ᠥᠪᠥᠷ ᠮᠣᠩᠭᠤᠯ ᠠᠮᠢ ᠠᠬᠤᠶ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠢᠶᠠᠨ ᠠᠩᠬ᠎ᠠ ᠤᠳᠠᠭ᠎ᠠ ᠨᠡᠶᠢᠲᠡᠯᠡᠪᠡ  ᠪᠦ᠋ ᠰᠢᠶᠤᠤ ᠯᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/9/27
     9 ᠰᠠᠷ᠎ᠠ ᠶᠢᠨ 25᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ︵GEP︶᠎ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ᠂ ᠡᠨᠡ ᠪᠣᠯ ᠥᠪᠥᠷ ᠮᠣᠩᠭᠤᠯ ᠠᠩᠬ᠎ᠠ ᠤᠳᠠᠭ᠎ᠠ ᠪᠥᠬᠦ ᠣᠷᠣᠨ ᠤ ᠠᠮᠢ ᠠᠬᠤᠶ ᠶᠢᠨ ᠪᠦᠲᠦᠭᠡᠭᠳᠡᠭᠦᠨ ᠤ ᠶᠡᠷᠦᠩᠬᠡᠶ ᠦᠷᠳᠡᠭ ᠢᠶᠠᠨ ᠲᠤᠭᠠᠴᠠᠭ᠎ᠠ ᠬᠢᠭᠰᠡᠨ ᠦᠷ᠎ᠡ ᠳ᠋ᠦᠩ ᠢᠶᠠᠨ ᠭᠠᠳᠠᠬᠰᠢ ᠨᠡᠶᠢᠲᠡᠯᠡᠵᠤ ᠪᠠᠶᠢᠭ᠎ᠠ ᠪᠣᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠧᠤ ᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠠᠮᠢ ᠠᠬᠤᠶ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠤᠨ ᠨᠡᠶᠢᠳᠡᠯᠡᠯᠳᠡ ᠶᠢ ᠬᠠᠮᠲᠤ ᠪᠠᠷ ᠡᠬᠢᠯᠡᠭᠦᠯᠪᠡ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠶ ᠣᠷᠴᠢᠨ ᠲᠣᠭᠤᠷᠢᠨ ᠤ ᠰᠤᠳᠤᠯᠭᠠᠨ ᠤ ᠲᠥᠪ ᠤᠨ ᠡᠷᠬᠢᠯᠡᠭᠴᠢ ᠡᠸᠤ ᠶᠠᠩ ᡁᠢ ᠶᠦᠨ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠲᠤ ᠲᠣᠭᠠᠴᠠᠭ᠎ᠠ ᠬᠢᠭᠰᠡᠨ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠡᠷᠬᠢᠯᠡᠭᠴᠢ ᠲᠢᠶᠠᠨ ᠳ᠋ᠧ ᡁᠢ ᠭᠤᠣᠯ ᠰᠡᠳᠦᠪᠳᠤ ᠨᠡᠶᠢᠲᠡᠯᠡᠯ ᠬᠢᠪᠡ᠃ ᠳᠤᠰ ᠤᠳᠠᠭ᠎ᠠ ᠶᠢᠨ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠤᠨ ᠲᠣᠭᠠᠴᠠᠭ᠎ᠠ ᠪᠤᠯ ᠲᠣᠭᠠᠴᠠᠭ᠎ᠠ ᠬᠢᠬᠦ ᠣᠨᠣᠯ ᠲᠠᠰᠤᠷᠠᠯᠲᠠ ᠥᠬᠡᠶ ᠲᠡᠭᠦᠯᠳᠡᠷᠵᠢᠭᠰᠡᠨ ᠤᠷᠢᠲᠠᠯ ᠳᠣᠤᠷ᠎ᠠ᠂ ᠠᠮᠢ ᠠᠬᠤᠢ ᠶᠢᠨ ᠪᠦᠲᠦᠭᠡᠭᠳᠡᠭᠦᠨ ᠤ ᠥᠷᠲᠡᠭ ᠤᠨ ᠳᠤᠬᠠᠢ ᠬᠢᠭᠰᠡᠨ ᠨᠢᠭᠡ ᠤᠳᠠᠭᠠᠨ ᠤ ᠪᠥᠬᠦ ᠲᠠᠯ᠎ᠠ ᠶᠢᠨ ᠪᠦᠷᠢᠳᠬᠡᠯ ᠪᠣᠯᠤᠨ᠎ᠠ᠃ ᠲᠣᠭᠠᠴᠠᠭ᠎ᠠ ᠬᠢᠭᠰᠡᠨ ᠦᠷ᠎ᠠ ᠳ᠋ᠦᠩ ᠳᠤ ᠬᠠᠷᠠᠭᠤᠯᠤᠭᠰᠠᠨ ᠢᠶᠠᠷ᠂ 2019 ᠣᠨ ᠤ ᠥᠪᠥᠷ ᠮᠣᠩᠭᠤᠯ ᠤᠨ ᠠᠮᠢ ᠠᠬᠤᠶ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠨᠢ 44760.75 ᠳ᠋ᠦᠩᠰᠢᠭᠤᠷ ᠲᠥᠭᠦᠷᠢᠭ ᠲᠤ ᠬᠦᠷᠪᠡ᠃ ᠶᠡᠷᠦᠩᠬᠡᠢ ᠬᠡᠮᠵᠢᠶ᠎ᠡ ᠠᠴᠠ ᠦᠵᠡᠪᠡᠯ᠂ 2019 ᠣᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ 2.6 ᠳᠠᠬᠢᠨ ᠪᠠᠶᠢᠵᠤ᠂ ᠥᠪᠥᠷ ᠮᠣᠩᠭᠤᠯ ᠤᠨ ᠠᠮᠢ ᠠᠬᠤᠶ ᠶᠢᠨ ᠴᠢᠳᠠᠮᠵᠢ ᠨᠢ ᠦᠢᠯᠡᠳᠪᠦᠷᠢᠯᠡᠯ ᠤᠨ ᠴᠢᠳᠠᠮᠵᠢ ᠠᠴᠠ ᠬᠤᠯᠠ ᠶᠡᠭᠡ ᠪᠠᠶᠢᠬᠤ ᠶᠢ ᠭᠦᠢᠴᠡᠳ ᠬᠠᠷᠠᠭᠤᠯᠪᠠ︔ ᠬᠤᠪᠢᠷᠠᠯᠲᠠ ᠶᠢᠨ ᠬᠠᠨᠳᠤᠰᠢ ᠠᠴᠠ ᠦᠵᠡᠪᠡᠯ᠂ 2015 ᠣᠨ ᠠᠴᠠ 2019 ᠣᠨ ᠪᠣᠯᠲᠠᠯ᠎ᠠ᠂ ᠪᠦᠬᠦ ᠣᠷᠣᠨ ᠤ ᠠᠮᠢ ᠠᠬᠤᠢ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ 5410.1 ᠳ᠋ᠦᠩᠰᠢᠭᠤᠷ ᠲᠥᠭᠦᠷᠢᠭ ᠨᠡᠮᠡᠭᠳᠡᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠣᠳᠣᠪᠠᠯ᠂ ᠨᠡᠮᠡᠭᠳᠡᠯ ᠤᠨ ᠬᠡᠮᠵᠢᠶ᠎ᠡ ᠨᠢ 13.75%᠎ ᠳᠤ ᠬᠦᠷᠴᠤ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠶ ᠶᠢᠨ ᠬᠠᠮᠠᠭᠠᠯᠠᠯᠲᠠ ᠪᠣᠯᠤᠨ ᠠᠵᠤ ᠠᠬᠤᠶ ᠶᠢᠨ ᠬᠥᠭᠵᠢᠯᠲᠡ ᠬᠠᠷᠢᠯᠴᠠᠨ ᠵᠤᠬᠢᠴᠠᠯᠳᠤᠬᠤ ᠶᠢ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠨ ᠵᠠᠮᠨᠠᠬᠤ ᠲᠠᠯ᠎ᠠ ᠪᠠᠷ ᠯᠠᠪᠳᠠᠭᠤᠨ ᠪᠠᠳᠤᠳᠠᠢ ᠠᠬᠢᠴᠠ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃      ᠵᠧᠤ ᠴᠢ ᠪᠠᠶᠠᠷ ᠤᠨ ᠦᠬᠡ ᠬᠡᠯᠡᠬᠦ ᠳᠡᠭᠡᠨ᠂ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠤᠨ ᠲᠣᠭᠠᠴᠠᠭ᠎ᠠ ᠶᠢᠨ ᠦᠷ᠎ᠡ ᠳ᠋ᠦᠩ ᠪᠤᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠥᠪᠥᠷ ᠮᠣᠩᠭᠤᠯ ᠤᠨ ᠬᠠᠮᠲᠤ ᠶᠢᠨ ᠴᠢᠷᠮᠠᠶᠢᠯᠭ᠎ᠠ ᠪᠠᠷ ᠣᠯᠤᠭᠰᠠᠨ ᠨᠢᠭᠡᠨ ᠴᠢᠬᠤᠯᠠ ᠦᠷ᠎ᠡ ᠪᠦᠲᠦᠭᠡᠯ ᠪᠣᠯᠤᠨ᠎ᠠ᠂ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠴᠢᠨᠠᠭᠰᠢᠳᠠ ᠠᠬᠢᠭᠤᠯᠬᠤ ᠳᠤ ᠰᠢᠨᠵᠢᠯᠡᠬᠦ ᠤᠬᠠᠭᠠᠨ ᠤ ᠦᠨᠳᠦᠰᠦᠯᠡᠯ ᠬᠠᠩᠭᠠᠬᠤ ᠪᠤᠯᠤᠨ᠎ᠠ᠃ ᠬᠤᠶᠠᠷ ᠲᠠᠯ᠎ᠠ ᠪᠠᠷ ᠢᠶᠠᠨ ᠦᠷ᠎ᠡ ᠪᠦᠲᠦᠭᠡᠯ ᠢᠶᠠᠨ ᠳ᠋ᠦᠩᠨᠡᠬᠦ ᠪᠠ ᠣᠨᠳᠣᠣᠰᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃      ᠡᠸᠤ ᠶᠠᠩ ᠰᠢᠶᠤᠤ ᠬᠤᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠪᠠᠶᠢᠭ᠎ᠠ ᠪᠠᠶᠢᠳᠠᠯ ᠪᠣᠯᠤᠨ ᠣᠯᠤᠭᠰᠠᠨ ᠠᠮᠵᠢᠯᠳᠠ ᠪᠦᠲᠦᠮᠵᠢ ᠶᠢ ᠲᠠᠨᠢᠯᠴᠠᠭᠤᠯᠵᠤ᠂ ᠦᠪᠦᠷ ᠮᠤᠩᠭᠤᠯ ᠲᠥᠪ ᠤᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠤᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠮᠢ ᠠᠬᠤᠢ ᠶᠢᠨ ᠥᠷᠲᠡᠭ ᠢ ᠭᠦᠢᠴᠡᠳ ᠠᠰᠢᠡᠡᠯᠠᠨ ᠦᠷ᠎ᠡ ᠪᠦᠲᠦᠭᠡᠯ ᠢᠶᠠᠨ ᠦᠨᠡᠯᠡᠨ ᠵᠢᠱᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢᠶᠠᠨ ᠤᠯᠠᠮ ᠴᠢᠨᠠᠭᠰᠢᠳᠠ ᠲᠡᠭᠦᠯᠳᠡᠷᠵᠢᠭᠦᠯᠤᠨ᠂ ᠡᠯ᠎ᠡ ᠲᠥᠷᠥᠯ ᠤᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠬᠥᠷᠥᠩᠭᠡ ᠶᠢ ᠲᠠᠰᠤᠷᠠᠯᠲᠠ ᠤᠢᠭᠡᠢ ᠬᠤᠷᠠᠮᠳᠤᠭᠤᠯᠵᠤ᠂ ᠠᠮᠢ ᠠᠬᠤᠶ ᠶᠢᠨ ᠡᠳ᠋ ᠪᠠᠶᠠᠯᠢᠭ ᠢ ᠲᠠᠰᠤᠷᠠᠯᠳᠠ ᠦᠭᠡᠢ ᠡᠭᠦᠳᠴᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠂ ᠪᠦᠬᠦ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠤ ᠢᠯᠡᠳᠭᠡᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2018 ᠣᠨ ᠳᠤ ᠪᠦᠬᠦ ᠣᠷᠣᠨ ᠤ ᠠᠮᠢ ᠠᠬᠤᠶ ᠶᠢᠨ ᠪᠦᠲᠦᠭᠡᠭᠳᠡᠭᠦᠨ ᠤ ᠶᠡᠷᠦᠩᠬᠡᠶ ᠥᠷᠲᠡᠭ ᠢ ᠲᠤᠭᠠᠴᠠᠨ ᠪᠤᠳᠤᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠲᠤᠯᠤᠭᠠᠢᠢᠯᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠶ ᠣᠷᠴᠢᠨ ᠲᠣᠭᠤᠷᠢᠨ ᠤ ᠰᠤᠳᠤᠯᠭᠠᠨ ᠤ ᠲᠥᠪ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠶ ᠰᠤᠳᠤᠯᠬᠤ ᠭᠠᠵᠠᠷ ᠬᠠᠮᠳᠤᠷᠠᠨ ᠰᠤᠳᠤᠯᠭᠠᠨ ᠤ ᠪᠦᠯᠬᠦᠮ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠲᠥᠷᠥᠯ ᠵᠦᠢᠯ ᠤᠨ ᠳᠡᠮᠵᠢᠯᠭᠡ ᠳᠣᠣᠷ᠎ᠠ᠂ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠦᠨᠡᠯᠡᠨ ᠵᠢᠱᠢᠬᠦ ᠰᠤᠳᠤᠯᠭᠠᠨ ᠥᠷᠨᠢᠭᠦᠯᠵᠦ᠂ ᠬᠤᠶᠠᠷ ᠵᠢᠯ ᠭᠠᠷᠤᠢ ᠴᠠᠭ ᠢ ᠬᠡᠷᠡᠭᠰᠡᠨ ᠦᠨᠡᠯᠡᠨ ᠵᠢᠱᠢᠬᠦ ᠰᠤᠳᠤᠯᠭᠠᠨ ᠤ ᠦᠷ᠎ᠡ ᠪᠦᠲᠦᠭᠡᠯ ᠤᠯᠵᠠᠢ᠃ ᠲᠣᠰ ᠠᠵᠢᠯ ᠢ ᠥᠷᠨᠢᠭᠦᠯᠦᠭᠰᠡᠨ ᠵᠢᠴᠢ ᠦᠷ᠎ᠡ ᠪᠦᠲᠦᠭᠡᠯ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠨ ᠵᠠᠮᠨᠠᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号