ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠠᠵᠢᠯ ᠠᠯᠳᠠᠯᠲᠠ ᠶᠢᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2020/9/25

     ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠶ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠠᠶᠢᠮᠠᠭ ᠤᠨ ᠠᠵᠢᠯ ᠣᠯᠭᠤᠬᠤ ᠰᠠᠯᠠᠭ᠎ᠠ ᠮᠥᠴᠢᠷ ᠤᠨ ᠠᠵᠢᠯ ᠠᠯᠳᠠᠯᠲᠠ ᠶᠢᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠠᠵᠢᠯ ᠠᠯᠳᠠᠯᠲᠠ ᠶᠢᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠠᠵᠢᠯ ᠢ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠪᠠ᠃ ᠣᠳᠣᠬᠠᠨ ᠳᠤ᠂ ᠠᠶᠢᠮᠠᠭ ᠤᠨ ᠲᠣᠰ ᠱᠠᠲᠤ ᠨᠢ ᠲᠥᠪᠯᠡᠷᠡᠭᠦᠯᠦᠨ ᠭᠤᠶᠤᠴᠢᠯᠠᠨ ᠠᠪᠬᠤ ᠠᠵᠢᠯ ᠢ ᠲᠦᠷᠦᠭᠦᠯᠡᠨ ᠥᠷᠨᠢᠭᠦᠯᠵᠦ᠂ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠭᠦᠢᠴᠡᠳᠬᠡᠵᠦ ᠡᠬᠢᠯᠡᠪᠡ᠃
     ᠪᠦᠬᠦ ᠠᠶᠢᠮᠠᠭ ᠤᠨ ᠠᠵᠢᠯ ᠠᠯᠳᠠᠯᠲᠠ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠤᠭ᠎ᠠ ᠪᠠᠷᠢᠮᠲᠠ ᠶᠢ ᠬᠠᠷᠢᠴᠠᠭᠤᠯᠬᠤ᠂ ᠱᠠᠲᠤ ᠳᠠᠷᠠᠭᠠᠯᠠᠨ ᠰᠢᠯᠢᠨ ᠰᠣᠩᠭᠤᠬᠤ᠂ ᠴᠢᠩᠭ᠎ᠠ ᠬᠢᠨᠠᠨ ᠬᠠᠷᠭᠤᠭᠤᠯᠬᠤ ᠪᠠᠷ ᠳᠠᠮᠵᠢᠨ᠂ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠬᠦᠷᠲᠡᠬᠦ ᠨᠥᠬᠦᠴᠡᠯ ᠳᠤ ᠨᠡᠶᠢᠴᠡᠬᠦ ᠬᠥᠮᠦᠰ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠳᠤ ᠨᠡᠶᠢᠴᠡᠬᠦ ᠬᠥᠮᠥᠰ ᠢ ᠡᠷᠢᠬᠦ ᠵᠠᠭᠪᠤᠷ ᠢ ᠨᠡᠭᠡᠭᠡᠵᠦ᠂ ᠣᠬᠤᠷ ᠮᠡᠳᠡᠭᠡ᠂ ᠳ᠋ᠢᠶᠠᠨᠬᠤᠸᠠ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠬᠦ ᠶᠣᠰᠣᠲᠠᠶ ᠬᠥᠮᠦᠰ ᠲᠠᠢ ᠨᠢᠭᠡᠳ ᠨᠢᠭᠡ ᠪᠠᠷ ᠵᠣᠯᠭᠠᠯᠳᠤᠨ ᠨᠡᠪᠲᠡᠷᠡᠯᠴᠡᠵᠦ᠂ ᠨᠠᠷᠢᠨ ᠬᠠᠭᠤᠳᠠᠰᠤ ᠶᠢᠨ ᠬᠡᠯᠪᠡᠷᠢ ᠶᠢᠨ ᠦᠢᠯᠡᠴᠢᠯᠡᠭᠡ᠂ ᠡᠬᠡ ᠳᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠪᠦᠬᠦᠨ ᠴᠥᠮ ᠲᠥᠷᠥ ᠶᠢᠨ ᠪᠣᠳᠣᠯᠭ᠎ᠠ ᠶᠢ ᠮᠡᠳᠡᠵᠦ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠬᠦ ᠶᠢ ᠠᠯᠢ ᠴᠢᠳᠠᠬᠤ ᠪᠠᠷ ᠪᠠᠲᠤᠯᠠᠵᠤ᠂ ᠳᠠᠭᠠᠳᠬᠠᠯ ᠳᠤ ᠣᠷᠣᠯᠴᠠᠪᠠᠰᠤ ᠵᠣᠬᠢᠬᠤ ᠶᠢ ᠨᠢ ᠪᠦᠬᠦᠨ ᠢ ᠣᠷᠣᠯᠴᠠᠭᠤᠯᠵᠤ᠂ ᠣᠯᠭᠤᠪᠠᠰᠤ ᠵᠣᠬᠢᠬᠤ ᠶᠢ ᠨᠢ ᠪᠦᠬᠦᠨ ᠢ ᠣᠯᠭᠤᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ