9 ᠰᠠᠷ᠎ᠠ ᠶᠢᠨ 8 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠡᠨᠡ ᠵᠢᠯ ᠤᠨ ᠭᠤᠷᠪᠠᠳᠤᠭᠠᠷ ᠤᠳᠠᠭ᠎ᠠ ᠶᠢᠨ ᠴᠠᠭ ᠤᠨ ᠪᠠᠶᠢᠳᠠᠯ ᠢ ᠮᠡᠳᠡᠵᠦ ᠲᠦᠷᠦ ᠶᠢᠨ ᠶᠠᠪᠤᠳᠠᠯ ᠢ | ᠤᠢᠢᠯᠠᠭᠠᠬᠤ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠰᠢᠨ᠎ᠡ ᠡᠨᠧᠷᠬᠢ ᠶᠢᠨ ᠠᠵᠦ | ᠦᠢᠯᠡᠰ ᠤᠨ ᠬᠦᠭᠵᠢᠯᠲᠡ ᠶᠢᠨ ᠪᠠᠶᠢᠳᠠᠯ ᠪᠤᠯᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠵᠠᠷᠯᠠᠨ | ᠮᠡᠳᠡᠭᠳᠡᠵᠡᠢ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ | ᠤᠨ ᠱᠦᠵᠢ᠂ ᠲᠡᠷᠢᠬᠦᠯᠡᠭᠴᠢ ᠯᠢ ᠰᠢᠥ ᠯᠢᠩ ᠬᠤᠷᠠᠯ ᠳᠤ ᠤᠷᠤᠯᠴᠠᠵᠠᠢ᠃ ᠦᠪᠡᠷᠲᠡᠭᠡᠨ ᠵᠠᠰᠠᠬᠤ ᠤᠷᠤᠨ ᠤ ᠳᠡᠳ᠋ | ᠲᠡᠷᠢᠬᠦᠯᠡᠭᠴᠢ ᠠᠢ ᠯᠢ ᠬᠤᠸᠠ ᠦᠪᠡᠷᠲᠡᠭᠡᠨ ᠵᠠᠰᠠᠬᠤ ᠤᠷᠤᠨ ᠤ ᠰᠢᠨ᠎ᠡ ᠡᠨᠧᠷᠬᠢ ᠶᠢᠨ ᠠᠵᠦ ᠦᠢᠯᠡᠰ ᠤᠨ | ᠬᠦᠭᠵᠢᠯᠲᠡ ᠶᠢᠨ ᠪᠠᠶᠢᠳᠠᠯ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ | ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠵᠠᠷᠯᠠᠨ ᠮᠡᠳᠡᠭᠳᠡᠪᠠ᠃ ᠦᠪᠡᠷᠲᠡᠭᠡᠨ ᠵᠠᠰᠠᠬᠤ ᠤᠷᠤᠨ ᠤ | ᠴᠠᠬᠢᠯᠭᠠᠨ ᠬᠦᠴᠦᠨ ᠤ ᠺᠤᠮᠫᠠᠨᠢ ᠶᠢᠨ ᠲᠦᠯᠦᠪᠯᠡᠭᠡ ᠬᠦᠭᠵᠢᠭᠦᠯᠦᠯᠲᠡ ᠶᠢᠨ ᠭᠠᠵᠠᠷ ᠤᠨ ᠬᠠᠷᠢᠭᠤᠴᠠᠯᠭᠠᠲᠠᠨ ᠰᠢᠨ᠎ᠡ | ᠡᠨᠧᠷᠬᠢ ᠶᠢ ᠨᠡᠭᠡᠭᠡᠨ ᠬᠦᠭᠵᠢᠬᠦᠯᠵᠤ ᠠᠰᠢᠬᠯᠠᠬᠤ ᠲᠤᠭᠤᠷᠢᠨ ᠳᠤ ᠲᠤᠰᠬᠠᠢ ᠰᠡᠳᠦᠪᠲᠦ ᠵᠠᠳᠠᠯᠤᠯᠲᠠ ᠪᠠ ᠪᠠᠷᠠᠯᠠᠯ | ᠬᠢᠵᠡᠢ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠯᠦᠸᠧ ᡁᠢ | ᠬᠤ᠋᠂ ᠯᠢᠥ ᠰᠢᠨ ᠯᠧ᠂ ᠵᠠᠩ ᠬᠤᠸᠠ᠂ ᠴᠡᠴᠡᠭ᠂ ᠸᠧᠢ ᠬᠦᠸᠧ ᠨᠠᠨ ᠬᠤᠷᠠᠯ ᠳᠤ ᠤᠷᠤᠯᠴᠠᠵᠦ᠂ ᠦᠪᠡᠷᠲᠡᠭᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠢ | ᠡᠷᠬᠢᠯᠡᠪᠡ᠃ | ᠠᠢ ᠯᠢ ᠬᠤᠸᠠ ᠵᠠᠷᠯᠠᠨ ᠮᠡᠳᠡᠭᠳᠡᠬᠦ ᠳᠡᠭᠡᠨ᠂ ᠬᠡᠪᠴᠢᠶᠡᠵᠢᠬᠦᠯᠦᠨ ᠨᠡᠭᠡᠭᠡᠨ ᠬᠦᠭᠵᠢᠬᠦᠯᠬᠦ᠂ ᠰᠢᠩᠭᠡᠭᠡᠨ ᠠᠪᠴᠦ | ᠠᠰᠢᠬᠯᠠᠬᠤ᠂ ᠮᠡᠷᠭᠡᠵᠢᠯ ᠤᠨ ᠰᠢᠨ᠎ᠡ ᠶᠢ ᠡᠬᠦᠳᠬᠦ᠂ ᠢᠵᠢ ᠪᠦᠷᠢᠳᠦᠭᠰᠡᠨ ᠠᠵᠦ ᠦᠢᠯᠡᠰ ᠢ ᠬᠦᠭᠵᠢᠭᠦᠯᠬᠦ᠂ | ᠪᠤᠬᠢᠷᠳᠤᠯ ᠦᠬᠡᠢ ᠪᠠᠷ ᠬᠦᠭᠵᠢᠬᠦᠯᠬᠦ᠂ ᠬᠡᠷᠡᠯᠴᠢ ᠴᠡᠨᠡᠭ ᠢᠶᠠᠷ ᠶᠠᠳᠠᠭᠤ ᠶᠢ ᠳᠡᠳᠬᠦᠬᠦ ᠢᠨᠵᠧᠨᠧᠷᠢᠩ᠂ ᠵᠠᠬ᠎ᠠ | ᠳᠡᠯᠭᠡᠬᠦᠷᠴᠢᠯᠡᠨ ᠳᠣᠬᠢᠷᠠᠭᠤᠯᠬᠤ ᠵᠡᠷᠭᠡ ᠲᠤᠯᠤᠭᠠᠨ ᠲᠠᠯ᠎ᠠ ᠪᠠᠷ ᠮᠠᠨ ᠤ ᠤᠷᠤᠨ ᠤ ᠰᠢᠨ᠎ᠡ ᠡᠨᠧᠷᠬᠢ ᠶᠢᠨ ᠠᠵᠦ | ᠦᠢᠯᠡᠰ ᠤᠨ ᠬᠦᠭᠵᠢᠯᠲᠡ ᠶᠢᠨ ᠤᠳᠤᠬᠢ ᠪᠠᠶᠢᠳᠠᠯ ᠢ ᠨᠠᠷᠢᠨ ᠲᠤᠭᠠᠴᠢᠨ ᠦᠭᠦᠯᠡᠵᠦ᠂ ᠮᠠᠨ ᠤ ᠤᠷᠤᠨ ᠤ | ᠤᠳᠤᠬᠠᠨ ᠤ ᠰᠢᠨ᠎ᠡ ᠡᠨᠧᠷᠬᠢ ᠶᠢᠨ ᠠᠵᠦ ᠦᠢᠯᠡᠰ ᠤᠨ ᠬᠦᠭᠵᠢᠯᠳᠡ ᠶᠢᠨ ᠤᠯᠤᠬᠰᠠᠨ ᠠᠮᠵᠢᠯᠲᠠ ᠪᠦᠲᠦᠮᠵᠢ | ᠪᠤᠯᠤᠨ ᠤᠷᠤᠰᠢᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠳᠠᠯᠵᠠᠢ︔ ︽ᠤᠯᠤᠰ ᠤᠨ ᠵᠢᠱᠢᠶ᠎ᠡ ᠦᠵᠡᠬᠦᠯᠬᠦ | ᠨᠢᠬᠡ ᠬᠦᠷᠢᠶᠡᠯᠡᠩ ᠲᠤᠭᠤᠷᠢᠭ︾ ᠢ ᠪᠦᠲᠦᠭᠡᠨ ᠪᠠᠶᠢᠭᠤᠯᠬᠤ᠂ ︽ᠮᠢᠩᠭᠠᠨ ᠳ᠋ᠦᠩᠰᠢᠭᠤᠷ ᠲᠦᠬᠦᠷᠢᠭ ᠤᠨ ᠳᠡᠰ ᠤᠨ | ᠭᠤᠷᠪᠠᠨ ᠠᠵᠦ ᠦᠢᠯᠡᠰ ᠤᠨ ᠰᠦᠷᠦᠭᠵᠢᠯ︾ ᠢ ᠴᠤᠬᠴᠠᠯᠠᠬᠤ᠂ ︽ᠭᠤᠷᠪᠠᠨ ᠰᠢᠨ᠎ᠡ ᠡᠬᠦᠳᠦᠯᠳᠡ︾ ᠶᠢ | ᠠᠬᠢᠭᠤᠯᠬᠤ᠂ ︽ᠲᠤᠯᠤᠭᠠᠨ ᠢᠨᠵᠧᠨᠧᠷᠢᠩ︾ ᠢ ᠬᠡᠷᠡᠭᠵᠢᠬᠦᠯᠬᠦ ᠵᠡᠷᠭᠡ ᠲᠠᠯ᠎ᠠ ᠪᠠᠷ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠤᠯᠤᠨ | ᠠᠷᠭ᠎ᠠ ᠬᠡᠮᠵᠢᠶ᠎ᠡ ᠶᠢ ᠲᠠᠨᠢᠯᠴᠠᠭᠤᠯᠵᠠᠢ᠃ ᠠᠢ ᠯᠢ ᠬᠤᠸᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠪᠤᠯᠤᠨ ᠬᠡᠰᠢᠭᠦᠳ ᠤᠨ ᠦᠩᠭᠡᠷᠡᠭᠰᠡᠨ ᠲᠠᠢ ᠪᠠᠨ ᠠᠳᠠᠯᠢ ᠪᠠᠷ ᠦᠪᠡᠷᠲᠡᠭᠡᠨ ᠵᠠᠰᠠᠬᠤ ᠤᠷᠤᠨ ᠤ ᠤᠳᠤ | ᠦᠶ᠎ᠡ ᠶᠢᠨ ᠡᠨᠧᠷᠬᠢ ᠪᠤᠯᠤᠨ ᠰᠢᠨ᠎ᠡ ᠡᠨᠧᠷᠬᠢ ᠶᠢᠨ ᠬᠦᠭᠵᠢᠯᠲᠡ ᠶᠢ ᠬᠠᠯᠠᠮᠵᠢᠯᠠᠨ ᠳᠡᠮᠵᠢᠵᠦ᠂ ᠢᠯᠡᠬᠦᠭᠡᠨ ᠰᠠᠨᠠᠯ | ᠰᠠᠨᠠᠭᠤᠯᠭ᠎ᠠ ᠳᠣᠷᠠᠳᠴᠣ᠂ ᠬᠠᠮᠳᠦ ᠪᠠᠷ ᠰᠢᠨ᠎ᠡ ᠡᠨᠧᠷᠬᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢ | ᠠᠬᠢᠭᠤᠯᠬᠤ ᠶᠢ ᠬᠦᠰᠡᠵᠦ ᠪᠠᠶᠢᠨ᠎ᠡ ᠭᠡᠵᠡᠢ᠃ | ᠬᠤᠷᠠᠯ ᠠᠴᠠ᠂ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠤᠯᠤᠨ ᠡᠯ᠎ᠡ | ᠠᠷᠠᠳᠴᠢᠯᠠᠬᠰᠠᠨ ᠨᠠᠮ ᠪᠦᠯᠦᠭ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠰᠢᠨ᠎ᠡ ᠡᠨᠧᠷᠬᠢ ᠶᠢᠨ ᠠᠵᠦ ᠦᠢᠯᠡᠰ ᠤᠨ ᠬᠦᠭᠵᠢᠯᠲᠡ ᠶᠢᠨ | ᠪᠠᠶᠢᠳᠠᠯ ᠢ ᠦᠷᠬᠦᠯᠵᠢᠯᠡᠨ ᠠᠩᠬᠠᠷᠤᠨ ᠬᠠᠯᠠᠮᠵᠢᠯᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠲᠦᠨ ᠤ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠠᠵᠦ | ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠲᠤᠭᠤᠷᠢᠨ ᠳᠤ ᠰᠡᠳᠬᠢᠯ ᠰᠠᠨᠠᠭ᠎ᠠ ᠶᠢ ᠨᠢᠬᠲᠠᠷᠠᠭᠤᠯᠤᠨ ᠬᠦᠴᠦᠨ | ᠴᠢᠳᠠᠯ ᠢ ᠬᠠᠮᠲᠤᠳᠬᠠᠵᠦ᠂ ᠠᠷᠭ᠎ᠠ ᠤᠬᠠᠭᠠᠨ ᠭᠠᠷᠭᠠᠵᠦ ᠠᠷᠭ᠎ᠠ ᠪᠤᠳᠤᠯᠭ᠎ᠠ ᠳᠡᠪᠰᠢᠬᠦᠯᠬᠦ ᠬᠡᠷᠡᠭᠲᠡᠢ ᠭᠡᠵᠦ | ᠱᠠᠭᠠᠷᠳᠠᠵᠠᠢ᠃ | ᠬᠦᠬᠡᠬᠤᠲᠠ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠡᠯ᠎ᠡ ᠠᠷᠠᠳᠴᠢᠯᠠᠬᠰᠠᠨ ᠨᠠᠮ | ᠪᠦᠯᠦᠭ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠪᠠᠶᠢᠭᠤᠯᠭ᠎ᠠ ᠶᠢᠨ ᠺᠠᠳ᠋ᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ | ᠶᠢᠨ ᠵᠦᠪᠯᠡᠯᠬᠡᠨ᠂ ᠬᠦᠬᠡᠬᠤᠲᠠ ᠵᠢᠴᠢ ᠡᠯ᠎ᠡ ᠲᠤᠭᠤᠷᠢᠭ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ | ᠺᠠᠳ᠋ᠷ ᠬᠤᠷᠠᠯ ᠳᠤ ᠤᠷᠤᠯᠴᠠᠵᠠᠢ᠃ |