | 5% ᠠᠴᠠ ᠦᠨᠳᠦᠷ ᠪᠠᠶᠢᠵᠤ ᠪᠣᠯᠬᠤ ᠦᠭᠡᠶ︶᠃ ᠠᠳᠠᠯᠢ ᠨᠢᠭᠡᠨ ᠠᠵᠤ ᠠᠬᠤᠶᠢᠯᠠᠯ ᠤᠨ ᠠᠳᠠᠯᠢ ᠨᠢᠭᠡ ᠤᠳᠠᠭᠠᠨ ᠤ ᠵᠢᠭᠡᠯᠡᠯᠭᠡ ᠨᠢ ᠤᠯᠤᠰ ᠪᠣᠯᠤᠨ ᠥᠪᠡᠷᠲᠡᠭᠡᠨ | ᠵᠠᠰᠠᠬᠤ ᠣᠷᠣᠨ ᠤ ᠱᠠᠲᠤᠨ ᠤ ᠪᠤᠰᠤᠳ ᠵᠢᠭᠡᠯᠡᠯᠭᠡ ᠶᠢᠨ ᠳᠠᠮ ᠬᠦᠤ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠰᠡᠨ ᠪᠣᠯ ᠳᠠᠬᠢᠨ ᠳᠠᠪᠳᠠᠨ | ᠨᠥᠬᠦᠪᠥᠷᠢᠯᠡᠬᠦ ᠦᠭᠡᠶ᠃ ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠭᠤᠷᠪᠠ᠂ ᠵᠢᠭᠤᠯᠴᠢᠯᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ | ︵ ᠵᠢᠷᠭᠤᠭ᠎ᠠ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠬᠦ ᠦᠨᠳᠦᠷ | ᠲᠠᠷᠤᠯᠳᠠᠳᠤ ᠪᠠᠶᠢᠳᠠᠯ ᠢ ᠪᠠᠲᠤᠯᠠᠨ᠂ ︽ᠵᠦᠢ ᠵᠣᠬᠢᠰ ᠦᠭᠡᠢ ᠬᠢᠮᠳᠠ ᠦᠨ᠎ᠡ ᠶᠢᠨ ᠵᠢᠭᠤᠯᠴᠢᠯᠠᠯ︾ ᠢ ᠵᠣᠬᠢᠶᠠᠨ ᠪᠠᠶᠢᠭᠤᠯᠤᠨ ᠬᠦᠯᠢᠶᠡᠨ ᠠᠪᠬᠤ᠂ ᠵᠢᠭᠤᠯᠴᠢᠯᠠᠭᠴᠢᠳ ᠢ | ᠮᠡᠬᠡᠯᠡᠬᠦ ᠪᠤᠶᠤ ᠰᠦᠷᠳᠡᠬᠦᠯᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ ᠵᠡᠷᠭᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠴᠢᠨᠠᠷ ᠰᠠᠶᠢᠲᠠᠶ ᠪᠥᠭᠡᠳ ᠲᠦᠷᠭᠡᠨ ᠰᠢᠢᠳᠪᠦᠷᠢᠯᠡᠵᠦ᠂ | ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ︵ ᠳᠣᠯᠤᠭ᠎ᠠ︶ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠭᠢᠯᠠᠰ ᠴᠡᠭ ᠢ ᠡᠭᠦᠳᠦᠨ ᠴᠣᠭᠴᠠᠯᠠᠨ᠎ᠠ᠃ | 1. ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠪᠦᠬᠦ ᠣᠷᠣᠨ ᠤ ᠰᠣᠳᠣᠨ ᠪᠦᠲᠦᠭᠡᠯ ᠤᠨ ᠤᠷᠠᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠪᠠ | ᠰᠣᠶᠣᠯ ᠤᠨ ᠪᠦᠲᠦᠭᠡᠯᠴᠢ ᠠᠵᠤ ᠦᠢᠯᠡᠰ ᠢ ᠦᠵᠡᠮᠵᠢ ᠶᠢᠨ ᠣᠷᠣᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠦ ᠡᠷᠬᠢᠯᠡᠨ᠂ ᠡᠯ᠎ᠡ ᠠᠶᠢᠮᠠᠭ ᠬᠤᠲᠠ ᠶᠢᠨ ᠬᠢᠨ ᠤ ᠣᠨᠴᠠᠯᠢᠭᠲᠤ ᠵᠡᠭᠡᠯᠢ ᠲᠣᠭᠤᠷᠢᠭ ᠡᠭᠦᠳᠦᠨ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠬᠡᠯ ᠪᠠᠶᠢᠭᠤᠯᠬᠤ ᠵᠡᠷᠭᠡ ᠶᠢ ᠳᠠᠮᠵᠢᠵᠤ᠂ ᠥᠷᠭᠡᠨ ᠣᠯᠠᠨ ᠠᠷᠠᠳ ᠲᠦᠮᠡᠨ ᠳᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠬᠠᠩᠭᠠᠨ᠎ᠠ᠃ ︵ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2. ᠪᠦᠬᠦ ᠣᠷᠣᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠪᠠ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠭᠳᠡᠬᠦᠨ ᠢ ᠳᠡᠯᠭᠡᠨ | ᠦᠵᠡᠭᠦᠯᠬᠦ ᠠᠵᠢᠯᠯᠠᠭ᠎ᠠ ᠶᠢ ᠡᠷᠬᠢᠯᠡᠨ᠂ ᠪᠥᠬᠦ ᠣᠷᠣᠨ ᠤ ᠦᠨᠳᠦᠰᠦᠲᠡᠨ ᠤ ᠰᠣᠳᠣᠨ ᠭᠠᠷ ᠤᠷᠠᠯᠠᠯ ᠤᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ | ᠤᠷ᠎ᠠ ᠮᠡᠷᠭᠡᠰᠢᠯ᠂ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ᠂ ᠥᠪᠥᠷ ᠮᠣᠩᠭᠤᠯ ᠤᠨ ᠳᠠᠭᠤᠤ ᠬᠦᠭᠵᠢᠮ᠂ ᠥᠪᠥᠷ ᠮᠣᠩᠭᠤᠯ ᠤᠨ ᠦᠨᠦᠷ ᠠᠮᠲᠠ ᠵᠢᠴᠢ | ᠥᠪᠥᠷ ᠮᠣᠩᠭᠤᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠭᠦᠨ ᠵᠡᠷᠭᠡ ᠶᠢ ᠲᠥᠪᠯᠡᠷᠡᠭᠦᠯᠦᠨ | ᠳᠡᠯᠭᠡᠨ ᠦᠵᠡᠭᠦᠯᠵᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ᠳᠥᠷᠪᠡ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ | ︵ ᠨᠠᠢᠮᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠦᠨ᠎ᠡ | 1. ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠳᠤ ᠣᠷᠣᠯᠴᠠᠭᠰᠠᠨ ᠨᠢᠭᠡᠳᠦᠭᠡᠷ ᠹᠷᠣᠨᠲ ᠤᠨ ᠡᠮᠴᠢᠯᠡᠭᠡᠨ ᠤ | ᠠᠵᠢᠯᠳᠠᠳ 2020 ᠣᠨ ᠳᠤ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ ᠴᠦᠮ ᠡᠭᠦᠳᠡᠨ | ᠪᠢᠯᠧᠲ ᠬᠤᠷᠢᠶᠠᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠬᠠᠷᠢᠭᠤᠴᠠᠨ᠎ᠠ︶ | 2. ᠲᠤᠬᠠᠶ ᠶᠢᠨ ᠵᠢᠯ ᠤᠨ ᠶᠡᠭᠡ ᠰᠤᠷᠭᠠᠭᠤᠯᠢ ᠶᠢᠨ ᠰᠢᠯᠭᠠᠯᠲᠠ ᠪᠣᠯᠣᠨ ᠦᠨᠳᠦᠷ ᠳᠤᠮᠳᠠᠲᠤ ᠶᠢᠨ ᠰᠢᠯᠭᠠᠯᠲᠠ ᠳᠤ ᠣᠷᠣᠯᠴᠠᠭᠰᠠᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠵᠢᠯ ᠤᠨ ᠳᠣᠲᠣᠷ᠎ᠠ A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠳᠤ ᠲᠡᠳᠡᠨ ᠠᠴᠠ | ᠴᠥᠮ ᠡᠭᠦᠳᠡᠨ ᠪᠢᠯᠧᠲ ᠬᠤᠷᠢᠶᠠᠬᠤ ᠦᠭᠡᠢ᠃ ᠬᠠᠰᠤᠵᠤ ᠬᠡᠯᠲᠡᠷᠡᠭᠦᠯᠦᠭᠰᠡᠨ ᠬᠡᠰᠡᠭ ᠢ ᠨᠢ ᠡᠯ᠎ᠡ ᠱᠠᠲᠤᠨ ᠤ ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ | ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠶᠢ ᠵᠤᠷᠢᠨᠨᠵᠢᠭᠤᠯᠬᠤ ᠶᠢᠨ ᠬᠠᠮᠲᠤ ᠠᠳᠠᠯᠢ | ᠲᠡᠭᠰᠢ ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 3. ᠵᠠᠰᠠᠭ ᠤᠨ ᠣᠷᠳᠣᠨ ᠤ ᠵᠢᠯᠣᠭᠤᠳᠤᠮᠵᠢ ᠶᠢᠨ ᠦᠨ᠎ᠡ ᠶᠢ ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ | ᠳᠤ ᠵᠢᠯ ᠤᠨ ᠳᠣᠲᠣᠷ᠎ᠠ ᠡᠭᠦᠳᠡᠨ ᠪᠢᠯᠧᠲ ᠤᠨ ᠦᠨ᠎ᠡ ᠶᠢ ᠴᠥᠮ 50% ᠪᠠᠷ ᠬᠠᠰᠤᠵᠤ ᠬᠡᠯᠲᠦᠷᠢᠭᠦᠯᠦᠨ᠎ᠡ᠃ ᠬᠠᠰᠤᠵᠤ ᠬᠡᠯᠲᠦᠷᠢᠭᠦᠯᠦᠭᠰᠡᠨ ᠬᠡᠰᠡᠭ ᠢ ᠡᠯ᠎ᠡ | ᠱᠠᠲᠤᠨ ᠤ ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ ᠲᠣᠭᠲᠠᠭᠠᠨ᠎ᠠ︶︔ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠦᠨ᠎ᠡ ᠶᠢ | ᠬᠡᠷᠡᠭᠵᠢᠭᠦᠯᠵᠦ ᠪᠠᠶᠢᠭ᠎ᠠ A ᠳᠡᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠭᠦᠳᠡᠨ ᠪᠢᠯᠧᠲ ᠤᠨ ᠬᠠᠷᠠᠭᠠᠯᠵᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠬᠦ ᠶᠢ ᠵᠤᠷᠢᠨᠨᠵᠢᠭᠤᠯᠬᠤ ᠶᠢᠨ ᠬᠠᠮᠲᠤ ᠠᠳᠠᠯᠢ ᠲᠡᠭᠰᠢ ᠪᠠᠷ ᠨᠦᠬᠦᠪᠦᠷᠢ ᠣᠯᠭᠤᠮᠵᠢ ᠭᠦᠷᠳᠡᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 4.ᠠᠶᠠᠨᠴᠢᠯᠠᠯ ᠤᠨ ᠭᠠᠵᠠᠷ ᠠᠴᠠ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠢ ᠵᠢᠭᠤᠯᠴᠢᠯᠠᠬᠤ ᠦᠵᠡᠮᠵᠢ ᠶᠢᠨ ᠣᠷᠣᠨ ᠤ ᠡᠭᠦᠳᠡᠨ ᠪᠢᠯᠧᠲ ᠠᠴᠠ | ᠪᠦᠬᠦᠨ ᠢ ᠬᠡᠯᠲᠦᠷᠢᠭᠦᠯᠵᠦ᠂ ᠬᠡᠯᠲᠦᠷᠢᠭᠦᠯᠦᠭᠰᠡᠨ ᠬᠡᠰᠡᠭ ᠢ ᠡᠯ᠎ᠡ ᠱᠠᠲᠤᠨ ᠤ ᠡᠳ᠋ ᠤᠨ ᠵᠠᠰᠠᠭ ᠠᠴᠠ ᠨᠦᠭᠦᠪᠦᠷᠢᠯᠡᠨ᠎ᠠ ︵ᠪᠣᠳᠠᠲᠠᠶ ᠠᠷᠭ᠎ᠠ ᠶᠢ ᠠᠰ ᠲᠤ ᠨᠢ | ᠲᠣᠭᠲᠠᠭᠠᠨ᠎ᠠ︶᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | ︵ᠶᠢᠰᠦ︶ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠬᠥᠭᠵᠢᠭᠡᠨ᠎ᠡ᠃ | 1. ᠪᠦᠬᠦ ᠣᠷᠣᠨ ᠤ ᠰᠤᠳᠤᠯᠵᠦ ᠰᠤᠷᠤᠯᠴᠠᠬᠤ ᠦᠢᠯᠡᠳᠦᠯᠭᠡ ᠶᠢᠨ ᠵᠦᠭᠯᠡᠭᠦᠷ ᠢ ᠲᠣᠭᠲᠠᠭᠠᠵᠤ᠂ ᠰᠤᠳᠤᠯᠵᠦ ᠰᠤᠷᠤᠯᠴᠠᠬᠤ ᠶᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠭᠤᠤᠯᠳᠠᠯᠭ᠎ᠠ ᠲᠠᠢ ᠵᠢᠭᠤᠯᠴᠢᠯᠠᠬᠤ ᠦᠵᠡᠮᠵᠢ ᠶᠢᠨ ᠣᠷᠣᠨ ᠳᠤ | ᠰᠤᠳᠤᠯᠵᠦ ᠰᠤᠷᠤᠯᠴᠠᠬᠤ ᠰᠠᠭᠤᠷᠢᠨ ᠭᠠᠵᠠᠷ ᠡᠭᠦᠳᠦᠨ ᠪᠠᠶᠢᠭᠤᠯᠬᠤ ᠶᠢ ᠲᠡᠳᠭᠦᠵᠦ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2. ᠴᠠᠯᠢᠩ ᠲᠠᠢ ᠠᠮᠠᠷᠠᠬᠤ ᠳᠦᠷᠢᠮ ᠢ ᠨᠠᠶᠢᠳᠠᠪᠤᠷᠢᠵᠢᠭᠤᠯᠵᠤ᠂ ᠺᠠᠳ᠋ᠷ ᠠᠵᠢᠯᠳᠠᠳ ᠤᠨ ᠴᠠᠭ ᠬᠤᠭᠤᠴᠠᠭ᠎ᠠ ᠬᠤᠪᠢᠶᠠᠨ ᠠᠮᠠᠷᠠᠬᠤ᠂ ᠠᠵᠢᠯ ᠤᠨ ᠰᠤᠯᠠ | ᠰᠠᠯᠠᠭᠦᠥ ᠴᠠᠭ ᠲᠤ ᠠᠮᠠᠷᠠᠬᠤ ᠶᠢ ᠵᠣᠷᠢᠭᠵᠢᠭᠤᠯᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠠᠢ ᠤᠶᠠᠯᠳᠤᠭᠤᠯᠤᠨ ᠵᠢᠭᠤᠯᠴᠢᠯᠠᠬᠤ | ᠠᠮᠠᠷᠠᠯᠲᠠ ᠶᠢᠨ ᠴᠢᠯᠦᠭᠡ ᠪᠠᠨ ᠲᠣᠬᠢᠷᠠᠭᠤᠯᠬᠤ ᠶᠢ ᠰᠠᠨᠠᠭᠠᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠪᠣᠯᠤᠨ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠨᠢ ᠵᠤᠨ ᠤ ᠤᠯᠠᠷᠢᠯ ᠤᠨ ᠠᠵᠢᠯᠯᠠᠵᠤ ᠠᠮᠠᠷᠠᠬᠤ ᠴᠠᠭ ᠢ ᠬᠠᠤᠯᠢ ᠶᠣᠰᠣᠭᠠᠷ ᠰᠢᠯᠢᠳᠡᠭᠵᠢᠭᠦᠯᠦᠨ ᠲᠣᠬᠢᠷᠠᠭᠤᠯᠬᠤ ᠶᠢ ᠵᠣᠷᠢᠭᠵᠢᠭᠤᠯᠵᠤ᠂ | ᠠᠵᠢᠯᠳᠠᠳ ᠤᠨ ᠭᠠᠷᠠᠭ ᠤᠨ ᠰᠡᠭᠦᠯᠴᠢ ᠭᠠᠳᠠᠭᠰᠢ ᠭᠠᠷᠴᠤ ᠵᠢᠭᠤᠯᠴᠢᠯᠠᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | 3. ᠡᠯ᠎ᠡ ᠲᠥᠷᠥᠯ ᠤᠨ ᠬᠤᠲᠠ ᠶᠢᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠦᠯᠬᠦ ᠶᠢ ᠵᠣᠷᠢᠭᠵᠢᠭᠤᠯᠤᠨ ᠳᠠᠮᠵᠢᠨ᠎ᠠ᠃ ᠬᠤᠲᠠ ᠶᠢᠨ | ᠪᠦᠲᠦᠭᠡᠨ ᠪᠠᠶᠢᠭᠤᠯᠤᠨᠨᠰᠠᠨ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠲᠤ ᠳᠡᠮᠵᠢᠯᠭᠡ ᠦᠵᠡᠭᠦᠯᠵᠦ᠂ ᠬᠤᠲᠠ ᠶᠢᠨ ᠣᠨᠴᠠᠯᠢᠭᠲᠤ ᠵᠢᠭᠤᠯᠴᠢᠯᠠᠯ ᠤᠨ ᠵᠡᠭᠡᠯᠢ | ᠲᠣᠭᠤᠷᠢᠭ ᠤᠨ ᠰᠥᠨᠢ ᠶᠢᠨ ᠵᠤᠭᠠᠴᠠᠨ ᠲᠣᠭᠤᠷᠢᠬᠤ᠂ ᠢᠳᠡᠭᠡᠨ ᠤᠮᠳᠠᠭᠠᠨ᠂ ᠲᠠᠸᠠᠷ ᠬᠤᠳᠠᠯᠳᠤᠵᠦ ᠠᠪᠬᠤ᠂ ᠤᠷᠠᠨ ᠲᠣᠭᠯᠠᠯᠲᠠ ᠵᠡᠷᠭᠡ ᠦᠢᠯᠡᠴᠢᠯᠡᠭᠡᠨ ᠢ | ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠲᠠᠪᠤ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ | ︵ᠠᠷᠪᠠ︶ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | 1. ᠲᠥᠪ ᠤᠨ ᠲᠧᠯᠸᠢᠰ᠂ ᠥᠪᠥᠷ ᠮᠣᠩᠭᠤᠯ ᠤᠨ ᠣᠳᠣᠨ ᠲᠧᠯᠸᠢᠰ ᠪᠣᠯᠤᠨ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ ᠭᠤᠤᠯ ᠪᠣᠯᠬᠤ | ᠬᠤᠲᠠ ᠳᠤ ᠵᠢᠭᠤᠯᠴᠢᠯᠠᠯ ᠤᠨ ᠳᠦᠷᠢ ᠲᠥᠷᠬᠦ ᠶᠢᠨ ᠵᠠᠷ ᠮᠡᠳᠡᠭᠡ ᠲᠠᠯᠪᠢᠬᠤ ᠶᠢ ᠳᠠᠮᠵᠢᠨ᠎ᠠ᠃ ︽ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ︾ ᠢᠶᠠᠷ ᠭᠤᠣᠯ ᠰᠡᠳᠦᠪ ᠪᠣᠯᠭᠠᠵᠤ᠂ ᠠᠳᠠᠯᠢ ᠪᠤᠰᠤ ᠤᠯᠠᠷᠢᠯ᠂ ᠠᠳᠠᠯᠢ ᠪᠤᠰᠤ ᠤᠬᠠᠭᠤᠯᠭ᠎ᠠ ᠶᠢᠨ ᠭᠤᠤᠯ ᠰᠡᠳᠦᠪ ᠢᠶᠠᠷ᠂ ᠥᠪᠥᠷ ᠮᠣᠩᠭᠤᠯ ᠤᠨ | ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠵᠠᠷ ᠮᠡᠳᠡᠭᠡ ᠶᠢ ᠲᠥᠷᠥᠯ ᠬᠤᠪᠢᠶᠠᠨ ᠲᠦᠰᠦᠪᠯᠡᠵᠦ ᠲᠠᠯᠪᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶ | 2. ᠢᠨᠲ᠋ᠧᠷ ᠰᠦᠯᠵᠢᠶ᠎ᠡ ᠰᠢᠨ᠎ᠡ ᠵᠠᠭᠤᠴᠢᠯᠠᠭᠤᠷ ᠢ ᠠᠰᠢᠨᠨᠯᠠᠵᠦ ᠰᠠᠶᠢᠳᠤᠷ ᠤᠬᠠᠭᠤᠯᠤᠨ᠎ᠠ᠃ ᠲᠤᠰᠬᠠᠶ ᠮᠡᠷᠭᠡᠵᠢᠯ ᠤᠨ ᠪᠦᠯᠬᠦᠮ ᠳᠤ ᠨᠠᠶᠢᠳᠠᠵᠤ ᠰᠡᠭᠦᠳᠡᠷᠯᠡᠭᠦᠯᠬᠦ | ᠂ ᠵᠢᠭᠤᠯᠴᠢᠯᠠᠯ ᠤᠨ ᠤᠷ᠎ᠠ ᠠᠪᠢᠶᠠᠰᠤᠲᠡᠨ ︵ᠰᠦᠯᠵᠢᠶᠡᠨ ᠴᠤᠤᠲᠠᠨ︶ ᠢ ᠤᠷᠢᠵᠤ ᠰᠡᠭᠦᠳᠡᠷᠯᠡᠭᠦᠯᠬᠦ᠂ ᠨᠡᠶᠢᠭᠡᠮ ᠤᠨ ᠣᠯᠠᠨ ᠨᠡᠶᠢᠲᠡ ᠶᠢ ᠵᠣᠷᠢᠭᠵᠢᠭᠤᠯᠤᠨ | ᠰᠡᠭᠦᠳᠡᠷᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠤᠭᠠᠴᠠᠯ ᠤᠨ ᠲᠡᠮᠳᠡᠭᠯᠡᠯ᠂ ᠵᠢᠷᠤᠭ᠂ ᠣᠬᠤᠷ | ᠸᠢᠳᠢᠣ᠋ ᠶᠢ ᠡᠯᠰᠡᠨ ᠴᠤᠭᠯᠠᠭᠤᠯᠵᠤ᠂ ᠸᠢᠴᠠᠲ᠂ ᠪᠢᠴᠢᠯ ᠪᠥᠷᠬᠡ᠂ ᠲᠢᠭ᠋ ᠲᠤᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠪᠯᠡᠷᠡᠭᠦᠯᠵᠦ ᠤᠬᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶ | 3. ᠲᠤᠰᠬᠠᠶ ᠵᠦᠢᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ | ᠨᠡᠷᠡᠲᠦ ᠵᠢᠭᠤᠯᠴᠢᠯᠠᠯ ᠤᠨ ᠬᠤᠳᠠᠯᠳᠤᠭᠠᠴᠢᠨ᠂ ᠨᠦᠯᠦᠬᠡ ᠶᠡᠬᠡᠳᠡᠢ ᠲᠤᠰᠬᠠᠶ ᠮᠡᠷᠭᠡᠵᠢᠯᠲᠡᠨ᠂ ᠵᠢᠭᠤᠯᠴᠢᠯᠠᠯ ᠤᠨ ᠤᠷ᠎ᠠ ᠠᠪᠢᠶᠠᠰᠤᠲᠡᠨ ᠵᠡᠷᠭᠡ ᠶᠢ ᠥᠪᠥᠷ ᠮᠣᠩᠭᠤᠯ ᠳᠤ | ᠢᠷᠡᠵᠦ ᠪᠠᠶᠢᠳᠠᠯ ᠢ ᠣᠶᠢᠯᠠᠭᠠᠵᠤ ᠪᠣᠷᠣ ᠮᠠᠲ᠋ᠧᠷᠢᠶᠠᠯ ᠴᠤᠭᠯᠠᠭᠤᠯᠬᠤ ᠪᠠᠷ ᠤᠷᠢᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠰᠣᠨᠢᠷᠬᠠᠭᠤᠯᠬᠤ ᠬᠦᠴᠦᠨ ᠢ | ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠠᠶᠠᠨᠴᠢᠳ ᠤᠨ ᠢᠷᠡᠯᠲᠡ ᠶᠢᠨ ᠭᠤᠤᠯ ᠭᠠᠵᠠᠷ ᠪᠣᠯᠬᠤ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠬᠤᠲᠠ ᠳᠤ ᠬᠦᠷᠴᠦ ᠲᠤᠰᠬᠠᠢ ᠰᠡᠳᠦᠪᠲᠦ ᠵᠢᠭᠤᠯᠴᠢᠯᠠᠯ ᠤᠨ ᠡᠵᠡᠩᠨᠡᠨ ᠪᠣᠷᠣᠯᠠᠭᠤᠯᠤᠯᠲᠠ | ᠬᠢᠬᠦ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ᠎ᠠ︶ |