ᠡᠷᠢᠶᠡᠨ ᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠨᠢ ᠳᠡᠮᠵᠢᠬᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠤᠳᠠᠲᠠᠶᠢᠵᠢᠭᠤᠯᠬᠤ ᠳᠤ ᠳᠡᠮᠵᠢᠯᠭᠡ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/9/21

     ᠨᠢᠭᠡ ᠳᠤ ᠡᠷᠢᠶᠡᠨ ᠬᠤᠲᠠ ᠶᠢᠨ ᠬᠢᠵᠠᠭᠠᠷ ᠳᠣᠲᠣᠷ᠎ᠠ ᠳᠠᠩᠰᠠᠯᠠᠭᠤᠯᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠬᠤ ᠶᠢ ᠨᠢ ᠵᠣᠷᠢᠭᠵᠢᠭᠤᠯᠵᠤ᠂ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠪᠥᠭᠡᠳ 1 ᠵᠢᠯ ᠠᠴᠠ ᠳᠡᠭᠡᠭᠰᠢ ᠬᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠥᠮᠦᠨ ᠪᠦᠷᠢ 2000 ᠲᠥᠭᠦᠷᠢᠭ ᠢᠶᠠᠷ ᠠᠵᠤ ᠠᠬᠤᠶᠢᠯᠠᠯ ᠳᠤ ᠠᠵᠢᠯ ᠣᠯᠭᠤᠯᠲᠠ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠪᠠ᠂ ᠣᠳᠣᠬᠠᠨ ᠳᠤ ᠡᠷᠢᠶᠡᠨ ᠬᠤᠲᠠ ᠠᠴᠠ ᠭᠤᠷᠪᠠᠨ ᠠᠵᠤ ᠠᠬᠤᠶᠢᠯᠠᠯ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠭᠤᠷᠪᠠᠨ ᠰᠤᠷᠤᠭᠴᠢ ᠳᠤ ᠠᠵᠢᠯ ᠣᠯᠭᠤᠯᠲᠠ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠥᠷᠢ 6000 ᠲᠥᠭᠦᠷᠢᠭ ᠣᠯᠭᠤᠪᠠ᠃
     ᠬᠤᠶᠠᠷ ᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠢ ᠠᠵᠢᠯ ᠣᠯᠭᠤᠯᠲᠠ ᠶᠢᠨ ᠦᠢᠯᠡᠴᠢᠯᠡᠭᠡ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠠᠪᠴᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠰᠠᠶᠢᠲᠤᠷ ᠡᠷᠬᠢᠯᠡᠪᠡ᠃ ᠰᠤᠷᠭᠠᠭᠤᠯᠢ ᠠᠴᠠ ᠰᠠᠯᠤᠭᠠᠳ ᠠᠵᠢᠯ ᠣᠯᠤᠭᠠᠳᠤᠢ ᠮᠣᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠦᠨᠡᠨ ᠨᠡᠷ᠎ᠡ ᠶᠢᠨ ᠳᠦᠷᠢᠮᠲᠦ ᠬᠥᠳᠡᠯᠦᠩᠭᠦᠶ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ︽ᠨᠢᠭᠡᠳ ᠨᠢᠭᠡ ᠪᠠᠷ ᠳᠠᠭᠠᠭᠠᠨ ᠠᠪᠬᠤ︾ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠥᠨᠥ ᠪᠣᠯᠬᠤ ᠳᠤ ᠨᠢᠭᠡᠨᠲᠡ 85 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠵᠢᠯᠲᠠ ᠲᠠᠢ ᠪᠠᠷ ᠠᠵᠢᠯ ᠣᠯᠪᠠ᠃
     ᠭᠤᠷᠪᠠ ᠳᠤ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠪᠣᠯᠤᠨ ᠳᠠᠳᠤᠯᠭ᠎ᠠ ᠪᠣᠯᠪᠠᠰᠤᠷᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠨᠳᠤᠯᠭᠠᠲᠤ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣᠬᠠᠨ ᠳᠤ 35 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠪᠡ᠃ ᠡᠭᠦᠨ ᠤ ᠬᠠᠮᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠨᠢ ᠵᠣᠷᠢᠭᠵᠢᠭᠤᠯᠤᠨ ᠳᠠᠮᠵᠢᠵᠤ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠠ ᠠᠳᠠᠯ ᠦᠢᠯᠡᠰ ᠴᠣᠭᠴᠠᠯᠠᠯᠲᠠ ᠶᠢᠨ ᠨᠡᠪᠴᠢᠭᠦᠯᠬᠦ ᠰᠠᠭᠤᠷᠢᠨ ᠭᠠᠵᠠᠷ ᠲᠤ ᠣᠷᠣᠵᠤ ᠰᠠᠭᠤᠬᠤ ᠶᠢ ᠡᠩ ᠲᠡᠷᠢᠭᠦᠨ ᠳᠤ ᠲᠣᠬᠢᠷᠠᠭᠤᠯᠵᠤ᠂ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠣᠯᠭᠤᠬᠤ ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ  ᠬᠦᠷᠲᠡᠭᠡᠬᠦ ᠶᠢᠨ ᠬᠠᠮᠲᠤ ᠮᠣᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠨᠢᠭᠡ ᠯᠡ ᠤᠳᠠᠭ᠎ᠠ ᠶᠢᠨ ᠬᠠᠮᠤᠭ ᠤᠨ ᠥᠨᠳᠥᠷ ᠬᠢᠵᠠᠭᠠᠷ ᠢ 30 ᠲᠦᠮᠡᠨ ᠲᠦᠬᠦᠷᠢᠭ ᠪᠣᠯᠭᠠᠨ ᠳᠡᠭᠡᠭᠰᠢᠯᠡᠭᠦᠯᠵᠦ᠂ ᠬᠠᠮᠢᠶ᠎ᠠ ᠪᠦᠬᠦᠢ ᠳᠡᠮ ᠬᠦᠤ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠡᠢ᠃
     ᠳᠥᠷᠪᠡ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠶᠢ ᠳᠡᠮᠵᠢᠬᠦ ᠠᠵᠢᠯ ᠢ ᠴᠢᠩᠭᠠᠳᠬᠠᠵᠤ᠂ ᠲᠡᠭᠦᠰᠬᠦ ᠣᠨ ᠳᠤ ᠠᠵᠢᠯ ᠣᠯᠬᠤ ᠬᠦᠰᠡᠯ ᠲᠠᠢ ᠪᠥᠭᠡᠳ ᠢᠳᠡᠪᠬᠢᠲᠡᠶ ᠪᠠᠷ ᠠᠵᠢᠯ ᠡᠷᠢᠵᠦ ᠠᠳᠠᠯ ᠦᠢᠯᠡᠰ ᠴᠣᠭᠴᠠᠯᠠᠭᠰᠠᠨ  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ ᠪᠦᠯᠢ ᠪᠣᠯᠤᠨ ᠣᠨᠴᠠ ᠬᠦᠴᠢᠷᠳᠡᠯᠲᠡᠶ ᠬᠥᠮᠦᠰ ᠤᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭᠴᠦᠳ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠤᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠥᠮᠦᠨ ᠪᠦᠷᠢ ᠳᠤ 1500 ᠲᠥᠭᠦᠷᠢᠭ ᠤᠨ ᠠᠵᠢᠯ ᠡᠷᠢᠬᠦ ᠨᠥᠬᠦᠪᠥᠷᠢ ᠥᠭᠴᠦ᠂ ᠣᠳᠣᠬᠠᠨ ᠳᠤ 46 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠡᠷᠢᠬᠦ ᠨᠥᠬᠦᠪᠥᠷᠢ ᠶᠢ 69000 ᠲᠥᠭᠦᠷᠢᠭ ᠣᠯᠭᠤᠵᠠᠢ᠃
     ᠲᠠᠪᠤ ᠳᠤ ᠠᠵᠢᠯ ᠣᠯᠭᠤᠯᠲᠠ ᠶᠢᠨ ᠳᠠᠳᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠰᠤᠷᠭᠠᠭᠤᠯᠢ ᠠᠴᠠ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠠᠳᠤᠯᠭ᠎ᠠ ᠬᠢᠬᠦ ᠬᠤᠭᠤᠴᠠᠭ᠎ᠠ ᠶᠢ 12 ᠰᠠᠷ᠎ᠠ ᠪᠣᠯᠭᠠᠨ ᠤᠷᠲᠤᠳᠬᠠᠵᠤ᠂ ᠣᠳᠣᠬᠠᠨ ᠳᠤ ᠨᠢᠭᠡᠨᠲᠡ 16 ᠰᠣᠷᠣᠭᠴᠢ ᠳᠤ ᠠᠵᠢᠯ ᠤᠯᠬᠤ ᠳᠠᠳᠤᠯᠭ᠎ᠠ ᠶᠢᠨ ᠨᠥᠬᠦᠪᠥᠷᠢ ᠶᠢ 147840 ᠲᠥᠭᠦᠷᠢᠭ ᠣᠯᠭᠤᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠨᠢ ᠳᠠᠮᠵᠢᠵᠤ᠂ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠲᠠ ᠬᠥᠳᠡᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠤᠭᠰᠠᠨ ᠤ ᠳᠠᠷᠠᠭ᠎ᠠ 1 ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠥᠬᠦᠪᠥᠷᠢ ᠣᠯᠭᠤᠵᠠᠢ᠃
     ᠵᠢᠷᠭᠤᠭ᠎ᠠ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠨᠢ ᠴᠢᠷᠮᠠᠶᠢᠨ ᠰᠢᠯᠢᠳᠡᠭᠵᠢᠭᠦᠯᠵᠦ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠠᠵᠤ ᠠᠬᠤᠶᠢᠯᠠᠯ ᠡᠷᠬᠢᠯᠡᠭᠰᠡᠨ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠡᠳᠦᠷ ᠠᠴᠠ ᠨᠢ ᠡᠬᠢᠯᠡᠨ ᠬᠡᠪ ᠤᠨ ᠶᠣᠰᠣᠭᠠᠷ 1 ᠵᠢᠯ ᠠᠴᠠ ᠳᠡᠭᠡᠭᠰᠢ ᠡᠵᠡᠩᠨᠡᠭᠰᠡᠨ ᠰᠤᠷᠭᠠᠭᠤᠯᠢ ᠠᠴᠠ ᠪᠠᠨ ᠰᠠᠯᠤᠭᠠᠳ 2 ᠵᠢᠯ ᠪᠣᠯᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 5000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠠᠢ᠃  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ