ᠮᠠᠨ ᠤ ᠣᠷᠣᠨ ᠤ ᠳᠥᠷᠪᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ︽ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/9/22
     9 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ︾ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠲᠦᠷᠦᠭᠦᠤ ᠪᠦᠯᠦᠭ ᠤᠨ ︽ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ︾ ᠵᠦᠢᠯᠡᠰ ᠨᠡᠶᠢᠲᠡ 16 ᠵᠦᠢᠯ ᠪᠠᠶᠢᠨ᠎ᠠ᠃      ᠳᠡᠭᠡᠷ᠎ᠡ ᠳᠤᠷᠠᠳᠤᠭᠰᠠᠨ ᠳᠥᠷᠪᠡᠨ ᠬᠤᠲᠠ ᠶᠢᠨ ᠠᠵᠤ ᠠᠬᠤᠶᠢᠯᠠᠯ᠂ ᠣᠯᠠᠨ ᠲᠦᠮᠡᠨ ᠭᠤᠶᠤᠴᠢᠯᠠᠬᠤ ᠮᠠᠲ᠋ᠧᠷᠢᠶᠠᠯ ᠢᠶᠠᠨ ᠠᠪᠴᠤ ᠲᠤᠬᠠᠶ ᠶᠢᠨ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠬᠦᠷᠴᠦ ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ ᠴᠣᠩᠬᠤᠪᠴᠢ ᠪᠠᠷ ᠪᠤᠰᠤᠳ ᠭᠤᠷᠪᠠᠨ ᠬᠤᠲᠠ ᠶᠢᠨ ᠬᠠᠮᠢᠶ᠎ᠠ ᠪᠦᠬᠦᠢ ᠵᠦᠢᠯᠡᠰ ᠢ ᠭᠦᠢᠴᠡᠳᠬᠡᠵᠦ ᠪᠣᠯᠤᠨ᠎ᠠ᠃ ᠣᠳᠣᠬᠠᠨ ᠳᠤ ᠭᠦᠢᠴᠡᠳᠬᠡᠵᠦ ᠪᠣᠯᠬᠤ ᠵᠦᠢᠯᠡᠰ ᠲᠤ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠᠶᠢᠭᠤᠯᠬᠤ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠥᠪᠰᠢᠶᠡᠷᠡᠯ ᠤᠨ ᠵᠦᠢᠯᠡᠰ ᠢ ᠬᠤᠪᠢᠷᠠᠭᠤᠯᠬᠤ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠦᠷᠭᠦᠯᠵᠢᠯᠡᠭᠦᠯᠬᠦ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠦᠴᠦᠨ ᠥᠬᠡᠶ ᠪᠣᠯᠭᠠᠬᠤ ᠵᠥᠪᠰᠢᠶᠡᠷᠡᠯ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠨᠥᠬᠦᠨ ᠭᠦᠢᠴᠡᠳᠬᠡᠬᠦ ᠵᠥᠪᠰᠢᠶᠡᠷᠡᠯ᠂ ᠡᠬᠡ ᠨᠢᠯᠬᠠᠰ ᠤᠨ ᠡᠷᠡᠭᠦᠯᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ᠂ ᠪᠡᠶ᠎ᠡ ᠶᠢᠨ ᠦᠨᠡᠮᠯᠡᠯ ᠭᠦᠢᠴᠡᠳᠬᠡᠬᠦ᠂ ᠠᠷᠠᠳ ᠢᠷᠭᠡᠳ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠦᠨᠡᠮᠯᠡᠯ ᠫᠠᠰᠫᠣᠷᠲ ᠭᠦᠢᠴᠡᠳᠬᠡᠬᠦ᠂ ᠠᠵᠤ ᠠᠬᠤᠶᠢᠯᠠᠯ ᠤᠨ ᠪᠠᠯᠠ ᠣᠷᠣᠭᠤᠯᠤᠭᠰᠠᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠭᠠᠳᠠᠭᠰᠢᠯᠠᠭᠤᠯᠬᠤ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ᠂ ᠡᠷᠲᠡᠨ ᠤ ᠮᠣᠳᠣ ᠨᠡᠷᠡᠲᠦ ᠮᠣᠳᠣ ᠶᠢ ᠨᠡᠭᠦᠯᠭᠡᠬᠦ ᠶᠢ ᠬᠢᠨᠠᠨ ᠵᠥᠪᠰᠢᠶᠡᠷᠡᠬᠦ᠂ ᠬᠤᠲᠠ ᠶᠢᠨ ᠨᠣᠭᠤᠭᠠᠷᠠᠭᠤᠯᠤᠯᠲᠠ ᠶᠢᠨ ᠭᠠᠵᠠᠷ ᠢ ᠲᠦᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠬᠤᠲᠠ ᠶᠢᠨ ᠮᠣᠳᠣ ᠶᠢ ᠣᠭᠲᠣᠯᠬᠤ  ᠶᠢ ᠬᠢᠨᠠᠨ ᠵᠥᠪᠰᠢᠶᠡᠷᠡᠬᠦ᠂ ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ᠂ ᠤᠰᠤ ᠠᠪᠬᠤ ᠵᠥᠪᠰᠢᠶᠡᠷᠡᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠵᠡᠷᠭᠡ ᠪᠠᠭᠲᠠᠨ᠎ᠠ᠃      ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠬᠠᠨ ᠸᠧᠨ ᠰᠢᠶᠠᠩ ᠲᠠᠨᠢᠯᠴᠠᠭᠤᠯᠬᠤ ᠳᠤ ᠪᠠᠨ᠂ ᠳᠥᠷᠪᠡᠨ ᠭᠠᠵᠠᠷ ᠤᠨ ︽ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ︾ ᠴᠣᠪᠣᠷᠠᠯ ᠪᠣᠯ ︽ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ — ᠴᠣᠩᠬᠤᠪᠴᠢ ᠪᠠᠷ ᠠᠩᠬ᠎ᠠ ᠬᠢᠨᠠᠬᠤ — ᠬᠠᠷᠢᠶ᠎ᠠ ᠭᠠᠵᠠᠷ ᠲᠤ ᠨᠢ ᠰᠢᠯᠵᠢᠭᠦᠯᠦᠨ ᠲᠤᠰᠢᠶᠠᠬᠤ — ᠬᠠᠷᠢᠶ᠎ᠠ ᠭᠠᠵᠠᠷ ᠠᠴᠠ ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠯ ᠤᠨ ᠲᠣᠭᠲᠠᠭᠠᠯ ᠭᠠᠷᠭᠠᠬᠤ — ᠭᠡᠷᠡᠴᠢ ᠭᠠᠷᠭᠠᠵᠤ ᠬᠦᠷᠭᠡᠬᠦ︾ ᠶᠠᠪᠤᠳᠠᠯ ᠪᠣᠯᠤᠨ᠎ᠠ᠂ ᠡᠨᠡ ᠨᠢ ᠰᠢᠰᠲ᠋ᠧᠮ ᠤᠨ ᠡᠮᠦᠨ᠎ᠡ ᠦᠵᠦᠭᠦᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠬᠠᠷᠢᠶ᠎ᠠ ᠭᠠᠵᠠᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠬᠠᠮᠲᠤᠷᠠᠨ ᠬᠥᠳᠡᠯᠦᠯᠴᠡᠵᠦ ᠭᠦᠢᠴᠡᠳᠬᠡᠬᠦ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠳᠥᠷᠪᠡᠨ ᠭᠠᠵᠠᠷ ᠲᠤ ᠪᠠᠶᠢᠴᠠᠭᠠᠵᠤ ᠪᠣᠯᠬᠤ᠂ ᠪᠢᠴᠢᠭ ᠮᠠᠲ᠋ᠧᠷᠢᠶᠠᠯ ᠭᠠᠷᠭᠠᠵᠤ ᠠᠪᠬᠤ ᠠᠷᠭ᠎ᠠ ᠮᠠᠶ᠋ᠢᠭ ᠢᠶᠠᠨ ᠴᠢᠯᠥᠭᠡᠲᠡᠶ ᠰᠣᠩᠭᠤᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠣᠢ ᠪᠣᠯᠭᠠᠵᠠᠢ ᠭᠡᠪᠡ᠃      ᠳᠠᠷᠠᠭ᠎ᠠ ᠠᠯᠬᠤᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠨᠢ ︽ᠬᠢᠯᠪᠠᠷ ᠠᠴᠠ ᠬᠦᠴᠢᠷ ᠲᠡᠰᠢ ᠠᠯᠬᠤᠮ ᠬᠤᠪᠢᠶᠠᠨ ᠬᠡᠷᠡᠭᠵᠢᠭᠦᠯᠬᠦ︾ ᠵᠠᠷᠴᠢᠮ ᠤᠨ ᠶᠣᠰᠣᠭᠠᠷ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠴᠢᠩᠭᠠᠳᠬᠠᠨ᠂ ᠳᠥᠷᠪᠡᠨ ᠭᠠᠵᠠᠷ ᠣᠷᠣᠨ ᠤ ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ ᠵᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠬᠠᠮᠵᠢᠯᠴᠠᠬᠤ᠂ ᠤᠶᠤᠨᠴᠢᠯᠠᠬᠤ ᠬᠢᠷᠢ ᠲᠥᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号