9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠤᠯᠠᠭᠠᠨᠴᠠᠪ ᠬᠤᠲᠠ ᠶᠢᠨ ᠱᠠᠩᠳᠤ ᠰᠢᠶᠠᠨ ᠳᠤ ᠭᠦᠨᠵᠡᠭᠡᠶᠢᠷᠡᠨ ᠴᠠᠭᠠᠨᠨᠠᠭᠤᠷ ᠤᠨ ᠠᠮᠢ ᠠᠬᠤᠶ ᠶᠢᠨ ᠵᠠᠰᠠᠯᠲᠠ ᠶᠢᠨ | ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠥ᠂ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠂ ᠡᠯ᠎ᠡ ᠭᠠᠵᠠᠷ ᠤᠨ ᠬᠢᠨ ᠤ ᠨᠢᠭᠡ ᠠᠴᠠ ᠵᠦᠢᠴᠢᠯᠡᠨ ᠨᠦᠬᠦᠬᠡ ᠶᠢ | ᠮᠡᠳᠡᠵᠥ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠠᠬᠢᠭᠤᠯᠵᠤ᠂ ᠮᠠᠨ ᠤ ᠤᠯᠤᠰ | ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠤᠯᠭᠠᠨ | ᠴᠣᠭᠴᠠᠯᠠᠬᠤ ᠪᠠᠷ ᠴᠢᠷᠮᠠᠶᠢᠬᠤ ᠬᠡᠷᠡᠭᠳᠡᠢ ᠬᠡᠵᠥ ᠴᠢᠬᠤᠯᠠᠴᠢᠯᠠᠪᠠ᠃ | | | | | | | | | | ᠴᠠᠭᠠᠨᠨᠠᠭᠤᠷ ᠪᠣᠯ ᠮᠠᠨ ᠤ ᠣᠷᠣᠨ ᠤ ᠤᠯᠠᠭᠠᠨᠴᠠᠪ ᠬᠤᠲᠠ ᠬᠢᠭᠡᠳ ᠾᠧᠪᠧᠶ ᠮᠤᠵᠢ ᠶᠢᠨ ᠴᠢᠭᠤᠯᠤᠯᠲᠤ | ᠬᠠᠭᠠᠯᠭ᠎ᠠ ᠬᠤᠲᠠ ᠶᠢᠨ ᠵᠠᠭᠠᠭ ᠤᠨ ᠨᠠᠭᠤᠷ ᠪᠣᠯᠤᠨ᠎ᠠ᠂ ᠡᠷᠬᠢᠨ ᠲᠣᠭᠤᠷᠢᠨ ᠳᠤ ᠨᠢ 10 ᠲᠦᠮᠡᠨ ᠮᠥ ᠶᠢᠨ | ᠪᠠᠶᠢᠭᠠᠯᠢᠯᠢᠭ ᠪᠡᠯᠴᠢᠭᠡᠷ ᠲᠠᠢ ᠪᠠᠶᠢᠵᠥ᠂ ᠪᠡᠭᠡᠵᠢᠩ ᠲᠢᠶᠠᠨᠵᠢᠨ ᠾᠧᠪᠧᠢ ᠣᠷᠣᠨ ᠤ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠪᠣᠯᠤᠨ᠎ᠠ᠃ ᠱᠢ ᠲᠠᠢ ᠹᠧᠩ ᠴᠠᠭᠠᠨᠨᠠᠭᠤᠷ ᠤᠨ ᠠᠮᠢ ᠠᠬᠤᠢ ᠶᠢᠨ ᠵᠠᠰᠠᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠯ᠎ᠠ᠂ ᠲᠡᠷᠡ ᠶᠠᠭᠤᠨ ᠤ ᠡᠮᠦᠨ᠎ᠠ ᠱᠠᠩᠳᠤ ᠰᠢᠶᠠᠨ ᠳᠤ | ᠪᠠᠶᠢᠷᠢᠯᠠᠭ᠎ᠠ ᠴᠠᠭᠠᠨᠨᠠᠭᠤᠷ ᠤᠨ ᠨᠤᠭᠤ ᠭᠠᠵᠠᠷ ᠲᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠲᠤᠨᠳᠠᠰᠤᠨ ᠤ ᠬᠡᠮᠵᠢᠶ᠎ᠡ᠂ ᠤᠰᠤᠨ ᠣᠷᠣᠨ ᠤ ᠲᠠᠯᠠᠪᠠᠢ ᠶᠢᠨ ᠬᠤᠪᠢᠷᠠᠯᠲᠠ ᠵᠡᠷᠭᠡ | ᠪᠠᠶᠢᠳᠠᠯ ᠢ ᠨᠠᠷᠢᠨ ᠯᠠᠪᠯᠠᠨ ᠠᠰᠠᠭᠤᠵᠤ᠂ ᠵᠠᠰᠠᠵᠤ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠴᠠᠭᠠᠨᠨᠠᠭᠤᠷ ᠤᠨ ᠠᠮᠢ ᠠᠬᠤᠶ ᠮᠠᠭᠤᠳᠠᠭᠰᠠᠨ ᠪᠠᠶᠢᠳᠠᠯ ᠢ | ᠬᠤᠪᠢᠷᠠᠭᠤᠯᠤᠨ ᠰᠠᠶᠢᠵᠢᠷᠠᠭᠤᠯᠬᠤ ᠳᠤ᠂ ᠡᠩ ᠲᠡᠷᠢᠭᠦᠨ ᠳᠤ ᠡᠨᠡ ᠬᠦ ᠣᠷᠣᠨ ᠪᠦᠰᠡ ᠶᠢᠨ ᠬᠠᠮᠠᠭᠠᠯᠠᠯᠲᠠ ᠶᠢ ᠦᠨᠡᠨ | ᠬᠦ ᠴᠢᠩᠭᠠᠳᠬᠠᠵᠤ᠂ ᠵᠣᠷᠢᠭᠤᠳᠠ ᠶᠢᠨ ᠬᠦᠴᠦᠨ ᠵᠦᠢᠯ ᠤᠨ ᠬᠠᠷᠰᠢᠯᠠᠯ ᠪᠠ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠳᠡᠢ᠂ ᠡᠭᠦᠨ ᠤ ᠬᠠᠮᠳᠤ ᠪᠠᠶᠢᠳᠠᠯ ᠳᠤᠨᠢ ᠲᠣᠬᠢᠷᠠᠭᠤᠯᠤᠨ ᠡᠮ ᠥᠭᠴᠦ ᠡᠯ᠎ᠡ ᠵᠦᠢᠯ | ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠬᠡᠷᠡᠭᠲᠡᠶ᠃ ᠠᠮᠢ ᠠᠬᠤᠢ ᠶᠢᠨ ᠰᠠᠶᠢᠵᠢᠷᠠᠯᠲᠠ ᠶᠢ ᠠᠬᠢᠭᠤᠯᠬᠤ | ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢ ᠪᠦᠲᠦᠮᠵᠢᠲᠡᠢ ᠤᠶᠠᠯᠳᠤᠭᠤᠯᠵᠤ᠂ ᠤᠯᠠᠨ | ᠲᠦᠮᠡᠨ ᠢ ᠲᠠᠶᠢᠴᠢᠯᠠᠨ ᠵᠠᠰᠠᠵᠤ ᠬᠠᠮᠠᠭᠠᠯᠠᠬᠤ ᠠᠵᠢᠯ ᠢ ᠢᠳᠡᠪᠬᠢᠳᠠᠢ ᠳᠡᠮᠵᠢᠨ ᠣᠷᠣᠯᠴᠠᠭᠤᠯᠬᠤ ᠬᠡᠷᠡᠭᠲᠡᠢ ᠬᠡᠵᠥ | ᠵᠢᠭᠠᠵᠥ ᠭᠠᠷᠭᠠᠪᠠ᠃ | | | | | ᠱᠢ ᠲᠠᠢ ᠹᠧᠩ ᠪᠠᠰᠠ ᠤᠷᠢᠳ ᠬᠤᠵᠢᠳ ᠴᠠᠭᠠᠨᠨᠠᠭᠤᠷ ᠤᠨ ᠤᠢᠢᠷ᠎ᠠ ᠬᠠᠪᠢ ᠳᠤ ᠪᠠᠶᠢᠭ᠎ᠠ ᠪᠠᠢ ᠬᠤᠢ ᠱᠧᠩ | ᠰᠢᠬᠢᠷ ᠤᠨ ᠦᠢᠯᠡᠰ ᠤᠨ ᠺᠤᠮᠫᠠᠨᠢ᠂ ᠵᠦᠩ ᠳ᠋ᠢ ᠰᠦ ᠶᠢᠨ ᠦᠢᠯᠡᠰ ᠤᠨ ᠺᠤᠮᠫᠠᠨᠢ᠂ ᠾᠧᠩ ᠺᠧ ᠲᠧ ᠲᠤᠤ ᠰᠢᠨ᠎ᠠ | ᠮᠠᠲ᠋ᠧᠷᠢᠶᠠᠯ ᠤᠨ ᠺᠤᠮᠫᠠᠨᠢ᠂ ᠯᠠᠨ ᠸᠧᠢ ᠰᠧ ᠳ᠋ᠦᠨ ᠲᠦᠮᠦᠰᠦ ᠶᠢᠨ ᠦᠢᠯᠡᠰ ᠤᠨ ᠺᠤᠮᠫᠠᠨᠢ ᠳᠤ ᠬᠦᠷᠴᠤ᠂ ᠠᠵᠤ | ᠠᠬᠤᠢᠢᠯᠠᠯ ᠤᠨ ᠦᠢᠯᠡᠳᠪᠦᠷᠢᠯᠡᠯ ᠤᠨ ᠤᠰᠤᠨ ᠤ ᠬᠡᠷᠡᠭᠯᠡᠯᠳᠡ᠂ ᠮᠠᠯ ᠲᠡᠵᠢᠭᠡᠪᠦᠷᠢ ᠶᠢᠨ ᠢᠯᠭᠠᠳᠠᠰᠤ ᠶᠢ | ᠰᠢᠢᠳᠪᠦᠷᠢᠯᠡᠵᠤ ᠪᠠᠶᠢᠭ᠎ᠠ ᠪᠠᠶᠢᠳᠠᠯ ᠵᠢᠴᠢ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠨᠠᠷᠢᠨ ᠤᠢᠢᠯᠠᠭᠠᠪᠠ᠃ | ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠱᠢ ᠲᠠᠢ ᠹᠧᠩ ᠬᠤᠷᠠᠯ ᠬᠤᠷᠠᠯᠳᠤᠭᠤᠯᠵᠤ᠂ | ᠤᠯᠠᠭᠠᠨᠴᠠᠪ ᠬᠤᠳᠠ ᠪᠤᠯᠤᠨ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ | ᠤᠰᠤᠨ ᠠᠰᠢᠡᠡᠯᠠᠯᠳᠠ ᠶᠢᠨ ᠲᠢᠩᠭᠢᠮ᠂ ᠠᠮᠢ ᠠᠬᠤᠢ ᠤᠷᠴᠢᠨ ᠲᠤᠭᠤᠷᠢᠨ ᠤ ᠲᠢᠩᠭᠢᠮ᠂ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠷᠢᠭᠤᠴᠠᠯᠭᠠᠳᠠᠨ ᠨᠦᠭᠦᠳ ᠤᠨ ᠴᠠᠭᠠᠨᠨᠠᠭᠤᠷ | ᠤᠨ ᠠᠮᠢ ᠠᠬᠤᠢ ᠶᠢᠨ ᠵᠠᠰᠠᠯᠳᠠ ᠬᠠᠮᠠᠭᠠᠯᠠᠯᠳᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠤ᠂ | ᠤᠯᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠵᠠᠰᠠᠬᠤ ᠠᠷᠭ᠎ᠠ ᠪᠠᠷᠢᠯ ᠢ ᠰᠤᠳᠤᠯᠵᠤ᠂ ᠵᠠᠰᠠᠬᠤ ᠠᠵᠢᠯ ᠢ | ᠪᠠᠶᠢᠷᠢᠯᠠᠭᠤᠯᠪᠠ᠃ ᠱᠢ ᠲᠠᠢ ᠹᠧᠩ᠂ ᠴᠠᠭᠠᠨᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠪᠠᠶᠢᠳᠠᠯ ᠨᠢ ᠪᠡᠭᠡᠵᠢᠩ | ᠲᠢᠶᠠᠨᠵᠢᠨ ᠾᠧᠪᠸᠢ ᠤᠷᠤᠨ ᠤ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠭᠳᠠᠵᠤ᠂ ᠡᠯ᠎ᠠ ᠱᠠᠳᠤᠨ ᠤ ᠡᠯ᠎ᠠ | ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠷᠢᠭᠤᠴᠠᠯᠭᠠᠳᠤ ᠰᠡᠳᠭᠢᠯᠭᠡ ᠪᠠ ᠲᠤᠯᠭᠠᠮ ᠪᠤᠳᠤᠯ ᠢᠶᠠᠨ ᠦᠨᠡᠨ ᠬᠦ | ᠴᠢᠩᠭᠠᠳᠬᠠᠵᠤ᠂ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ︽ᠭᠤᠷᠪᠠᠨ | ᠨᠠᠭᠤᠷ︾ ᠤᠨ ᠠᠮᠢ ᠠᠬᠤᠢ ᠶᠢᠨ ᠵᠠᠰᠠᠯᠳᠠ ᠶᠢ ᠠᠳᠬᠤᠭᠰᠠᠨ ᠲᠠᠢ ᠠᠳᠠᠯᠢ ᠪᠠᠷ ᠴᠠᠭᠠᠨᠨᠠᠭᠤᠷ ᠤᠨ ᠵᠠᠰᠠᠯᠳᠠ | ᠬᠠᠮᠠᠭᠠᠯᠠᠯᠳᠠ ᠶᠢ ᠯᠠᠪᠳᠠᠭᠤᠨ ᠬᠦᠴᠦᠳᠠᠢ ᠰᠠᠶᠢᠳᠤᠷ ᠠᠳᠬᠤᠬᠤ ᠬᠡᠷᠡᠭᠳᠠᠢ ᠭᠡᠵᠤ ᠴᠢᠬᠤᠯᠠᠴᠢᠯᠠᠵᠠᠢ᠃ ᠲᠡᠷᠡ᠂ | ᠴᠠᠭᠠᠨᠨᠠᠭᠤᠷ ᠤᠨ ᠠᠮᠢ ᠠᠬᠤᠢ ᠶᠢᠨ ᠵᠠᠰᠠᠯᠳᠠ ᠬᠠᠮᠠᠭᠠᠯᠠᠯᠳᠠ ᠪᠤᠯ ᠨᠢᠭᠡᠨ ᠪᠤᠳᠤᠯᠢᠶᠠᠨᠳᠠᠢ ᠰᠢᠰᠲ᠋ᠧᠮᠳᠤ ᠢᠨᠵᠧᠨᠧᠷᠢᠩ | ᠮᠦᠨ᠂ ᠪᠦᠬᠦ᠋ᠢᠯᠡ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠪᠠᠶᠢᠳᠠᠯ ᠢ ᠪᠦᠬᠦ ᠲᠠᠯ᠎ᠠ ᠪᠠᠷ | ᠲᠦᠢᠯᠪᠤᠷᠢᠳᠠᠢ ᠲᠤᠳᠤᠷᠬᠠᠢ ᠤᠢᠢᠯᠠᠭᠠᠨ᠂ ᠠᠰᠠᠭᠤᠳᠠᠯ ᠤᠨ ᠦᠨᠳᠦᠰᠦ ᠪᠤᠯᠤᠨ ᠵᠠᠰᠠᠯᠳᠠ ᠶᠢᠨ ᠠᠵᠢᠯ ᠤᠨ | ᠬᠦᠴᠦᠯᠡᠬᠦ ᠴᠡᠭ ᠢ ᠤᠯᠠᠮ ᠨᠢᠭᠡ ᠠᠯᠬᠤᠮ ᠵᠦᠪ ᠤᠨᠤᠪᠴᠢᠳᠠᠢ ᠤᠯᠵᠤ᠂ ᠶᠡᠷᠦᠩᠬᠡᠶᠢᠯᠡᠨ ᠵᠠᠰᠠᠬᠤ ᠲᠦᠰᠦᠯ ᠢ | ᠰᠤᠳᠤᠯᠤᠨ ᠲᠤᠭᠳᠠᠭᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠤᠨ᠂ ᠤᠨᠤᠴᠠᠳᠠᠢ ᠪᠠᠷ | ᠬᠦᠴᠦᠯᠡᠵᠤ᠂ ᠤᠳᠠᠭᠠᠨ ᠳᠠᠭᠠᠭᠠᠮᠠᠭᠠᠢ ᠪᠠᠷ ᠵᠢᠳᠭᠦᠨ᠂ ᠵᠠᠰᠠᠯᠳᠠ ᠶᠢᠨ ᠠᠵᠢᠯ ᠪᠤᠳᠠᠳᠠᠢ ᠦᠷ᠎ᠠ ᠪᠦᠲᠦᠮᠵᠢ | ᠤᠯᠬᠤ ᠶᠢ ᠪᠠᠳᠤᠯᠠᠬᠤ ᠬᠡᠷᠡᠭᠳᠠᠢ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ | ᠳᠦᠷᠢᠮ ᠢ ᠰᠠᠶᠢᠳᠤᠷ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠬᠢᠨᠠᠯᠳᠠ ᠬᠠᠮᠢᠶᠠᠷᠤᠯᠳᠠ ᠪᠤᠯᠤᠨ ᠬᠦᠳᠡᠯᠦᠩᠭᠦᠢ | ᠪᠠᠷ ᠬᠢᠨᠠᠨ ᠡᠵᠡᠮᠳᠡᠬᠦ ᠶᠢ ᠴᠢᠩᠭᠠᠳᠬᠠᠨ᠂ ᠨᠡᠩ ᠶᠡᠭᠡ ᠬᠦᠴᠦ ᠤᠷᠤᠭᠤᠯᠤᠨ ᠭᠠᠵᠠᠷ ᠳᠤᠤᠷᠠᠬᠢ ᠤᠰᠤ ᠶᠢ ᠬᠡᠳᠦᠷᠬᠡᠢ | ᠠᠰᠢᠡᠡᠯᠠᠭᠰᠠᠨ ᠤᠷᠤᠨ ᠤ ᠵᠠᠰᠠᠯᠳᠠ ᠶᠢ ᠠᠬᠢᠭᠤᠯᠬᠤ ᠬᠡᠷᠡᠭᠳᠠᠢ᠃ ᠤᠰᠤ ᠠᠷᠪᠢᠯᠠᠬᠤ ᠶᠢ ᠡᠩ ᠲᠡᠷᠢᠭᠦᠨ ᠳᠤ | ᠪᠤᠳᠤᠯᠬᠢᠯᠠᠬᠤ᠂ ᠤᠰᠤᠠ ᠤ ᠬᠡᠮᠵᠢᠶ᠎ᠠ ᠶᠢ ᠦᠨᠳᠦᠰᠦᠯᠡᠨ ᠪᠤᠳᠠᠳᠠᠢ ᠠᠵᠢᠯᠯᠠᠬᠤ ᠶᠢ ᠪᠠᠷᠢᠮᠳᠠᠯᠠᠵᠤ᠂ ᠲᠠᠷᠢᠮᠠᠯ ᠤᠨ | ᠪᠦᠲᠦᠴᠡ ᠳᠤ ᠲᠦᠷᠭᠡᠡ ᠲᠤᠬᠢᠷᠠᠭᠤᠯᠤᠯᠲᠠ ᠬᠢᠵᠦ᠂ ᠬᠦᠲᠡᠭᠡ ᠠᠵᠦ ᠠᠬᠤᠢ ᠶᠢᠨ ᠦᠢᠯᠡᠳᠪᠦᠷᠢᠯᠡᠯ ᠤᠨ ᠠᠷᠭ᠎ᠠ | ᠬᠡᠯᠪᠡᠷᠢ ᠶᠢ ᠬᠤᠪᠢᠷᠠᠭᠤᠯᠤᠨ᠂ ᠦᠨᠲᠦᠷ ᠪᠦᠲᠦᠮᠵᠢᠲᠠᠢ ᠤᠰᠤ ᠠᠷᠪᠢᠯᠠᠬᠤ ᠬᠦᠲᠡᠭᠡ ᠠᠵᠦ ᠠᠬᠤᠢ ᠶᠢ ᠶᠡᠭᠡ ᠪᠠᠷ | ᠬᠦᠭᠵᠢᠭᠦᠯᠵᠦ᠂ ᠤᠰᠤᠨ ᠤ ᠬᠤᠷᠤᠭᠳᠠᠯ ᠶᠡᠬᠡᠳᠠᠢ ᠲᠦᠷᠦᠯ ᠵᠦᠢᠯ ᠢ ᠰᠢᠨ᠎ᠠ ᠪᠠᠷ ᠡᠬᠢᠯᠡᠭᠦᠯᠬᠦ ᠶᠢ ᠴᠢᠩᠭ᠎ᠠ | ᠴᠠᠭᠠᠵᠠᠯᠠᠵᠦ᠂ ᠠᠵᠤ ᠠᠬᠤᠢᠢᠯᠠᠯ ᠤᠨ ᠤᠰᠤ ᠠᠷᠪᠢᠯᠠᠬᠤ ᠮᠡᠷᠭᠡᠵᠢᠯ ᠲᠤᠨᠤᠭᠯᠠᠯ ᠢ ᠳᠡᠯᠭᠡᠷᠡᠭᠦᠯᠦᠨ ᠬᠡᠷᠡᠭᠯᠡᠬᠦ ᠶᠢ | ᠳᠦᠷᠭᠡᠳᠭᠡᠨ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠦᠲᠦᠭᠡᠡ ᠪᠠᠶᠢᠭᠤᠯᠤᠯᠲᠠ ᠶᠢ ᠢᠲᠡᠪᠬᠢᠲᠠᠢ | ᠠᠬᠢᠭᠤᠯᠬᠤ ᠭᠡᠷᠡᠭᠲᠡᠢ᠃ ᠲᠠᠷᠢᠶᠠᠯᠠᠬᠤ ᠪᠠᠨ ᠵᠤᠭᠰᠤᠵᠦ ᠪᠡᠯᠴᠢᠭᠡᠷ ᠢ ᠰᠡᠷᠭᠦᠭᠡᠬᠦ ᠶᠢ ᠡᠮᠬᠢ ᠲᠢᠭᠯᠢᠮ ᠲᠠᠢ ᠠᠬᠢᠭᠤᠯᠵᠦ᠂ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠲᠦᠷᠭᠡᠡ ᠰᠡᠷᠭᠦᠭᠡᠵᠦ᠂ ᠡᠯᠡᠰᠦᠷᠭᠡᠭᠵᠢᠭᠰᠡᠡ ᠭᠠᠵᠠᠷ ᠰᠢᠷᠤᠢ | ᠶᠢᠨ ᠵᠠᠰᠠᠯᠲᠠ ᠶᠢ ᠴᠢᠩᠭᠠᠷᠠᠭᠤᠯᠵᠦ᠂ ᠰᠠᠪᠠ ᠭᠠᠵᠠᠷ ᠤᠨ ᠲᠤᠳᠤᠷᠠᠬᠢ ᠨᠤᠭᠤ ᠭᠠᠵᠠᠷ᠂ ᠨᠤᠲᠤᠭ ᠪᠡᠯᠴᠢᠬᠡᠷ ᠪᠤᠯᠤᠨ | ᠤᠢ ᠰᠢᠭᠤᠢ ᠶᠢᠨ ᠬᠠᠮᠠᠭᠠᠯᠠᠯᠲᠠ ᠶᠢᠨ ᠠᠵᠢᠯ ᠢ ᠨᠢᠭᠡᠲᠦᠯᠲᠡᠢ ᠲᠦᠯᠤᠪᠯᠡᠨ ᠰᠠᠶᠢᠲᠤᠷ ᠬᠢᠬᠦ ᠬᠡᠷᠡᠭᠲᠡᠢ ᠭᠡᠵᠤ | ᠴᠢᠬᠤᠯᠠᠴᠢᠯᠠᠪᠠ᠃ | | | | | ᠱᠢ ᠲᠠᠢ ᠹᠧᠩ᠂ ᠡᠯ᠎ᠠ ᠱᠠᠲᠤ ᠡᠯ᠎ᠠ ᠬᠤᠯᠪᠤᠭᠲᠠᠯ ᠪᠦᠬᠦᠢ ᠲᠠᠯ᠎ᠠ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ | ᠴᠢᠩᠭ᠎ᠠ ᠪᠤᠲᠠᠲᠠᠢ ᠨᠠᠶᠢᠲᠠᠪᠤᠷᠢᠵᠢᠭᠤᠯᠵᠦ᠂ ᠲᠡᠭᠡᠲᠦ ᠲᠤᠤᠷᠠᠲᠤ ᠱᠠᠳᠤ ᠬᠤᠯᠪᠤᠭᠠᠯᠠᠨ ᠬᠦᠲᠡᠯᠦᠯᠴᠡᠬᠦ᠂ ᠵᠡᠷᠭᠡ ᠪᠠᠷ | ᠠᠳᠬᠤᠵᠦ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠠ ᠪᠠᠶᠢᠲᠠᠯ ᠢ ᠪᠦᠷᠢᠯᠲᠦᠭᠦᠯᠬᠦ ᠬᠡᠷᠡᠭᠲᠡᠢ᠃ ᠤᠯᠠᠭᠠᠠᠴᠠᠪ ᠬᠤᠲᠠ | ᠪᠤᠯᠤᠨ ᠰᠠᠪᠠ ᠭᠠᠵᠠᠷ ᠤᠨ ᠲᠤᠳᠤᠷᠠᠬᠢ ᠡᠯ᠎ᠠ ᠬᠤᠰᠢᠭᠤ ᠰᠢᠶᠠᠠ ᠬᠠᠷᠢᠶ᠎ᠠ ᠭᠠᠵᠠᠷ ᠤᠨ ᠭᠤᠤᠯ ᠴᠤᠭᠴᠠ ᠶᠢᠨ | ᠬᠠᠷᠢᠭᠤᠴᠠᠯᠭ᠎ᠠ ᠪᠠᠨ ᠦᠨᠡᠡ ᠬᠦ ᠡᠬᠦᠷᠭᠡᠯᠡᠵᠦ᠂ ᠵᠠᠰᠠᠯᠲᠠ ᠶᠢᠨ ᠠᠵᠢᠯ ᠢ ᠢᠳᠡᠪᠬᠢᠳᠠᠢ ᠰᠠᠨᠠᠭᠠᠴᠢᠯᠠᠭ᠎ᠠ ᠠᠴᠠ ᠪᠠᠨ | ᠯᠠᠪᠲᠠᠭᠤᠨ ᠡᠷᠴᠢᠮᠳᠠᠢ ᠠᠬᠢᠭᠤᠯᠵᠤ᠂ ᠡᠯ᠎ᠠ ᠵᠦᠢᠯ ᠤᠨ ᠡᠭᠦᠷᠭᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠦᠨᠡᠨ ᠬᠦ ᠪᠠᠳᠤᠯᠠᠬᠤ ᠭᠡᠷᠡᠭᠲᠡᠢ᠃ ᠦᠪᠡᠷᠲᠡᠭᠡᠡ ᠵᠡᠰᠠᠬᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠲᠤᠰ | ᠲᠤᠰ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠵᠠᠰᠠᠯᠲᠠ ᠶᠢᠨ ᠠᠵᠢᠯ ᠢ ᠲᠡᠮᠵᠢᠵᠦ | ᠱᠠᠯᠠᠪᠲᠠᠭᠤᠯᠤᠨ ᠵᠢᠯᠤᠭᠤᠳᠬᠤ ᠪᠠᠨ ᠴᠢᠩᠭᠠᠳᠬᠠᠬᠤ ᠭᠡᠷᠡᠭᠲᠡᠢ᠃ ᠾᠧᠪᠸᠢ ᠮᠤᠵᠢ ᠶᠢᠨ ᠬᠤᠯᠪᠤᠭᠲᠠᠯ ᠪᠦᠬᠦᠢ | ᠲᠠᠯ᠎ᠠ ᠯᠤᠭ᠎ᠠ ᠵᠤᠯᠭᠠᠯᠴᠠᠨ ᠬᠠᠷᠢᠴᠠᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠦ᠂ ᠮᠤᠵᠢ ᠠᠯᠤᠰᠯᠠᠭᠰᠠᠨ ᠠᠮᠢ | ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠤᠭᠲᠠᠴᠠ ᠶᠢ ᠪᠠᠶᠢᠭᠤᠯᠤᠨ ᠪᠦᠷᠢᠠᠰᠢᠭᠦᠯᠵᠦ᠂ ᠤᠷᠤᠨ ᠪᠦᠰᠡ | ᠶᠢᠨ ᠠᠮᠢ ᠠᠬᠤᠢ ᠤᠷᠴᠢᠨ ᠲᠤᠭᠤᠷᠢᠨ ᠢ ᠬᠠᠮᠲᠤ ᠪᠠᠷ ᠵᠠᠰᠠᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠵᠠᠢ᠃ | ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠲᠠᠷᠤᠭ᠎ᠠ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠤᠤ ᠴᠦᠨ᠂ ᠦᠪᠡᠷᠲᠡᠭᠡᠡ | ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠠ ᠨᠦᠬᠦᠳ ᠠᠵᠢᠯᠯᠠᠭ᠎ᠠ ᠳᠤ ᠤᠷᠤᠯᠴᠠᠵᠠᠢ᠃ |