9 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ | ᠡᠬᠢᠯᠡᠪᠡ᠃ ᠪᠦᠬᠦ ᠣᠷᠣᠨ ᠤ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ 633 ᠡᠮᠡᠭᠲᠡᠶᠢᠴᠤᠳ ᠤᠨ | ᠲᠥᠯᠥᠭᠡᠯᠡᠭᠴᠢ᠂ ᠪᠦᠬᠦ ᠣᠷᠣᠨ ᠤ ᠡᠮᠡᠭᠲᠡᠶᠢᠴᠦᠳ ᠤᠨ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠨ | ᠶᠡᠭᠡ ᠬᠤᠷᠠᠯ ᠳᠤ ᠤᠷᠤᠯᠴᠠᠵᠤ᠂ ᠥᠪᠥᠷ ᠮᠣᠩᠭᠤᠯ ᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠶᠡᠭᠡ | ᠪᠤᠳᠤᠯᠭ᠎ᠠ ᠶᠢ ᠬᠠᠮᠲᠤ ᠪᠠᠷ ᠰᠦᠪᠡᠭᠴᠢᠯᠡᠪᠡ᠃ | | | | ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠳᠡᠳ᠋ ᠲᠡᠷᠢᠭᠦᠯᠡᠭᠴᠢ᠂ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠤᠤ ᠸᠧᠶ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠪᠦ᠋ ᠰᠢᠶᠣᠤ ᠯᠢᠨ᠂ ᠯᠢ ᠰᠢᠤ ᠯᠢᠩ᠂ | ᠯᠢᠨ ᠱᠣᠤ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠣᠤ ᠴᠦᠨ᠂ | ᠳ᠋ᠤᠸᠠᠨ ᡁᠢ ᠴᠢᠶᠠᠩ᠂ ᠮᠠ ᠴᠢᠩ ᠯᠸᠢ᠂ ᠨᠠᠰᠤᠨᠮᠦ᠋ᠡᠭᠭᠡ᠂ ᠾᠧ ᠶᠠᠨ ᠯᠢᠩ᠂ ᠠᠶ ᠯᠢ ᠬᠤᠸᠠ᠂ ᠴᠡᠴᠡᠭ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ | ᠷᠧᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ | ᠯᠢᠨ ᠬᠤᠷᠠᠯ ᠳᠤ ᠣᠷᠣᠯᠴᠠᠵᠠᠶ᠃ | | | | ᠬᠤᠸᠠᠩ ᠰᠢᠶᠤᠤ ᠸᠧᠶ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠡᠮᠦᠨ᠎ᠡ ᠠᠴᠠ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ | ᠡᠮᠡᠭᠲᠡᠶᠢᠴᠦᠳ ᠤᠨ ᠦᠢᠯᠡᠰ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ | ᠤᠯᠤᠰ ᠤᠨ ᠦᠨᠳᠦᠰᠦᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ᠂ ᠠᠯᠢ ᠣᠯᠠᠨ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠨᠡᠶᠢᠲᠡᠯᠡᠵᠦ᠂ ᠡᠮᠡᠭᠲᠡᠶᠢᠴᠦᠳ ᠤᠨ ᠠᠵᠢᠯ ᠳᠠᠬᠢ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ᠬᠥᠭᠵᠢᠯᠲᠡ ᠶᠢᠨ ᠲᠦᠪᠰᠢᠨ ᠪᠦᠬᠦ ᠲᠠᠯ᠎ᠠ ᠪᠠᠷ | ᠳᠡᠭᠡᠭᠰᠢᠯᠡᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠪᠦᠬᠦ ᠲᠠᠯ᠎ᠠ ᠪᠠᠷ ᠭᠦᠨᠵᠡᠭᠡᠶᠢᠷᠡᠨ ᠥᠷᠭᠡᠵᠢᠵᠦ᠂ | ᠡᠮᠡᠭᠲᠡᠶᠢᠴᠦᠳ ᠤᠨ ᠦᠢᠯᠡᠰ ᠤᠷᠢᠳ ᠡᠮᠦᠨ᠎ᠡ ᠭᠠᠷᠤᠭ᠎ᠠ ᠦᠭᠡᠢ ᠬᠥᠭᠵᠢᠯᠲᠡ ᠳᠠᠪᠰᠢᠯᠲᠠ ᠲᠠᠢ ᠪᠣᠯᠵᠤ᠂ ᠥᠪᠥᠷ | ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠭᠰᠡᠨ ᠪᠥᠭᠡᠳ ᠪᠦᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠰᠲ᠋ᠧᠮ ᠳᠤ ᠠᠮᠢᠳᠤ ᠰᠣᠷᠭᠤᠭ | ᠲᠤᠷᠰᠢᠯᠭ᠎ᠠ ᠬᠠᠩᠭᠠᠵᠠᠢ ᠬᠡᠪᠡ᠃ ᠲᠡᠷᠡ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠡᠮᠡᠭᠲᠡᠶᠢᠴᠦᠳ ᠤᠨ | ᠦᠢᠯᠡᠰ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠦ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠢᠵᠢᠭ ᠲᠠᠢ ᠲᠡᠮᠡᠴᠡᠭᠰᠡᠨ ᠠᠭᠤᠤ ᠶᠡᠭᠡ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠦᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ | ᠬᠡᠷᠡᠭᠳᠡᠢ︔ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ | ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ᠂ ᠥᠪᠥᠷ ᠮᠣᠩᠭᠤᠯ ᠤᠨ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠳᠡᠢ︔ ᠰᠢᠨ᠎ᠡ | ᠴᠠᠭ ᠦᠶ᠎ᠡ ᠶᠢᠨ ᠭᠡᠷ ᠪᠦᠯᠢ ᠶᠢᠨ ᠠᠵᠢᠯ ᠢ ᠨᠠᠷᠢᠨ ᠨᠢᠮᠪᠠᠢ ᠬᠢᠵᠦ᠂ ᠲᠥᠷᠥᠯ ᠬᠤᠪᠢᠶᠠᠨ ᠠᠵᠢᠯ ᠢᠶᠠᠨ ᠥᠷᠨᠢᠭᠦᠯᠵᠦ | ᠦᠢᠯᠡᠴᠢᠯᠡᠭᠡ ᠬᠠᠩᠭᠠᠨ᠂ ᠬᠡᠷ ᠪᠦᠯᠢ ᠶᠢᠨ ᠰᠤᠷᠭᠠᠯ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠳᠡᠢ︔ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠦ᠂ ᠪᠠᠶᠢᠩᠭᠤ ᠶᠢᠨ ᠴᠢᠨᠠᠷᠲᠠᠶ ᠡᠷᠬᠡ ᠪᠠᠨ ᠬᠠᠮᠠᠭᠠᠯᠠᠬᠤ | ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠳᠡᠢ︔ ᠡᠮᠡᠭᠲᠡᠶᠢᠴᠦᠳ ᠤᠨ ᠬᠤᠯᠪᠤᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠣᠷᠣᠨ ᠤ | ᠡᠮᠡᠭᠲᠡᠶᠢᠴᠦᠳ ᠤᠨ ᠠᠵᠢᠯ ᠤᠨ ᠰᠢᠨ᠎ᠡ ᠶᠢ ᠡᠭᠦᠳᠦᠨ ᠬᠦᠭᠵᠢᠬᠦ ᠵᠠᠮ ᠢ ᠢᠳᠡᠪᠬᠢᠲᠡᠶ ᠰᠦᠪᠡᠭᠴᠢᠯᠡᠵᠦ᠂ ᠤᠯᠤᠰ | ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠨ ᠴᠢᠩᠭᠠᠳᠬᠠᠬᠤ ᠬᠡᠷᠡᠭᠳᠡᠢ ᠬᠡᠵᠥ | ᠬᠦᠰᠡᠪᠡ᠃ | | | | ᠱᠢ ᠲᠠᠢ ᠹᠧᠩ ᠶᠠᠭᠤᠨ ᠤ ᠡᠮᠦᠨ᠎ᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ ᠲᠡᠷᠡ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠪᠥᠬᠦ ᠣᠷᠣᠨ ᠤ ᠡᠮᠡᠭᠲᠡᠶᠢᠴᠦᠳ ᠤᠨ ᠦᠢᠯᠡᠰ ᠦᠷᠨᠢᠭᠦᠨ | ᠬᠥᠭᠵᠢᠵᠦ᠂ ᠡᠮᠡᠭᠲᠡᠶᠢᠴᠦᠳ ᠤᠨ ᠠᠵᠢᠯ ᠵᠠᠮ ᠨᠡᠭᠡᠭᠡᠨ ᠤᠷᠤᠭᠰᠢᠯᠠᠭᠰᠠᠨ ᠲᠠᠪᠤᠨ ᠵᠢᠯ ᠮᠥᠨ᠃ ᠲᠠᠪᠤᠨ ᠵᠢᠯ ᠤᠨ | ᠲᠤᠷᠰᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠡᠯ᠎ᠡ ᠹᠷᠣᠨᠲ ᠲᠤ ᠠᠪᠢᠶᠠᠰ | ᠴᠢᠳᠠᠪᠤᠷᠢ ᠪᠠᠨ ᠪᠠᠳᠠᠷᠠᠭᠤᠯᠵᠤ᠂ ᠡᠯ᠎ᠡ ᠠᠵᠢᠯ ᠲᠦᠷᠦᠯ ᠳᠤ ᠡᠷᠡᠮᠡᠬᠡᠶᠢᠯᠡᠨ ᠤᠷᠤᠭᠰᠢᠯᠠᠵᠤ᠂ ᠪᠡᠶ᠎ᠠ ᠪᠠᠨ | ᠬᠦᠨᠳᠦᠳᠬᠡᠵᠤ ᠪᠡᠶ᠎ᠠ ᠪᠠᠨ ᠢᠲᠡᠭᠡᠬᠦ᠂ ᠦᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ | ᠡᠮᠡᠭᠲᠡᠶᠢᠴᠦᠳ ᠤᠨ ᠢᠷᠠᠭᠤ ᠲᠤᠤᠯᠢᠰ ᠢ ᠪᠢᠴᠢᠭᠯᠡᠪᠡ︔ ᠪᠦᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ | ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ | ᠦᠨᠳᠦᠰᠦᠨ ᠱᠠᠲᠤᠨ ᠳᠤ ᠬᠠᠨᠳᠤᠵᠤ ᠡᠮᠡᠭᠲᠡᠶᠢᠴᠦᠳ ᠲᠤ ᠦᠢᠯᠡᠴᠢᠯᠡᠨ᠂ ᠶᠡᠭᠡ ᠬᠡᠮᠵᠢᠶᠡᠨ ᠤ ᠲᠤᠪᠤᠶᠢᠮ᠎ᠠ | ᠠᠮᠵᠢᠯᠳᠠ ᠲᠠᠢ ᠠᠵᠢᠯ ᠬᠢᠵᠦ᠂ ᠪᠦᠬᠦ ᠣᠷᠣᠨ ᠤ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ | ᠨᠠᠮ ᠤᠨ ᠲᠦᠷᠦ ᠪᠠᠷᠢᠬᠤ ᠤᠯᠠᠨ ᠲᠦᠮᠡᠡ ᠤ ᠰᠠᠭᠤᠷᠢ ᠶᠢ ᠪᠠᠬᠢᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠠᠢ | ᠭᠡᠵᠦ ᠵᠢᠭᠠᠵᠦ ᠭᠠᠷᠭᠠᠪᠠ᠃ | ᠱᠢ ᠲᠠᠢ ᠹᠧᠩ᠂ ᠣᠳᠣᠬᠠᠨ ᠳᠤ ᠥᠪᠥᠷ ᠮᠣᠩᠭᠤᠯ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠦᠶ᠎ᠡ ᠪᠠ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠴᠢᠬᠤᠯᠠ ᠪᠤᠭᠤᠮᠳᠠ ᠳᠤ ᠣᠷᠣᠰᠢᠵᠤ ᠪᠤᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠶ ᠶᠢ ᠤᠷᠢᠳ ᠢᠶᠠᠷ ᠪᠤᠲᠤᠯᠬᠢᠯᠠᠬᠤ᠂ ᠪᠣᠬᠢᠷᠲᠤᠯ ᠦᠭᠡᠶ | ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ | ᠰᠦᠪᠡᠭᠴᠢᠯᠡᠨ ᠰᠠᠶᠢᠳᠦᠷ ᠵᠠᠮᠨᠠᠬᠤ ᠳᠤ ᠪᠦᠬᠦ ᠣᠷᠣᠨ ᠤ ᠥᠷᠭᠡᠨ ᠣᠯᠠᠨ ᠡᠮᠡᠭᠲᠡᠶᠢᠴᠦᠳ ᠤᠨ ᠥᠷᠭᠡᠨ ᠢᠶᠠᠷ | ᠤᠷᠤᠯᠴᠠᠵᠤ ᠬᠠᠮᠲᠤ ᠪᠠᠷ ᠲᠡᠮᠡᠴᠡᠬᠦ ᠶᠢ ᠱᠠᠭᠠᠷᠳᠠᠵᠤ ᠪᠠᠶᠢᠨ᠎ᠠ᠃ ᠥᠷᠭᠡᠨ ᠣᠯᠠᠨ ᠡᠮᠡᠭᠲᠡᠶᠢᠴᠦᠳ ᠡᠷᠴᠢ | ᠵᠣᠷᠢᠭ ᠢᠶᠠᠨ ᠬᠥᠪᠴᠢᠯᠠᠵᠦ᠂ ᠬᠦᠴᠦᠨ ᠴᠢᠳᠠᠯ ᠢᠶᠠᠨ ᠡᠷᠭᠦᠵᠦ᠂ ᠡᠮᠡᠭᠲᠡᠶᠢᠴᠤᠦᠨ ᠤᠨ ᠭᠤᠸ᠎ᠠ ᠰᠠᠶᠢᠬᠠᠨ ᠢ | ᠪᠠᠳᠠᠷᠠᠭᠤᠯᠵᠦ᠂ ᠡᠮᠡᠭᠳᠠᠶᠢᠴᠤᠳ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠳᠤᠷᠭᠤ | ᠦᠢᠯᠡᠳᠦᠯᠭᠡᠵᠢᠭᠦᠯᠦᠭᠴᠢ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢᠨ ᠬᠦᠴᠦᠲᠡᠢ | ᠠᠬᠢᠭᠤᠯᠤᠭᠴᠢ᠂ ᠨᠡᠶᠢᠭᠡᠮ ᠤᠨ ᠪᠣᠯᠪᠠᠰᠤᠨ ᠬᠡᠪ ᠰᠤᠷᠲᠠᠯ ᠤᠨ ᠵᠢᠱᠢᠶᠡᠴᠢ ᠲᠠᠭᠠᠭᠤᠯᠤᠭᠴᠢ᠂ ᠪᠡᠶ᠎ᠠ ᠪᠠᠨ | ᠬᠦᠨᠳᠦᠳᠬᠡᠬᠦ ᠪᠡᠶ᠎ᠠ ᠪᠠᠨ ᠢᠳᠡᠭᠡᠬᠦ ᠪᠠ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠴᠠᠭ ᠦᠶ᠎ᠡ ᠶᠢᠨ ᠡᠷᠡᠯᠬᠡᠭᠯᠡᠨ | ᠲᠡᠮᠡᠴᠡᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠨᠦᠭᠦᠳ ᠤᠨ | ᠡᠮᠡᠭᠲᠡᠶᠢᠴᠦᠳ ᠢ ᠥᠷᠭᠡᠨ ᠢᠶᠠᠷ ᠪᠦᠯᠬᠦᠮᠳᠡᠭᠦᠯᠦᠨ ᠣᠶᠤᠨ ᠤᠬᠠᠭᠠᠨ ᠪᠠ ᠬᠦᠴᠦᠨ ᠴᠢᠳᠠᠯ ᠢ ᠨᠢ ᠨᠢᠭᠲᠠᠷᠠᠭᠤᠯᠵᠤ᠂ | ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ | ᠴᠢᠩᠭᠠᠳᠬᠠᠨ ᠰᠠᠶᠢᠵᠢᠷᠠᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠬᠠᠤᠯᠢ ᠶᠣᠰᠣᠭᠠᠷ ᠲᠦᠷᠢᠮ ᠲᠣᠭᠲᠠᠭᠠᠯ | ᠶᠣᠰᠣᠭᠠᠷ ᠪᠦᠲᠦᠭᠡᠯᠴᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠪᠥᠬᠦ ᠨᠡᠶᠢᠭᠡᠮ ᠳᠤ ᠡᠮᠡᠭᠲᠡᠶᠢᠴᠦᠳ ᠤᠨ | ᠪᠠᠶᠢᠷᠢ ᠰᠠᠭᠤᠷᠢ ᠶᠢ ᠬᠦᠨᠳᠦᠳᠬᠡᠬᠦ᠂ ᠡᠮᠡᠭᠲᠡᠶᠢᠴᠦᠳ ᠤᠨ ᠦᠢᠯᠡᠰ ᠢ ᠬᠠᠯᠠᠮᠵᠢᠯᠠᠬᠤ᠂ ᠡᠮᠡᠭᠲᠡᠶᠢᠴᠦᠳ ᠤᠨ ᠠᠵᠢᠯ ᠢ | ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠪᠦᠷᠢᠯᠳᠦᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠬᠦᠤᠲᠠᠭᠤᠯᠠ | ᠬᠤᠷᠠᠯ ᠢ ᠡᠷᠬᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠳᠡᠳ᠋ ᠲᠡᠷᠢᠭᠦᠯᠡᠭᠴᠢ ᠭᠦᠩ ᠵᠢᠶᠠ ᠳ᠋ᠦᠩ ᠡᠯ᠎ᠡ ᠤᠯᠠᠨ ᠲᠦᠮᠡᠨ ᠤ ᠪᠦᠯᠬᠦᠮ ᠢ ᠲᠥᠯᠥᠭᠡᠯᠡᠨ ᠶᠡᠭᠡ | ᠬᠤᠷᠠᠯ ᠳᠤ ᠪᠠᠶᠠᠷ ᠤᠨ ᠦᠭᠡ ᠬᠡᠯᠡᠪᠡ᠃ ᠲᠣᠰ ᠤᠳᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ | ᠬᠤᠷᠠᠯ 3 ᠡᠳᠦᠷ ᠬᠤᠷᠠᠯᠳᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠦᠪᠯᠡᠯ ᠪᠠ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠢ ᠰᠣᠩᠭᠤᠵᠤ ᠭᠠᠷᠭᠠᠬᠤ ᠪᠣᠯᠤᠨ᠎ᠠ᠃ |