ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠶ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠠᠶᠢᠮᠠᠭ ᠤᠨ | ᠠᠵᠢᠯ ᠣᠯᠭᠤᠬᠤ ᠰᠠᠯᠠᠭ᠎ᠠ ᠮᠥᠴᠢᠷ ᠤᠨ ᠠᠵᠢᠯ ᠠᠯᠳᠠᠯᠲᠠ ᠶᠢᠨ ᠳᠠᠭᠠᠳᠬᠠᠯ ᠢ ᠭᠠᠷᠲᠠᠨ ᠭᠦᠢᠴᠡᠳᠬᠡᠬᠦ | ᠪᠠᠶᠢᠭᠤᠯᠤᠮᠵᠢ ᠨᠢ ᠠᠵᠢᠯ ᠠᠯᠳᠠᠯᠲᠠ ᠶᠢᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠲᠥᠷᠥ ᠶᠢᠨ | ᠪᠣᠳᠣᠯᠭ᠎ᠠ ᠶᠢᠨ ᠬᠠᠮᠢᠶ᠎ᠠ ᠪᠥᠬᠦᠶ ᠠᠵᠢᠯ ᠢ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠪᠠ᠃ ᠣᠳᠣᠬᠠᠨ ᠳᠤ᠂ | ᠠᠶᠢᠮᠠᠭ ᠤᠨ ᠲᠣᠰ ᠱᠠᠲᠤ ᠨᠢ ᠲᠥᠪᠯᠡᠷᠡᠭᠦᠯᠦᠨ ᠭᠤᠶᠤᠴᠢᠯᠠᠨ ᠠᠪᠬᠤ ᠠᠵᠢᠯ ᠢ ᠲᠦᠷᠦᠭᠦᠯᠡᠨ ᠥᠷᠨᠢᠭᠦᠯᠵᠦ᠂ ᠠᠵᠢᠯ | ᠠᠯᠳᠠᠯᠲᠠ ᠶᠢᠨ ᠲᠤᠰᠠᠯᠠᠮᠵᠢ ᠶᠢᠨ ᠮᠥᠩᠭᠦ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ | ᠭᠦᠢᠴᠡᠳᠬᠡᠵᠦ ᠡᠬᠢᠯᠡᠪᠡ᠃ | ᠪᠦᠬᠦ ᠠᠶᠢᠮᠠᠭ ᠤᠨ ᠠᠵᠢᠯ ᠠᠯᠳᠠᠯᠲᠠ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠤᠭ᠎ᠠ | ᠪᠠᠷᠢᠮᠲᠠ ᠶᠢ ᠬᠠᠷᠢᠴᠠᠭᠤᠯᠬᠤ᠂ ᠱᠠᠲᠤ ᠳᠠᠷᠠᠭᠠᠯᠠᠨ ᠰᠢᠯᠢᠨ ᠰᠣᠩᠭᠤᠬᠤ᠂ ᠴᠢᠩᠭ᠎ᠠ ᠬᠢᠨᠠᠨ ᠬᠠᠷᠭᠤᠭᠤᠯᠬᠤ ᠪᠠᠷ | ᠳᠠᠮᠵᠢᠨ᠂ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠬᠦᠷᠲᠡᠬᠦ ᠨᠥᠬᠦᠴᠡᠯ ᠳᠤ ᠨᠡᠶᠢᠴᠡᠬᠦ ᠬᠥᠮᠦᠰ ᠤᠨ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠳᠤ ᠨᠡᠶᠢᠴᠡᠬᠦ ᠬᠥᠮᠥᠰ ᠢ ᠡᠷᠢᠬᠦ | ᠵᠠᠭᠪᠤᠷ ᠢ ᠨᠡᠭᠡᠭᠡᠵᠦ᠂ ᠣᠬᠤᠷ ᠮᠡᠳᠡᠭᠡ᠂ ᠳ᠋ᠢᠶᠠᠨᠬᠤᠸᠠ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠬᠦ ᠶᠣᠰᠣᠲᠠᠶ ᠬᠥᠮᠦᠰ ᠲᠠᠢ ᠨᠢᠭᠡᠳ | ᠨᠢᠭᠡ ᠪᠠᠷ ᠵᠣᠯᠭᠠᠯᠳᠤᠨ ᠨᠡᠪᠲᠡᠷᠡᠯᠴᠡᠵᠦ᠂ ᠨᠠᠷᠢᠨ ᠬᠠᠭᠤᠳᠠᠰᠤ ᠶᠢᠨ ᠬᠡᠯᠪᠡᠷᠢ ᠶᠢᠨ ᠦᠢᠯᠡᠴᠢᠯᠡᠭᠡ᠂ ᠡᠬᠡ ᠳᠠᠩᠰᠠ ᠶᠢᠨ | ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠪᠦᠬᠦᠨ ᠴᠥᠮ | ᠲᠥᠷᠥ ᠶᠢᠨ ᠪᠣᠳᠣᠯᠭ᠎ᠠ ᠶᠢ ᠮᠡᠳᠡᠵᠦ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠬᠦ ᠶᠢ ᠠᠯᠢ ᠴᠢᠳᠠᠬᠤ ᠪᠠᠷ | ᠪᠠᠲᠤᠯᠠᠵᠤ᠂ ᠳᠠᠭᠠᠳᠬᠠᠯ ᠳᠤ ᠣᠷᠣᠯᠴᠠᠪᠠᠰᠤ ᠵᠣᠬᠢᠬᠤ ᠶᠢ ᠨᠢ ᠪᠦᠬᠦᠨ ᠢ ᠣᠷᠣᠯᠴᠠᠭᠤᠯᠵᠤ᠂ ᠣᠯᠭᠤᠪᠠᠰᠤ | ᠵᠣᠬᠢᠬᠤ ᠶᠢ ᠨᠢ ᠪᠦᠬᠦᠨ ᠢ ᠣᠯᠭᠤᠪᠠ᠃ | |