ᠪᠦᠬᠦ ᠤᠷᠤᠨ ᠤ ᠬᠦᠳᠡᠭᠡ ᠲᠤᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠶᠢᠭᠤᠯᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2020/9/3
     8 ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠲᠠᠷᠢᠶᠠᠨ ᠭᠠᠵᠠᠷ  ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠶᠢᠭᠤᠯᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠵᠠᠢ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠤᠤ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠲᠠᠷᠢᠶᠠᠨ ᠭᠠᠵᠠᠷ ᠢ ᠬᠠᠮᠠᠭᠠᠯᠠᠬᠤ ᠪᠤᠯ 14 ᠳ᠋ᠦᠩᠰᠢᠭᠤᠷ ᠬᠦᠮᠦᠨ ᠤ ᠬᠤᠭᠤᠯᠠ ᠢᠳᠡᠬᠦ ᠶᠡᠭᠡ ᠬᠡᠷᠡᠭ ᠲᠠᠢ ᠬᠤᠯᠪᠤᠭᠳᠠᠬᠤ᠂ ᠤᠯᠤᠰ ᠭᠡᠷ ᠤᠨ ᠠᠮᠤᠷ ᠲᠦᠪᠰᠢᠨ  ᠤ ᠶᠡᠭᠡ ᠲᠠᠯ᠎ᠠ ᠶᠢ ᠨᠦᠯᠦᠭᠡᠯᠡᠬᠦ᠂ ᠦᠴᠦᠬᠡᠨ ᠴᠤ ᠠᠯᠳᠠᠭ᠎ᠠ ᠭᠠᠷᠭᠠᠬᠤ ᠦᠭᠡᠢ ᠪᠠᠶᠢᠬᠤ ᠪᠠᠶᠢᠯᠳᠤᠬᠤ ᠪᠤᠳᠤᠯᠭ᠎ᠠ ᠶᠢᠨ ᠪᠤᠳᠤᠯᠬᠢᠯᠠᠯ ᠠᠴᠠ ᠡᠭᠦᠰᠴᠤ᠂ ᠬᠠᠷᠢᠭᠤᠴᠠᠯᠭᠠᠳᠤ ᠰᠡᠳᠭᠢᠯᠭᠡ ᠪᠤᠯᠤᠨ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠶᠢᠭᠤᠯᠬᠤ ᠵᠡᠷᠭᠡ ᠪᠠᠶᠢᠳᠠᠯ ᠢ ᠡᠷᠡᠰ ᠬᠤᠷᠢᠭᠯᠠᠵᠤ᠂ ᠲᠠᠷᠢᠶᠠᠨ ᠭᠠᠵᠠᠷ ᠤᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠤᠯᠤᠰ  ᠤᠨ ᠠᠮᠤᠷ ᠲᠦᠪᠰᠢᠨ ᠢ ᠪᠠᠳᠤᠯᠠᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ︽ᠨᠠᠢᠮᠠ ᠶᠢ ᠵᠦᠪᠰᠢᠶᠡᠷᠡᠬᠦ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠤᠭᠳᠤ ᠠᠭᠤᠴᠢᠯᠠᠬᠤ ᠦᠭᠡᠢ︾ ᠤᠪᠤᠷ ᠢᠶᠠᠷ ᠨᠡᠮᠡᠭᠳᠡᠯ ᠢ ᠡᠷᠡᠰ ᠬᠤᠷᠢᠭᠯᠠᠵᠤ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠯᠠᠭᠠᠨ ᠱᠤᠭᠤᠮ ᠢ ᠰᠠᠬᠢᠬᠤ ᠬᠡᠷᠡᠭᠳᠠᠢ᠃ ᠪᠤᠳᠠᠳᠤ ᠪᠠᠶᠢᠳᠠᠯ ᠠᠴᠠ ᠡᠭᠦᠰᠴᠤ᠂ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠵᠤ᠂ ᠦᠨᠡᠨ ᠪᠤᠳᠠᠳᠠᠢ ᠶᠢ ᠡᠷᠬᠢᠮᠯᠡᠵᠦ᠂ ᠬᠠᠤᠯᠢ ᠲᠤᠭᠳᠠᠭᠠᠯ ᠶᠤᠰᠤᠭᠠᠷ ᠬᠠᠳᠠᠭᠠᠯᠠᠬᠳᠠᠴᠠ ᠶᠢ ᠵᠤᠬᠢᠰᠳᠠᠢ ᠰᠢᠢᠳᠪᠦᠷᠢᠯᠡᠵᠤ᠂ ᠠᠯᠪᠠᠳᠠᠯᠭ᠎ᠠ ᠪᠠᠷ ᠡᠵᠡᠯᠡᠬᠦ᠂ ᠢᠯᠡᠭᠦᠦ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠬᠦ ᠪᠠᠷ ᠪᠠᠷᠠᠬᠤ ᠦᠭᠡᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ᠲᠠᠷᠢᠶᠠᠴᠢᠳ ᠤᠨ ᠵᠦᠢ ᠶᠤᠰᠤᠨ ᠤ ᠭᠡᠷ ᠪᠠᠶᠢᠰᠢᠩ ᠪᠠᠶᠢᠭᠤᠯᠬᠤ ᠬᠡᠷᠡᠭᠴᠡᠭᠡ ᠶᠢ ᠰᠠᠶᠢᠳᠤᠷ ᠪᠠᠳᠤᠯᠠᠬᠤ ᠬᠡᠷᠡᠭᠳᠠᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠷᠤᠨ ᠨᠤᠲᠤᠭ ᠤᠨ ᠭᠤᠤᠯ ᠴᠤᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠳᠤᠨ ᠤ ᠺᠠᠳ᠋ᠷᠴᠤᠳ ᠤᠨ ᠢᠳᠡᠪᠬᠢᠵᠢᠯ ᠢ ᠬᠦᠭᠵᠢᠭᠡᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠴᠡᠭᠴᠡᠯᠡᠨ ᠵᠠᠰᠠᠬᠤ ᠠᠵᠢᠯ ᠦᠨᠡᠨ ᠪᠤᠳᠠᠳᠠᠢ ᠦᠷ᠎ᠠ ᠪᠦᠲᠦᠮᠵᠢ ᠤᠯᠬᠤ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠲᠤᠰ ᠬᠤᠷᠠᠯ ᠢ ᠠᠶᠢᠮᠠᠭ ᠬᠤᠳᠠ ᠬᠦᠷᠳᠡᠯ᠎ᠠ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠳᠠᠨ ᠨᠦᠬᠦᠷ ᠬᠡᠷᠡᠭᠵᠢᠭᠦᠯᠬᠦ ᠶᠢ ᠬᠢᠨᠠᠨ ᠪᠠᠳᠤᠯᠠᠬᠤ᠂ ᠬᠦᠭᠵᠢᠯᠳᠡ ᠶᠢ ᠠᠬᠢᠭᠤᠯᠬᠤ ᠲᠠᠯ᠎ᠠ ᠠᠴᠠ ᠪᠠᠶᠢᠷᠢᠯᠠᠭᠤᠯᠤᠯᠳᠠ ᠬᠢᠵᠤ᠂ ᠪᠠᠶᠢᠭᠠᠯᠢ ᠶᠢᠨ ᠡᠬᠢ ᠪᠠᠶᠠᠯᠢᠭ  ᠤᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠠᠷᠠᠳ  ᠤᠨ ᠦᠨᠳᠦᠷ ᠵᠡᠷᠬᠡ ᠶᠢᠨ ᠰᠢᠭᠦᠬᠦ ᠬᠤᠷᠢᠶ᠎ᠠ ᠶᠢᠨ ᠬᠠᠷᠢᠭᠤᠴᠠᠯᠭᠠᠳᠠᠨ ᠨᠦᠭᠦᠳ ᠲᠤᠰ ᠲᠤᠰ ᠦᠭᠡ ᠬᠡᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号