ᠮᠠᠨᠵᠤᠤᠷ ᠬᠤᠲᠠ 2020 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/9/24

     ᠣᠶᠢᠷ᠎ᠠ ᠳᠤ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠨᠢᠭᠡᠴᠢ ᠬᠠᠮᠲᠤᠷᠠᠨ 2020 ᠣᠨ ᠤ ᠮᠠᠨᠵᠤᠤᠷ ᠬᠤᠲᠠ ᠶᠢᠨ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠬᠡᠯᠲᠡᠰ ᠤᠨ ᠳᠠᠷᠤᠭ᠎ᠠ ᠯᠢᠩ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠤᠸᠠᠩ ᠯᠢ ᠮᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠤ ᠴᠦᠨ ᠮᠧᠶ ᠵᠢᠴᠢ ᠡᠯ᠎ᠡ ᠭᠤᠤᠯᠯᠠᠨ ᠡᠷᠭᠢᠯᠡᠭᠰᠡᠨ ᠨᠢᠭᠡᠴᠢ ᠶᠢᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠠᠵᠢᠯᠯᠠᠭ᠎ᠠ ᠶᠢᠨ ᠳᠤᠮᠳᠠ᠂ ᠯᠢᠩ ᠶᠦᠨ 2020 ᠣᠨ ᠤ ᠮᠠᠨᠵᠤᠤᠷ ᠬᠤᠲᠠ ᠶᠢᠨ ︽ᠪᠥᠬᠦ ᠤᠯᠤᠰ ᠤᠨ ᠰᠢᠨᠵᠢᠯᠡᠬᠦ  ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠠᠵᠢᠯᠯᠠᠭ᠎ᠠ ᠵᠢᠩᠬᠢᠨᠢ ᠪᠠᠷ ᠡᠬᠢᠯᠡᠬᠦ ᠶᠢ ᠨᠡᠶᠢᠲᠡᠯᠡᠪᠡ᠃ ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠢ ᠳᠤ᠂ ᠡᠯ᠎ᠡ ᠭᠤᠣᠯᠯᠠᠨ ᠡᠷᠬᠢᠯᠡᠭᠰᠡᠨ ᠨᠢᠭᠡᠴᠢ ᠶᠢᠨ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠠᠳ ᠤᠨ ᠲᠥᠯᠥᠭᠡ ᠦᠢᠯᠡᠴᠢᠯᠡᠬᠦ ᠶᠢ ᠦᠢᠯᠡᠳᠦᠯᠭᠡᠵᠢᠭᠦᠯᠬᠦ︾ ᠭᠤᠣᠯ ᠰᠡᠳᠦᠪ ᠨᠢ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠬᠦᠨ ᠤ ᠦᠵᠡᠭᠦᠯᠭᠡ᠂ ᠰᠢᠨ᠎ᠡ ᠵᠠᠭᠤᠴᠢᠯᠠᠭᠤᠷ ᠬᠠᠷᠢᠯᠴᠠᠨ ᠦᠢᠯᠡᠳᠦᠯᠴᠡᠵᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠭᠤᠯᠭ᠎ᠠ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠯᠪᠡᠭ ᠪᠠᠶᠠᠯᠢᠭ ᠦᠪᠡᠳᠡᠭᠰᠢ ᠨᠠᠶᠢᠷ ᠪᠣᠯᠵᠠᠢ᠃
     ᠣᠶᠢᠯᠠᠭᠠᠭᠰᠠᠨ ᠢᠶᠠᠷ᠂ ︽ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠠᠵᠢᠯᠯᠠᠭ᠎ᠠ ᠶᠢᠨ ᠬᠤᠭᠤᠴᠠᠭᠠᠨ ᠳᠤ ᠮᠠᠨᠵᠤᠤᠷ ᠬᠤᠲᠠ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠥᠷᠭᠡᠨ ᠢᠶᠠᠷ ᠳᠠᠶᠢᠴᠢᠯᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ᠂ ᠰᠤᠷᠭᠠᠭᠤᠯᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠯᠭ᠎ᠠ᠂ ᠰᠤᠷᠭᠠᠭᠤᠯᠢ ᠶᠢᠨ ᠬᠦᠷᠢᠶᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠣᠯᠠᠨ ᠨᠡᠶᠢᠲᠡ ᠶᠢᠨ ᠠᠮᠤᠷ ᠲᠥᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠵᠡᠷᠭᠡ ᠣᠯᠠᠨ ᠬᠡᠯᠪᠡᠷᠢ᠂ ᠥᠷᠭᠡᠨ ᠪᠦᠷᠬᠦᠴᠡ ᠪᠦᠬᠦᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠷᠢᠰ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠵᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠦᠵᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠴᠢᠬᠤᠯᠠ ᠶᠡᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠳᠤ ᠪᠠᠭ᠋ᠠᠷᠬᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠪᠠᠶᠢᠨ᠎ᠠ᠃  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ