9 ᠳ᠋ᠦ᠋ᠭᠡᠷ ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ 189 ᠬᠡᠤᠬᠡᠳ ᠤᠨ ᠴᠡᠴᠡᠷᠯᠢᠭ᠂ 4 | ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ 118 ᠪᠠᠭ᠎ᠠ ᠰᠤᠷᠭᠠᠭᠤᠯᠢ᠂ 47 ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ 25 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ 3 ᠡᠩ ᠤᠨ ᠳᠤᠮᠳᠠᠳᠤ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠴᠠᠭ ᠲᠤ ᠪᠠᠨ ᠰᠤᠷᠭᠠᠭᠤᠯᠢ ᠡᠬᠢᠯᠡᠵᠦ᠂ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠪᠠᠨ ᠤᠷᠤᠭᠰᠢᠲᠠᠢ ᠤᠭᠲᠤᠪᠠ᠃ | ᠪᠦᠬᠦ ᠬᠤᠲᠠ ᠶᠢᠨ ᠡᠯ᠎ᠡ ᠰᠤᠷᠭᠠᠭᠤᠯᠢ ︵ᠴᠡᠴᠡᠷᠯᠢᠭ︶ ᠶᠢᠨ 2020 ᠣᠨ ᠤ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠬᠠᠮᠲᠤ ᠲᠡᠭᠦᠨ ᠢ ᠪᠠᠨ ᠲᠥᠷᠭᠡᠨ ᠢᠶᠠᠷ ᠵᠥᠪ | ᠵᠠᠮ ᠳᠤ ᠣᠷᠤᠭᠤᠯᠬᠤ ᠶᠢ ᠠᠬᠢᠭᠤᠯᠬᠤ ᠶᠢᠨ ᠲᠤᠰᠠᠳᠠ᠂ 8 ᠳ᠋ᠤᠭᠠᠷ ᠰᠠᠷ᠎ᠠ ᠶᠢᠨ 23 ᠤ ᠡᠳᠦᠷ ᠠᠴᠠ 28 ᠤ ᠡᠳᠦᠷ | ᠪᠣᠯᠲᠠᠯ᠎ᠠ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠲᠠ ᠶᠢᠨ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢ ᠪᠥᠬᠦ | ᠲᠠᠯ᠎ᠠ ᠪᠠᠷ ᠨᠠᠷᠢᠨ ᠨᠢᠮᠪᠠᠶ ᠬᠢᠨᠠᠨ ᠵᠢᠯᠣᠭᠤᠳᠴᠤ ᠪᠠᠶᠢᠴᠠᠭᠠᠪᠠ᠂ ᠡᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ ᠵᠡᠷᠭᠡ | ᠪᠠᠭᠲᠠᠨ᠎ᠠ᠃ ᠬᠢᠨᠠᠨ ᠵᠢᠯᠣᠭᠤᠳᠴᠤ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠰᠤᠷᠭᠠᠭᠤᠯᠢ ᠡᠬᠢᠯᠡᠬᠦ ᠠᠴᠠ | ᠡᠮᠦᠨᠡᠬᠡᠨ᠂ ᠡᠯ᠎ᠡ ᠰᠤᠷᠭᠠᠭᠤᠯᠢ ᠴᠥᠮ ︽ᠵᠢᠷᠭᠤᠭ᠎ᠠ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠪᠡ᠂ ᠲᠤᠬᠠᠶᠢᠯᠠᠪᠠᠯ᠄ | ᠰᠤᠷᠤᠭᠴᠢ ᠪᠠᠭᠰᠢ ᠶᠢ ᠣᠷᠣᠨ ᠪᠠᠶᠢᠷᠢ ᠳᠤ ᠨᠢ ᠪᠣᠳᠠᠲᠠᠶᠢᠵᠢᠭᠤᠯᠵᠦ᠂ ᠬᠢᠴᠢᠶᠡᠯ ᠤᠨ ᠪᠢᠴᠢᠭ ᠢ ᠪᠣᠳᠠᠲᠠᠶᠢᠵᠢᠭᠤᠯᠵᠦ᠂ | ᠵᠢᠭᠠᠨ ᠰᠤᠷᠭᠠᠬᠤ ᠪᠡᠯᠡᠳᠬᠡᠯ ᠠᠵᠢᠯ ᠢ ᠪᠣᠳᠠᠲᠠᠶᠢᠵᠢᠭᠤᠯᠵᠦ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠤᠭᠠᠳ ᠲᠣᠭᠲᠠᠭᠰᠠᠨ | ᠴᠠᠭ ᠲᠤ ᠪᠠᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠨᠥᠬᠦᠴᠡᠯ ᠢ ᠪᠦᠷᠢᠯᠳᠦᠭᠦᠯᠪᠡ᠃ |