ᠨᠢᠭᠡ ᠳᠤ ᠡᠷᠢᠶᠡᠨ ᠬᠤᠲᠠ ᠶᠢᠨ ᠬᠢᠵᠠᠭᠠᠷ ᠳᠣᠲᠣᠷ᠎ᠠ ᠳᠠᠩᠰᠠᠯᠠᠭᠤᠯᠤᠭᠰᠠᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠬᠤ ᠶᠢ ᠨᠢ ᠵᠣᠷᠢᠭᠵᠢᠭᠤᠯᠵᠤ᠂ ᠲᠡᠭᠦᠰᠬᠦ | ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠪᠥᠭᠡᠳ 1 ᠵᠢᠯ ᠠᠴᠠ ᠳᠡᠭᠡᠭᠰᠢ | ᠬᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠥᠮᠦᠨ ᠪᠦᠷᠢ 2000 ᠲᠥᠭᠦᠷᠢᠭ ᠢᠶᠠᠷ ᠠᠵᠤ ᠠᠬᠤᠶᠢᠯᠠᠯ ᠳᠤ | ᠠᠵᠢᠯ ᠣᠯᠭᠤᠯᠲᠠ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠪᠠ᠂ ᠣᠳᠣᠬᠠᠨ ᠳᠤ ᠡᠷᠢᠶᠡᠨ | ᠬᠤᠲᠠ ᠠᠴᠠ ᠭᠤᠷᠪᠠᠨ ᠠᠵᠤ ᠠᠬᠤᠶᠢᠯᠠᠯ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠭᠤᠷᠪᠠᠨ ᠰᠤᠷᠤᠭᠴᠢ ᠳᠤ | ᠠᠵᠢᠯ ᠣᠯᠭᠤᠯᠲᠠ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠥᠷᠢ 6000 ᠲᠥᠭᠦᠷᠢᠭ ᠣᠯᠭᠤᠪᠠ᠃ | ᠬᠤᠶᠠᠷ ᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠢ ᠠᠵᠢᠯ ᠣᠯᠭᠤᠯᠲᠠ ᠶᠢᠨ | ᠦᠢᠯᠡᠴᠢᠯᠡᠭᠡ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠠᠪᠴᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ | ᠣᠯᠠᠨ ᠠᠷᠭ᠎ᠠ ᠵᠠᠮ ᠢᠶᠠᠷ ᠴᠤᠭᠯᠠᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ | ᠰᠠᠶᠢᠲᠤᠷ ᠡᠷᠬᠢᠯᠡᠪᠡ᠃ ᠰᠤᠷᠭᠠᠭᠤᠯᠢ ᠠᠴᠠ ᠰᠠᠯᠤᠭᠠᠳ ᠠᠵᠢᠯ ᠣᠯᠤᠭᠠᠳᠤᠢ ᠮᠣᠩᠭᠤᠯ ᠬᠡᠯᠡ ᠪᠠᠷ ᠬᠢᠴᠢᠶᠡᠯᠯᠡᠭᠰᠡᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠦᠨᠡᠨ ᠨᠡᠷ᠎ᠡ ᠶᠢᠨ ᠳᠦᠷᠢᠮᠲᠦ ᠬᠥᠳᠡᠯᠦᠩᠭᠦᠶ ᠮᠡᠳᠡᠭᠡ ᠵᠠᠩᠭᠢ ᠶᠢᠨ | ᠰᠢᠰᠲ᠋ᠧᠮ ᠳᠤ ᠣᠷᠣᠭᠤᠯᠵᠤ᠂ ︽ᠨᠢᠭᠡᠳ ᠨᠢᠭᠡ ᠪᠠᠷ ᠳᠠᠭᠠᠭᠠᠨ ᠠᠪᠬᠤ︾ ᠠᠵᠢᠯ ᠣᠯᠭᠤᠯᠲᠠ ᠶᠢᠨ ᠬᠠᠪᠰᠤᠷᠤᠨ | ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠥᠨᠥ ᠪᠣᠯᠬᠤ ᠳᠤ ᠨᠢᠭᠡᠨᠲᠡ 85 ᠨᠡᠷᠡᠰ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠠᠮᠵᠢᠯᠲᠠ ᠲᠠᠢ ᠪᠠᠷ ᠠᠵᠢᠯ ᠣᠯᠪᠠ᠃ | ᠭᠤᠷᠪᠠ ᠳᠤ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ | ᠣᠯᠠᠨ ᠳᠡᠰ ᠳᠠᠪᠬᠤᠷᠭ᠎ᠠ᠂ ᠣᠯᠠᠨ ᠡᠰᠢᠵᠢᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠪᠣᠯᠤᠨ ᠳᠠᠳᠤᠯᠭ᠎ᠠ | ᠪᠣᠯᠪᠠᠰᠤᠷᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠨᠳᠤᠯᠭᠠᠲᠤ ᠴᠢᠨᠠᠷᠲᠠᠶ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣᠬᠠᠨ ᠳᠤ 35 ᠨᠡᠷᠡᠰ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠪᠡ᠃ ᠡᠭᠦᠨ ᠤ | ᠬᠠᠮᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠨᠢ | ᠵᠣᠷᠢᠭᠵᠢᠭᠤᠯᠤᠨ ᠳᠠᠮᠵᠢᠵᠤ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠠ ᠠᠳᠠᠯ ᠦᠢᠯᠡᠰ ᠴᠣᠭᠴᠠᠯᠠᠯᠲᠠ ᠶᠢᠨ | ᠨᠡᠪᠴᠢᠭᠦᠯᠬᠦ ᠰᠠᠭᠤᠷᠢᠨ ᠭᠠᠵᠠᠷ ᠲᠤ ᠣᠷᠣᠵᠤ ᠰᠠᠭᠤᠬᠤ ᠶᠢ ᠡᠩ ᠲᠡᠷᠢᠭᠦᠨ ᠳᠤ ᠲᠣᠬᠢᠷᠠᠭᠤᠯᠵᠤ᠂ ᠭᠡᠷ ᠤᠨ | ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠣᠯᠭᠤᠬᠤ | ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠬᠦᠷᠲᠡᠭᠡᠬᠦ ᠶᠢᠨ ᠬᠠᠮᠲᠤ ᠮᠣᠩᠭᠤᠯ | ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠶᠢᠨ ᠨᠢᠭᠡ ᠯᠡ ᠤᠳᠠᠭ᠎ᠠ ᠶᠢᠨ ᠬᠠᠮᠤᠭ ᠤᠨ ᠥᠨᠳᠥᠷ ᠬᠢᠵᠠᠭᠠᠷ ᠢ 30 ᠲᠦᠮᠡᠨ ᠲᠦᠬᠦᠷᠢᠭ | ᠪᠣᠯᠭᠠᠨ ᠳᠡᠭᠡᠭᠰᠢᠯᠡᠭᠦᠯᠵᠦ᠂ ᠬᠠᠮᠢᠶ᠎ᠠ ᠪᠦᠬᠦᠢ ᠳᠡᠮ ᠬᠦᠤ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠵᠡᠢ᠃ | ᠳᠥᠷᠪᠡ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠶᠢ ᠳᠡᠮᠵᠢᠬᠦ ᠠᠵᠢᠯ ᠢ | ᠴᠢᠩᠭᠠᠳᠬᠠᠵᠤ᠂ ᠲᠡᠭᠦᠰᠬᠦ ᠣᠨ ᠳᠤ ᠠᠵᠢᠯ ᠣᠯᠬᠤ ᠬᠦᠰᠡᠯ ᠲᠠᠢ ᠪᠥᠭᠡᠳ ᠢᠳᠡᠪᠬᠢᠲᠡᠶ ᠪᠠᠷ ᠠᠵᠢᠯ ᠡᠷᠢᠵᠦ ᠠᠳᠠᠯ | ᠦᠢᠯᠡᠰ ᠴᠣᠭᠴᠠᠯᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ | ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ | ᠪᠦᠯᠢ ᠪᠣᠯᠤᠨ ᠣᠨᠴᠠ ᠬᠦᠴᠢᠷᠳᠡᠯᠲᠡᠶ ᠬᠥᠮᠦᠰ ᠤᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠵᠡᠮᠳᠡᠭᠴᠦᠳ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠤᠭᠰᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠬᠥᠮᠦᠨ ᠪᠦᠷᠢ ᠳᠤ 1500 ᠲᠥᠭᠦᠷᠢᠭ ᠤᠨ ᠠᠵᠢᠯ ᠡᠷᠢᠬᠦ ᠨᠥᠬᠦᠪᠥᠷᠢ ᠥᠭᠴᠦ᠂ | ᠣᠳᠣᠬᠠᠨ ᠳᠤ 46 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠡᠷᠢᠬᠦ ᠨᠥᠬᠦᠪᠥᠷᠢ ᠶᠢ | 69000 ᠲᠥᠭᠦᠷᠢᠭ ᠣᠯᠭᠤᠵᠠᠢ᠃ | ᠲᠠᠪᠤ ᠳᠤ ᠠᠵᠢᠯ ᠣᠯᠭᠤᠯᠲᠠ ᠶᠢᠨ ᠳᠠᠳᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠰᠤᠷᠭᠠᠭᠤᠯᠢ ᠠᠴᠠ | ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠳᠠᠳᠤᠯᠭ᠎ᠠ ᠬᠢᠬᠦ ᠬᠤᠭᠤᠴᠠᠭ᠎ᠠ ᠶᠢ 12 ᠰᠠᠷ᠎ᠠ ᠪᠣᠯᠭᠠᠨ ᠤᠷᠲᠤᠳᠬᠠᠵᠤ᠂ ᠣᠳᠣᠬᠠᠨ ᠳᠤ ᠨᠢᠭᠡᠨᠲᠡ 16 | ᠰᠣᠷᠣᠭᠴᠢ ᠳᠤ ᠠᠵᠢᠯ ᠤᠯᠬᠤ ᠳᠠᠳᠤᠯᠭ᠎ᠠ ᠶᠢᠨ ᠨᠥᠬᠦᠪᠥᠷᠢ ᠶᠢ 147840 ᠲᠥᠭᠦᠷᠢᠭ ᠣᠯᠭᠤᠪᠠ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠨᠢ | ᠳᠠᠮᠵᠢᠵᠤ᠂ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠲᠠ | ᠬᠥᠳᠡᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠰᠤᠷᠭᠠᠭᠤᠯᠢ ᠠᠴᠠ ᠪᠠᠨ ᠰᠠᠯᠤᠭᠠᠳ | 2 ᠵᠢᠯ ᠤᠨ ᠳᠣᠲᠣᠷ᠎ᠠ ᠠᠵᠢᠯ ᠣᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ | ᠣᠯᠤᠭᠰᠠᠨ ᠤ ᠳᠠᠷᠠᠭ᠎ᠠ 1 ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠪᠠᠯ᠂ | ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠥᠬᠦᠪᠥᠷᠢ ᠣᠯᠭᠤᠵᠠᠢ᠃ | ᠵᠢᠷᠭᠤᠭ᠎ᠠ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠣᠷᠴᠢᠨ ᠨᠥᠬᠦᠴᠡᠯ ᠢ ᠨᠢ ᠴᠢᠷᠮᠠᠶᠢᠨ ᠰᠢᠯᠢᠳᠡᠭᠵᠢᠭᠦᠯᠵᠦ᠂ ᠠᠩᠬ᠎ᠠ ᠤᠳᠠᠭ᠎ᠠ ᠵᠢᠵᠢᠭ ᠪᠢᠴᠢᠯ ᠠᠵᠤ | ᠠᠬᠤᠶᠢᠯᠠᠯ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠠᠵᠤ ᠠᠬᠤᠶᠢᠯᠠᠯ ᠡᠷᠬᠢᠯᠡᠭᠰᠡᠨ ᠪᠤᠶᠤ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠳᠠᠩᠰᠠᠯᠠᠭᠤᠯᠤᠭᠰᠠᠨ ᠡᠳᠦᠷ ᠠᠴᠠ ᠨᠢ ᠡᠬᠢᠯᠡᠨ ᠬᠡᠪ ᠤᠨ ᠶᠣᠰᠣᠭᠠᠷ 1 ᠵᠢᠯ ᠠᠴᠠ ᠳᠡᠭᠡᠭᠰᠢ ᠡᠵᠡᠩᠨᠡᠭᠰᠡᠨ | ᠰᠤᠷᠭᠠᠭᠤᠯᠢ ᠠᠴᠠ ᠪᠠᠨ ᠰᠠᠯᠤᠭᠠᠳ 2 ᠵᠢᠯ ᠪᠣᠯᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | 5000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠠᠢ᠃ | |