9 ᠰᠠᠷ᠎ᠠ ᠶᠢᠨ 18 ᠤ ᠡᠳᠦᠷ᠂ ᠤᠯᠤᠰ ᠤᠨ ᠨᠡᠭᠦᠷᠡᠰᠦᠨ ᠠᠭᠤᠷᠬᠠᠶ ᠶᠢᠨ ᠠᠶᠤᠯᠭᠦᠢ ᠶᠢᠨ ᠬᠢᠨᠠᠯᠳᠠ | ᠬᠠᠮᠢᠶᠠᠷᠤᠯᠳᠠ ᠶᠢᠨ ᠲᠣᠪᠴᠢᠶᠠᠨ ᠤ ᠨᠡᠭᠦᠷᠡᠰᠦᠨ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠢ ᠶᠡᠷᠦᠩᠬᠡᠶᠢᠯᠡᠨ | ᠱᠠᠯᠠᠪᠳᠠᠭᠤᠯᠤᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ᠂ ᠤᠯᠤᠰ ᠤᠨ | ᠨᠡᠭᠦᠷᠡᠰᠦᠨ ᠠᠭᠤᠷᠬᠠᠶ ᠶᠢᠨ ᠠᠶᠤᠯᠭᠦᠶ ᠶᠢᠨ ᠬᠢᠨᠠᠯᠳᠠ ᠬᠠᠮᠢᠶᠠᠷᠤᠯᠳᠠ ᠶᠢᠨ ᠲᠣᠪᠴᠢᠶᠠᠨ ᠤ ᠳᠠᠷᠤᠭ᠎ᠠ ᠬᠤᠸᠠᠩ ᠢᠦᠶ | ᡁᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ | ᡁᠢ ᠴᠢᠶᠠᠩ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠥᠪᠥᠷ ᠮᠣᠩᠭᠤᠯ ᠳᠤ ᠨᠡᠭᠦᠷᠡᠰᠦᠨ ᠠᠭᠤᠷᠬᠠᠢ ᠶᠢᠨ | ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾ ᠶᠢ ᠢᠳᠡᠪᠬᠢᠲᠡᠢ | ᠠᠬᠢᠭᠤᠯᠵᠤ᠂ ᠭᠠᠢ ᠭᠠᠮᠰᠢᠭ ᠬᠦᠨᠳᠦ ᠨᠤᠴᠢᠳᠠᠢ ᠪᠠᠶᠢᠭ᠎ᠠ ᠪᠠ ᠬᠤᠴᠣᠷᠤᠩᠭᠤᠶ ᠨᠡᠭᠦᠷᠡᠰᠦᠨ ᠠᠭᠤᠷᠬᠠᠶ ᠶᠢ | ᠰᠢᠭᠰᠢᠭᠳᠡᠭᠦᠯᠵᠦ᠂ ᠬᠦᠨᠳᠦ ᠶᠡᠭᠡ ᠭᠠᠮᠰᠢᠭ ᠢ ᠤᠷᠢᠳᠴᠢᠯᠠᠨ ᠵᠠᠰᠠᠵᠤ᠂ ᠬᠠᠤᠯᠢ ᠪᠤᠰᠤ ᠠᠵᠢᠯᠯᠠᠭ᠎ᠠ ᠳᠤ ᠴᠤᠬᠢᠯᠳᠠ | ᠦᠭᠴᠤ ᠲᠤᠭᠳᠠᠭᠠᠯ ᠠᠴᠠ ᠵᠦᠷᠢᠴᠡᠭᠰᠡᠨ ᠢ ᠵᠠᠰᠠᠬᠤ ᠪᠠᠷ ᠬᠢᠨᠠᠨ ᠬᠠᠮᠢᠶᠠᠷᠬᠤ ᠶᠢ ᠠᠬᠢᠭᠤᠯᠵᠤ ᠪᠠᠶᠢᠭ᠎ᠠ ᠵᠡᠷᠭᠡ ᠠᠷᠭ᠎ᠠ | ᠬᠡᠮᠵᠢᠶ᠎ᠡ ᠶᠢ ᠭᠦᠢᠴᠡᠳ ᠨᠤᠲᠠᠯᠠᠪᠠ᠃ ᠬᠤᠸᠠᠩ ᠢᠦᠶ ᡁᠢ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ | ᠬᠦᠨᠳᠦ ᠶᠡᠭᠡ ᠠᠰᠠᠭᠤᠳᠠᠯ ᠪᠣᠯᠤᠨ ᠲᠦᠭᠰᠢᠭᠦᠷᠢ ᠶᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠨᠡᠭᠦᠷᠡᠰᠦᠨ | ᠠᠭᠤᠷᠬᠠᠶ ᠶᠢᠨ ᠬᠦᠨᠳᠦ ᠶᠡᠭᠡ ᠭᠠᠮᠰᠢᠭ ᠢ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠭᠦᠷᠡᠰᠦᠨ ᠠᠭᠤᠷᠬᠠᠶ | ᠶᠢᠨ ᠠᠶᠤᠯᠭᠦᠶ ᠶᠢᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠠᠢ︔ ᠱᠠᠯᠠᠪᠳᠠᠭᠤᠯᠤᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠨᠡᠭᠦᠷᠡᠰᠦᠨ ᠠᠭᠤᠷᠬᠠᠢ ᠶᠢᠨ ᠠᠵᠤ | ᠠᠬᠤᠶᠢᠯᠠᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠡᠯ᠎ᠡ ᠱᠠᠳᠤ ᠳᠠᠪᠬᠤᠷᠭ᠎ᠠ ᠶᠢᠨ ᠨᠡᠭᠦᠷᠡᠰᠦᠨ ᠠᠭᠤᠷᠬᠠᠶ ᠶᠢᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠶ ᠨᠠᠷᠢᠯᠢᠭ | ᠠᠳᠬᠤᠵᠤ᠂ ᠥᠪᠥᠷ ᠮᠣᠩᠭᠤᠯ ᠤᠨ ᠨᠡᠭᠦᠷᠡᠰᠦᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠲᠠᠰᠤᠷᠠᠯᠲᠠ ᠥᠬᠡᠶ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ | ᠬᠤᠸᠠᠩ ᡁᠢ ᠴᠢᠶᠠᠩ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ | ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ | ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠨᠢᠭᠡ ᠭᠠᠵᠠᠷ ᠣᠷᠣᠨ ᠤ ᠬᠥᠭᠵᠢᠯᠲᠡ ᠶᠢ | ᠠᠬᠢᠭᠤᠯᠬᠤ ᠳᠤ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ | ᠶᠢ ᠡᠷᠡᠰ ᠡᠭᠦᠷᠭᠡᠯᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠨᠡᠭᠦᠷᠡᠰᠦᠨ ᠠᠭᠤᠷᠬᠠᠶ ᠶᠢᠨ ᠠᠶᠤᠯᠭᠦᠢ ᠶᠢᠨ | ᠲᠤᠰᠬᠠᠶ ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ | ᠬᠢᠵᠦ᠂ ᠨᠡᠭᠦᠷᠡᠰᠦᠨ ᠠᠭᠤᠷᠬᠠᠶ ᠶᠢᠨ ᠠᠶᠤᠯᠭᠦᠢ ᠶᠢᠨ ᠴᠡᠭᠴᠡᠯᠡᠨ ᠵᠠᠰᠠᠯᠳᠠ ᠶᠢᠨ ᠰᠢᠰᠲ᠋ᠧᠮ ᠪᠣᠯᠤᠨ ᠵᠠᠰᠠᠯᠳᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠪᠥᠬᠦ ᠣᠷᠣᠨ ᠤ ᠨᠡᠭᠦᠷᠡᠰᠦᠨ ᠤ ᠠᠶᠤᠯᠭᠦᠢ ᠦᠢᠯᠡᠳᠪᠦᠷᠢᠯᠡᠯ | ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ |