9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ | ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠳᠣᠭᠢᠷᠠᠭᠤᠯᠬᠤ ᠨᠠᠩ ᠲᠡᠭᠦᠯᠳᠡᠷᠵᠢᠭᠰᠡᠨ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠰᠠᠨᠠᠯ︾᠂ ᠣᠷᠣᠨ ᠨᠤᠲᠤᠭ ᠤᠨ ᠴᠢᠨᠠᠷᠲᠠᠶ ᠬᠡᠰᠡᠭ ᠬᠠᠤᠯᠢ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠵᠡᠷᠭᠡ ᠵᠦᠢᠯᠡᠰ ᠢ ᠰᠤᠳᠤᠯᠪᠠ᠃ | ᠬᠤᠷᠠᠯ ᠠᠴᠠ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠪᠣᠯ ᠨᠢᠭᠡᠳᠦᠯᠲᠡᠢ ᠨᠡᠭᠡᠭᠡᠯᠲᠡᠲᠡᠢ᠂ ᠥᠷᠢᠰᠥᠯᠳᠦᠭᠡᠨ ᠡᠮᠬᠢ ᠳᠢᠭᠯᠢᠮ ᠲᠠᠢ ᠵᠠᠬ᠎ᠠ | ᠳᠡᠯᠭᠡᠭᠦᠷ ᠤᠨ ᠰᠢᠰᠲ᠋ᠧᠮ ᠢ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ | ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠡᠩ ᠲᠡᠭᠦᠯᠳᠡᠷᠵᠢᠭᠰᠡᠨ ᠪᠠᠶᠢᠭᠤᠯᠤᠮᠵᠢ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠳᠡᠢ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠴᠢᠨᠠᠷᠲᠠᠶ ᠭᠠᠭᠴᠠᠭᠠᠷ ᠡᠵᠡᠮᠰᠢᠯ ᠢ ᠡᠪᠳᠡᠵᠦ᠂ | ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠯ ᠢ ᠰᠡᠷᠭᠡᠶᠢᠯᠡᠨ᠂ ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ | ᠲᠣᠭᠲᠠᠭᠠᠯ ᠪᠠ ᠠᠷᠭ᠎ᠠ ᠬᠢᠳᠡᠯ ᠢ ᠠᠷᠢᠯᠭᠠᠨ ᠬᠦᠴᠦᠨ ᠦᠭᠡᠢ ᠪᠣᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ | ᠤᠯᠠᠮ ᠨᠢᠭᠡ ᠠᠯᠬᠤᠮ ᠬᠥᠭᠵᠢᠭᠡᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠳᠦᠷᠢᠮ ︵ᠲᠥᠰᠦᠯ︶︾ ᠵᠡᠷᠭᠡ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠤᠬᠠᠶ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠲᠣᠭᠲᠠᠭᠠᠯ ᠢ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |