ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠬᠤᠳᠠ ᠳᠤ ᠬᠦᠷᠴᠦ ᠰᠤᠷᠤᠯᠴᠠᠵᠥ ᠰᠢᠨᠵᠢᠯᠡᠨ ᠪᠠᠶᠢᠴᠠᠭᠠᠪᠠ  ᠼᠠᠢ ᠴᠢ  ᠴᠧᠨ ᠵᠢᠢ ᠨᠢᠩ  ᠯᠢ ᠸᠧᠢ  ᠱᠢ ᠲᠠᠢ ᠹᠧᠩ ᠪᠦ᠋ ᠰᠢᠶᠤᠤ ᠯᠢᠨ ᠣᠷᠣᠯᠴᠠᠵᠠᠢ
ᠨᠡᠶᠢᠲᠡᠯᠡᠭᠰᠡᠨ ᠴᠠᠭ᠄
2020/9/27
     ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠰᠡᠭᠦᠯ ᠬᠤᠷᠢᠶᠠᠬᠤ ᠵᠢᠯ ᠳᠤ᠂ ᠪᠦᠬᠦ ᠬᠦᠴᠦ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠳᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠲᠠᠰᠢᠷᠠᠮ ᠳᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠯᠠᠷᠬᠠᠯ ᠤᠨ ᠰᠡᠳᠬᠢᠯᠭᠡ ᠶᠢ ᠡᠪᠦᠷᠯᠡᠨ᠂ ᠨᠡᠶᠢᠰᠯᠡᠯ ᠠᠴᠠ ᠲᠠᠭᠠᠨ ᠰᠤᠷᠤᠯᠴᠠᠬᠤ ᠦᠨᠡᠨᠴᠢ ᠰᠡᠳᠬᠢᠯ ᠡᠪᠤᠷᠯᠡᠨ᠂ 9 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠵᠣᠯᠭᠠᠭᠤᠯᠤᠭᠰᠠᠨ ᠪᠥᠭᠡᠳ ᠰᠤᠷᠤᠯᠴᠠᠵᠤ ᠰᠢᠨᠵᠢᠯᠡᠨ ᠪᠠᠶᠢᠴᠠᠭᠠᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠼᠠᠢ ᠴᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠧᠨ ᠵᠢᠶ ᠨᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠸᠧᠶ ᠲᠣᠰ ᠲᠣᠰ ᠠᠵᠢᠯᠯᠠᠭ᠎ᠠ ᠳᠤ ᠣᠷᠣᠯᠴᠠᠪᠠ᠃
     ᠪᠡᠭᠡᠵᠢᠩ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠤᠯᠠᠨ ᠢᠶᠠᠷ ᠢᠶᠠᠨ ᠦᠢᠯᠡᠰ ᠪᠤᠰᠬᠠᠨ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠲᠥᠪ ᠤᠨ ᠬᠠᠶ ᠳ᠋ᠢᠶᠠᠨ ᠤ ᠬᠤᠪᠢᠶᠠᠷᠢ ᠲᠥᠪ ᠨᠢ ᠪᠡᠭᠡᠵᠢᠩ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠬᠠᠮᠤᠭ ᠤᠨ ᠲᠣᠮᠣ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠬᠡᠬᠦᠷ ᠲᠤ ᠲᠦᠰᠢᠭᠯᠡᠵᠤ᠂ ᠬᠠᠶ ᠳ᠋ᠢᠶᠠᠨ ᠲᠣᠭᠤᠷᠢᠭ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠭᠠᠵᠠᠷ ᠣᠷᠣᠨ ᠤ ᠬᠦᠳᠡᠭᠡ ᠠᠵᠤ ᠠᠬᠤᠢ ᠶᠢᠨ ᠣᠨᠴᠠ ᠭᠠᠷᠤᠯᠲᠠ ᠳᠤ ᠰᠦᠯᠵᠢᠶᠡᠨ ᠳᠡᠭᠡᠷ᠎ᠠ ᠪᠠ ᠰᠦᠯᠵᠢᠶᠡᠨ ᠤ ᠭᠠᠳᠠᠨ᠎ᠠ ᠳᠡᠯᠭᠡᠨ ᠦᠵᠡᠭᠦᠯᠬᠦ᠂ ᠪᠣᠷᠣᠯᠠᠭᠤᠯᠬᠤ ᠵᠢᠴᠢ ᠪᠤᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠬᠠᠩᠭᠠᠬᠤ᠂ ᠬᠥᠮᠥᠷᠭᠡᠯᠡᠨ ᠬᠠᠳᠠᠭᠠᠯᠠᠵᠤ ᠭᠦᠢᠯᠭᠡᠭᠡᠨ ᠳᠤ ᠤᠷᠤᠭᠤᠯᠬᠤ᠂ ᠤᠬᠠᠭᠤᠯᠤᠨ ᠳᠡᠯᠭᠡᠷᠡᠭᠦᠯᠬᠦ ᠵᠡᠷᠭᠡ ᠦᠢᠯᠡᠴᠢᠯᠡᠭᠡ ᠬᠠᠩᠭᠠᠵᠥ ᠪᠤᠢ᠃ ᠲᠥᠯᠥᠭᠡᠯᠡᠭᠴᠢᠳ ᠤᠨ ᠪᠦᠯᠬᠦᠮ ᠬᠠᠮᠤᠭ ᠲᠦᠷᠦᠭᠦᠨ ᠳᠤ ᠠᠳᠡ ᠬᠦᠷᠴᠤ᠂ ᠲᠥᠪ ᠤᠨ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠢᠩᠭᠠᠨ ᠤ ᠪᠤᠬᠢᠷᠳᠤᠯ ᠦᠬᠡᠢ ᠣᠷᠭᠠᠨᠢᠭ ᠲᠤᠲᠤᠷᠭ᠎ᠠ᠂ ᠠᠤᠬᠠᠨ ᠤ ᠨᠠᠷᠢᠮᠤ᠂ ᠠᠮᠳᠠᠳᠤ ᠪᠤᠷᠴᠠ᠂ ᠰᠢᠮ᠎ᠡ ᠳᠡᠵᠢᠬᠡᠯ ᠰᠠᠶᠢᠳᠠᠢ ᠬᠡᠭᠡᠷ᠎ᠡ ᠶᠢᠨ ᠮᠥᠭᠦ᠂ ᠳᠡᠯᠭᠡᠨ ᠪᠣᠷᠣᠯᠠᠭᠤᠯᠬᠤ ᠳᠤᠭᠤᠷᠢᠬ ᠲᠤ ᠭᠠᠵᠠᠷ ᠪᠤᠯᠭᠠᠨ ᠳᠤ ᠥᠪᠥᠷ ᠮᠣᠩᠭᠤᠯ ᠤᠨ ᠨᠠᠷᠠᠲᠤ ᠰᠢᠯᠢᠳᠡᠭ ᠣᠨᠴᠠ ᠭᠠᠷᠤᠯᠲᠠ ᠬᠠᠷᠠᠭᠳᠠᠨ᠎ᠠ᠃ ᠱᠢ ᠲᠠᠢ ᠹᠧᠩ᠂ ᠪᠦ᠋ ᠰᠢᠶᠣᠤ ᠯᠢᠨ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠬᠡᠭᠳᠡᠬᠦᠨ ᠤ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ ᠢ ᠤᠬᠠᠭᠤᠯᠭ᠎ᠠ ᠪᠠᠨ ᠴᠢᠩᠭᠠᠳᠬᠠᠵᠤ᠂ ᠨᠡᠷᠡᠲᠦ ᠲᠡᠮᠳᠡᠭ ᠢ ᠴᠤᠤᠷᠢᠶᠠᠲᠤᠭᠤᠯᠤᠨ᠂ ᠬᠡᠷᠡᠭᠯᠡᠭᠴᠢᠳ ᠲᠤ ᠳᠠᠭᠠᠰᠢᠶᠠᠭᠳᠠᠳᠠᠭ ᠨᠠᠩ ᠣᠯᠠᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠬᠡᠭᠳᠡᠬᠦᠨ ᠢ ᠵᠤᠬᠢᠶᠠᠨ ᠪᠠᠶᠢᠭᠤᠯᠤᠨ ᠪᠡᠭᠡᠵᠢᠩ ᠤᠨ ᠵᠠᠬ᠎ᠠ ᠳᠡᠯᠭᠡᠭᠦᠷ ᠲᠤ ᠤᠷᠤᠭᠤᠯᠬᠤ ᠬᠡᠷᠡᠭᠲᠡᠶ ᠭᠡᠵᠦ ᠵᠠᠬᠢᠪᠠ᠃ ᠵᠢᠩ ᠨᠧᠩ ᠴᠡᠪᠡᠷ ᠡᠨᠧᠷᠭᠢ ᠶᠢᠨ ᠴᠠᠬᠢᠯᠭᠠᠨ ᠬᠦᠴᠦᠨ ᠤ ᠺᠣᠮᠫᠠᠨᠢ ᠨᠢ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢᠶᠠᠷ ᠭᠤᠤᠯ ᠠᠭᠤᠯᠭ᠎ᠠ ᠪᠣᠯᠭᠠᠵᠤ᠂ ᠣᠨᠴᠠᠯᠢᠭᠲᠤ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ᠃ ᠲᠥᠯᠥᠭᠡᠯᠡᠭᠴᠢᠳ ᠤᠨ ᠪᠦᠯᠬᠦᠮ ᠤᠨ ᠬᠢᠨ ᠠᠵᠤ ᠠᠬᠤᠶᠢᠯᠠᠯ ᠤᠨ ᠬᠥᠭᠵᠢᠯᠲᠡ ᠵᠢᠴᠢ ᠶᠠᠳᠠᠭᠤ ᠶᠢ ᠲᠡᠳᠬᠦᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠪᠠ᠃
     9 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠬᠤᠳᠠ ᠳᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠵᠣᠯᠭᠠᠭᠤᠯᠤᠭᠰᠠᠨ ᠪᠥᠭᠡᠳ ᠰᠤᠷᠤᠯᠴᠠᠵᠤ ᠰᠢᠨᠵᠢᠯᠡᠨ ᠪᠠᠶᠢᠴᠠᠭᠠᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠼᠠᠢ ᠴᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠧᠨ ᠵᠢᠶ ᠨᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠸᠧᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠠᠢ ᠬᠠᠮᠳᠤ ᠪᠡᠭᠡᠵᠢᠩ ᠤᠨ ᠳᠡᠳ᠋ ᠬᠤᠲᠠ ᠶᠢᠨ ᠲᠥᠪ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠦᠭᠵᠢᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠦᠪᠦᠷ ᠮᠣᠩᠭᠤᠯ ᠤᠨ ᠡᠳᠦᠷ ᠤᠨ ᠰᠤᠨᠢᠨ ᠤ ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
     ᠣᠶᠤᠨᠴᠢ ᠬᠥᠭᠵᠢᠯᠲᠡ ᠶᠢᠨ ᠬᠠᠨᠳᠤᠰᠢ ᠳᠤ ᠬᠡᠷᠬᠢᠨ ᠨᠠᠩ ᠰᠠᠶᠢᠨ ᠵᠣᠬᠢᠴᠠᠵᠤ᠂ ᠬᠤᠲᠠ ᠶᠢᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠤᠢ ᠭᠡᠬᠦ ᠠᠰᠠᠭᠤᠯᠳᠠ ᠶᠢ ᠡᠪᠦᠷᠯᠡᠨ ᠲᠥᠯᠥᠭᠡᠯᠡᠭᠴᠢᠳ ᠤᠨ ᠪᠦᠯᠬᠦᠮ ᠬᠠᠶ ᠳ᠋ᠢᠶᠠᠨ ᠤ ᠬᠤᠲᠠ ᠶᠢᠨ ᠶᠡᠭᠡ ᠲᠠᠷᠢᠬᠢ ᠶᠢᠨ ᠦᠵᠡᠭᠦᠯᠭᠡ ᠪᠠ ᠪᠡᠶᠡᠴᠢᠯᠡᠨ ᠤᠢᠢᠯᠠᠭᠠᠬᠤ ᠲᠥᠪ ᠲᠤ ᠣᠷᠣᠵᠤ᠂ ︽ᠣᠶᠤᠨᠴᠢ +︾ ᠲᠠᠪᠴᠠᠩ ᠤᠨ ᠠᠵᠢᠯᠯᠠᠭᠠᠨ ᠤ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠣᠳᠣᠬᠢᠴᠢᠯᠠᠭᠰᠠᠨ ᠬᠤᠲᠠ ᠶᠢᠨ ᠵᠠᠰᠠᠯᠲᠠ ᠶᠢᠨ ᠲᠤᠷᠰᠢᠯᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠪᠠ᠃ ᠭᠡᠷᠡᠯᠲᠦ ᠴᠠᠮᠬᠠᠭ ᠤᠨ ᠳᠣᠣᠷ᠎ᠠ᠂ ᠶᠡᠭᠡ ᠲᠠᠲᠠᠮᠠᠯ ᠭᠤᠣᠯ ᠤᠨ ᠬᠥᠪᠡᠭᠡᠨ ᠳᠤ᠂ 155 ᠲᠡᠭᠰᠢ ᠳᠥᠷᠪᠡᠯᠵᠢᠨ ᠺᠢᠯᠣᠮᠧᠲᠷ ᠤᠷᠴᠢᠮ ᠤᠨ ᠪᠡᠭᠡᠵᠢᠩ ᠤᠨ ᠳᠡᠳ᠋ ᠬᠤᠲᠠ ᠶᠢᠨ ᠲᠥᠪ ᠪᠣᠯᠤᠨ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠬᠠᠮᠲᠤ ᠪᠠᠷ ᠪᠡᠭᠡᠵᠢᠩ ᠤᠨ ᠬᠤᠶᠠᠷ ᠰᠢᠨ᠎ᠠ ᠵᠢᠭᠦᠷ ᠢ ᠪᠦᠷᠢᠯᠳᠦᠭᠦᠯᠵᠡᠶ᠃ ᠲᠥᠯᠥᠭᠡᠯᠡᠭᠴᠢᠳ ᠤᠨ ᠪᠦᠯᠬᠦᠮ ᠠᠳᠡ ᠬᠦᠷᠴᠤ᠂ ᠲᠥᠯᠥᠪᠵᠢᠭᠦᠯᠭᠡ ᠶᠢᠨ ᠦᠵᠡᠭᠦᠯᠭᠡ ᠶᠢᠨ ᠲᠢᠩᠬᠢᠮ ᠪᠣᠯᠤᠨ ᠮᠢᠩᠭᠠᠨ ᠣᠨ ᠤ ᠬᠤᠲᠠ ᠶᠢᠨ ᠰᠠᠬᠢᠨ ᠪᠠᠷᠠᠯᠠᠬᠤ ᠣᠶ᠂ ᠬᠤᠲᠠ ᠶᠢᠨ ᠨᠣᠭᠤᠭᠠᠨ ᠲᠥᠪ ᠣᠶ ᠰᠢᠭᠤᠶ ᠶᠢᠨ ᠴᠡᠴᠡᠷᠯᠢᠭ ᠲᠤ ᠣᠷᠣᠵᠤ᠂ ᠪᠡᠭᠡᠵᠢᠩ ᠤᠨ ᠳᠡᠳ᠋ ᠬᠤᠲᠠ ᠶᠢᠨ ᠲᠥᠪ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠰᠢᠨᠵᠢᠯᠡᠨ ᠪᠠᠶᠢᠴᠠᠭᠠᠭᠰᠠᠨ ᠪᠦᠭᠡᠳ ᠣᠩᠭᠤᠴᠠᠨ ᠳᠤ ᠰᠠᠭᠤᠵᠤ ᠤᠮᠠᠷᠠᠲᠤ ᠲᠠᠲᠠᠮᠠᠯ ᠭᠤᠤᠯ ᠢ ᠰᠢᠨᠵᠢᠯᠡᠨ ᠪᠠᠶᠢᠴᠠᠭᠠᠵᠤ᠂ ᠠᠶᠠᠯᠠᠯ ᠤᠨ ᠵᠠᠮ ᠤᠨ ᠶᠡᠷᠦᠩᠬᠡᠶᠢᠯᠡᠭᠰᠡᠨ ᠵᠠᠰᠠᠯᠲᠠ᠂ ᠠᠶᠠᠯᠠᠯ ᠨᠡᠪᠲᠡᠷᠡᠬᠦ ᠪᠦᠲᠦᠭᠡᠨ ᠪᠠᠶᠢᠭᠤᠯᠤᠯᠲᠠ ᠵᠢᠴᠢ ᠰᠣᠶᠣᠯ ᠵᠢᠭᠤᠯᠴᠢᠯᠠᠯ ᠵᠡᠷᠭᠡ ᠪᠠᠶᠢᠳᠠᠯ ᠢ ᠣᠶᠢᠯᠠᠭᠠᠪᠠ᠃      ᠰᠢᠨᠵᠢᠯᠡᠨ ᠪᠠᠶᠢᠴᠠᠭᠠᠵᠤ ᠳᠠᠭᠤᠰᠬᠤ ᠦᠶ᠎ᠡ ᠳᠤ᠂ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠠᠯ ᠬᠢᠵᠤ ᠰᠠᠨᠠᠯ ᠢᠶᠠᠨ ᠰᠣᠯᠢᠯᠴᠠᠪᠠ᠃ ᠼᠠᠢ ᠴᠢ ᠥᠪᠥᠷ ᠮᠣᠩᠭᠤᠯ ᠤᠨ ᠤᠯᠠᠨ ᠵᠢᠯ ᠤᠨ ᠲᠤᠷᠰᠢ ᠪᠡᠭᠡᠵᠢᠩ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠳᠠᠶᠢᠯᠠᠯᠳᠤᠭᠠᠨ ᠬᠢᠬᠦ ᠴᠠᠭ ᠮᠥᠴᠡ ᠳᠤ ᠬᠦᠷᠴᠦ᠂ ᠪᠡᠭᠡᠵᠢᠩ ᠨᠡᠶᠢᠰᠯᠡᠯ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠡᠭᠦᠷᠭᠡ ᠶᠢ ᠡᠷᠡᠰ ᠡᠭᠦᠷᠭᠡᠯᠡᠵᠤ᠂ ᠨᠠᠷᠢᠯᠢᠭ ᠤᠨᠤᠴᠠᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠡᠷᠴᠢᠮ ᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠥᠪᠥᠷ ᠮᠣᠩᠭᠤᠯ ᠤᠨ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠨ᠎ᠡ᠃ ᠥᠪᠡᠷ ᠥᠪᠡᠷ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ᠂ ᠠᠵᠢᠯ ᠣᠯᠭᠤᠯᠲᠠ᠂ ᠬᠡᠷᠡᠭᠯᠡᠭᠡ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠬᠤ ᠠᠷᠭ᠎ᠠ ᠵᠠᠮ ᠢᠶᠠᠨ ᠥᠷᠭᠡᠳᠬᠡᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠪᠡᠭᠡᠵᠢᠩ ᠤᠨ ᠴᠢᠯᠥᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠪᠠᠷ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠥᠭᠵᠢᠯᠲᠡ ᠶᠢ ᠲᠠᠶᠢᠴᠢᠯᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠠ᠃ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠥᠪᠥᠷ ᠮᠣᠩᠭᠤᠯ ᠳᠤ ᠣᠴᠢᠭᠤᠯᠤᠨ ᠪᠠᠶᠢᠷᠢᠰᠢᠭᠤᠯᠤᠯᠳᠠ ᠬᠢᠯᠭᠡᠵᠦ᠂ ᠵᠠᠬ᠎ᠠ ᠳᠡᠯᠭᠡᠭᠦᠷ ᠪᠠ ᠴᠢᠬᠤᠯᠠ ᠡᠯᠧᠮᠧᠨ᠋ᠲ ᠢ ᠳᠠᠶᠢᠴᠢᠯᠠᠵᠤ᠂ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠣᠷᠣᠨ ᠪᠦᠰᠡ ᠶᠢᠨ ᠠᠮᠢ ᠠᠬᠤᠶ ᠶᠢᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠤᠨ᠂ ᠠᠮᠢ ᠠᠬᠤᠶ ᠶᠢᠨ ᠠᠮᠤᠷ ᠲᠦᠪᠰᠢᠨ ᠢ ᠬᠠᠮᠲᠤ ᠪᠠᠷ ᠰᠠᠶᠢᠲᠤᠷ ᠬᠠᠮᠠᠭᠠᠯᠠᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶᠢᠷᠡᠭᠦᠯᠵᠦ᠂ ᠤᠯᠠᠨ ᠢᠶᠠᠷ ᠢᠶᠠᠨ ᠦᠢᠯᠡᠰ ᠪᠤᠰᠬᠠᠨ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠲᠦᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠪᠡᠭᠡᠵᠢᠩ ᠳᠤ ᠣᠷᠣᠵᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠴᠡᠪᠡᠷ ᠡᠨᠧᠷᠭᠢ ᠶᠢ ᠨᠡᠭᠡᠭᠡᠨ ᠠᠰᠢᠡᠡᠯᠠᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶ᠎ᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠱᠢ ᠲᠠᠢ ᠹᠧᠩ ᠡᠩ ᠲᠡᠷᠢᠭᠦᠨ ᠳᠤ ᠪᠡᠭᠡᠵᠢᠩ ᠬᠤᠳᠠ ᠶᠢᠨ ᠬᠢᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠶᠡᠭᠡ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠡᠨᠡ ᠤᠳᠠᠭᠠᠨ ᠤ ᠰᠢᠨᠵᠢᠯᠡᠨ ᠪᠠᠶᠢᠴᠠᠭᠠᠭᠰᠠᠠ ᠴᠠᠭ ᠬᠡᠳᠦᠢ ᠤᠬᠤᠷᠬᠠᠨ ᠪᠣᠯᠪᠠᠴᠤ᠂ ᠪᠢᠳᠡ ᠮᠠᠰᠢ ᠭᠦᠨ ᠲᠥᠷᠥᠭᠳᠡᠯ ᠲᠠᠢ᠂ ᠮᠠᠰᠢ ᠶᠡᠭᠡ ᠣᠯᠤᠯᠲᠠ ᠲᠠᠢ᠂ ᠪᠡᠭᠡᠵᠢᠩ ᠬᠤᠲᠠ ᠶᠢᠨ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠡᠭᠦᠳᠦᠭᠰᠡᠨ ᠴᠣ ᠰᠢᠨ᠎ᠡ ᠣᠶᠢᠯᠠᠭᠠᠭᠳᠠᠬᠤᠨ᠂ ᠬᠢᠭᠰᠡᠨ ᠴᠣ ᠰᠢᠨ᠎ᠡ ᠰᠦᠪᠡᠭᠴᠢᠯᠡᠯᠳᠡ᠂ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠥᠪᠥᠷ ᠮᠣᠩᠭᠤᠯ ᠶᠡᠭᠡ ᠰᠤᠷᠤᠯᠴᠠᠭᠤᠰᠢᠲᠠᠶ ᠶᠤᠮ᠃ ᠪᠡᠭᠡᠵᠢᠩ ᠬᠤᠲᠠ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠶ ᠠᠬᠢᠭᠤᠯᠵᠤ᠂ ᠣᠨᠴᠠᠭᠠᠶᠢᠯᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠴᠢᠩᠭ᠎ᠠ ᠠᠳᠬᠤᠵᠤ᠂ ᠮᠠᠰᠢ ᠰᠠᠶᠢᠨ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠪᠢᠳᠡ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠯᠠᠪᠳᠠᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠳᠠ ᠤᠯᠤᠨ᠎ᠠ᠃ ᠡᠭᠦᠨ ᠤ ᠬᠠᠮᠲᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠨᠡ ᠬᠦ ᠴᠢᠬᠤᠯᠠ ᠲᠠᠪᠴᠠᠩ ᠢ ᠠᠰᠢᠠᠠᠯᠠᠠ᠂ ᠪᠡᠭᠡᠵᠢᠩ ᠬᠤᠲᠠ ᠯᠤᠭ᠎ᠠ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠤᠨ ᠨᠠᠩ ᠪᠠᠶᠠᠯᠢᠭ ᠦᠷ᠎ᠠ ᠪᠦᠲᠦᠭᠡᠯ ᠤᠯᠬᠤ ᠶᠢ ᠬᠦᠰᠡᠵᠦ ᠪᠤᠢ ᠭᠡᠵᠤ ᠬᠡᠯᠡᠪᠡ᠃ ᠱᠢ ᠲᠠᠢ ᠹᠧᠩ᠂ ᠮᠠᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠦᠢᠯᠡᠳᠪᠦᠷᠢᠯᠡᠵᠤ ᠭᠠᠷᠭᠠᠬᠤ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠯᠠᠪᠲᠠᠢ ᠠᠯᠢ ᠴᠢᠳᠠᠬᠤ ᠪᠠᠷ ᠨᠡᠶᠢᠰᠯᠡᠯ ᠤᠨ ᠡᠨᠧᠷᠭᠢ ᠪᠣᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠠ᠃ ᠥᠪᠥᠷ ᠮᠣᠩᠭᠤᠯ ᠤᠨ ᠡᠯ᠎ᠡ ᠱᠠᠲᠤᠨ ᠤ ᠬᠢᠨ ᠯᠠᠪᠳᠠᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠤᠯᠭᠠᠨ ᠴᠤᠭᠴᠠᠯᠠᠵᠤ᠂ ᠦᠨᠡᠨ ᠬᠦ ᠨᠡᠶᠢᠰᠯᠡᠯ ᠤᠨ ᠰᠠᠶᠢᠨ ︽ᠤᠨᠠᠭᠤᠯᠢ ᠭᠤᠤᠯ︾ ᠪᠣᠯᠤᠨ᠎ᠠ ᠭᠡᠵᠦ ᠢᠯᠡᠷᠭᠡᠶᠢᠯᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠶᠠᠩ ᠸᠧᠶ ᠳ᠋ᠦᠩ᠂ ᠵᠠᠩ ᠱᠣᠤ ᠴᠦᠨ᠂ ᠵᠠᠩ ᠧᠨ ᠬᠤᠢ᠂ ᠪᠡᠭᠡᠵᠢᠩ ᠬᠤᠲᠠ ᠶᠢᠨ ᠤᠳᠤᠷᠢᠳᠤᠯᠭ᠎ᠠ ᠴᠧᠨ ᠶᠦᠩ᠂ ᠸᠧᠶ ᠰᠢᠶᠣᠤ ᠳ᠋ᠦᠩ᠂ ᠼᠦᠢ ᠱᠦ ᠴᠢᠶᠠᠩ᠂ ᠵᠠᠩ ᠵᠢᠶᠠ ᠮᠢᠩ᠂ ᠰᠦᠶ ᠵᠧᠨ ᠵᠢᠶᠠᠩ᠂ ᠯᠦ ᠶᠢᠩ ᠴᠤᠸᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠶᠢᠮᠠᠭ ᠬᠤᠲᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号