|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2020/9/21
|
|
9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ᠂ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠵᠡᠷᠭᠡ ᠵᠦᠢᠯ ᠢ ᠰᠤᠳᠤᠯᠵᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠳᠤ ᠲᠤᠬᠢᠷᠠᠭᠤᠯᠤᠯᠳᠠ ᠬᠢᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠬᠤ ᠪᠤᠯ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠬᠦ ᠠᠵᠢᠯ ᠢ ᠰᠠᠶᠢᠲᠤᠷ ᠬᠢᠬᠦ ᠶᠢᠨ ᠵᠠᠶᠢᠯᠠᠰᠢ ᠦᠭᠡᠢ ᠠᠷᠭ᠎ᠠ ᠬᠡᠮᠵᠢᠶ᠎ᠡ ᠮᠥᠨ᠂ ᠪᠠᠰᠠ ᠴᠦ ᠳᠤᠮᠳᠠᠳᠤ ᠪᠠᠭ᠎ᠠ ᠰᠤᠷᠭᠠᠭᠤᠯᠢ᠂ ᠥᠷᠭᠡᠨ ᠤᠯᠠᠨ ᠪᠠᠭᠰᠢ ᠪᠣᠯᠤᠨ ᠰᠤᠷᠤᠭᠴᠢ ᠶᠢᠨ ᠭᠡᠷ ᠤᠨ ᠠᠬᠠᠮᠠᠳ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠳᠠ ᠥᠭᠴᠦ ᠪᠠᠶᠢᠭ᠎ᠠ ᠶᠠᠪᠤᠳᠠᠯ ᠮᠥᠨ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠱᠠᠯᠠᠪᠳᠠᠨ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠵᠦ᠂ ᠪᠣᠳᠠᠲᠠᠶ ᠠᠵᠢᠯ ᠤᠨ ᠲᠥᠰᠦᠯ ᠢ ᠳᠠᠷᠦ᠋ᠢᠬᠠᠨ ᠲᠣᠭᠲᠠᠭᠠᠵᠤ᠂ ᠠᠯᠬᠤᠮ ᠳᠠᠷᠠᠭ᠎ᠠ ᠲᠠᠢ ᠲᠥᠯᠥᠪᠯᠡᠭᠡ ᠲᠠᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠬᠦ ᠠᠵᠢᠯ ᠢ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠳᠠᠢ ᠭᠡᠵᠤ ᠵᠢᠭᠠᠵᠤ ᠭᠠᠷᠭᠠᠪᠠ᠃ ᠬᠤᠷᠠᠯ ᠠᠴᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠲᠦᠷᠢᠮ ᠤᠨ ᠲᠣᠬᠢᠷᠠᠭᠤᠯᠤᠯᠲᠠ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠦᠨᠡᠨ ᠬᠦ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠲᠠᠰᠤᠷᠬᠠᠢ ᠪᠤᠳᠠᠷᠬᠠᠢ ᠪᠠᠶᠢᠬᠤ᠂ ᠬᠢᠨᠠᠯᠲᠠ ᠬᠠᠮᠢᠶᠠᠷᠤᠯᠲᠠ ᠲᠡᠭᠦᠯᠳᠡᠷᠵᠢᠭᠡᠳᠦᠶ ᠪᠠᠶᠢᠬᠤ᠂ ᠥᠭᠡᠷᠡᠴᠢᠯᠡᠯᠲᠡ ᠵᠤᠬᠢᠴᠠᠩᠭᠤᠢ ᠪᠤᠰᠤ ᠪᠠᠶᠢᠬᠤ ᠵᠡᠷᠭᠡ ᠠᠰᠠᠭᠤᠳᠠᠯ ᠢ ᠨᠢᠭᠡᠳᠦᠯᠲᠡᠶ ᠲᠦᠯᠦᠪᠵᠢᠭᠦᠯᠦᠨ ᠰᠠᠶᠢᠲᠤᠷ ᠰᠢᠢᠳᠪᠦᠷᠢᠯᠡᠵᠤ᠂ ᠡᠮ ᠡᠮᠨᠡᠯᠭᠡ ᠶᠢᠨ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠭᠡ ᠶᠢᠨ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠤᠯᠭᠤᠬᠤ ᠬᠡᠷᠡᠭᠳᠠᠢ ᠭᠡᠵᠤ ᠵᠢᠭᠠᠵᠤ ᠭᠠᠷᠭᠠᠪᠠ᠃ ᠬᠤᠷᠠᠯ ᠠᠴᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠳᠠ ᠬᠢᠬᠦ ᠶᠢ ᠲᠦᠷᠭᠡᠳᠭᠡᠬᠦ ᠪᠤᠯ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠬᠤ ᠵᠠᠶᠢᠯᠠᠰᠢ ᠦᠭᠡᠶ ᠱᠠᠭᠠᠷᠳᠠᠯᠭ᠎ᠠ ᠪᠤᠯᠤᠨ᠎ᠠ᠂ ᠪᠠᠰᠠ ᠴᠦ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠶ ᠬᠥᠭᠵᠢᠯᠲᠡ ᠶᠢ ᠠᠬᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠲᠤᠯᠭᠠᠮ ᠡᠭᠦᠷᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠠᠵᠢᠯ ᠳᠤ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|