9 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠵᠠᠩ ᠪᠠᠢ ᠴᠧᠩ ᠮᠠᠨ ᠤ ᠬᠤᠲᠠ ᠶᠢᠨ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠢ ᠲᠤᠬᠠᠢ ᠶᠢᠨ ᠭᠠᠵᠠᠷ | ᠨᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠢ ᠪᠠᠲᠤᠯᠠᠬᠤ᠂ ᠠᠵᠢᠯᠯᠠᠭᠠᠨ ᠢ | ᠪᠠᠲᠤᠯᠠᠬᠤ ᠶᠢ ᠴᠠᠭ ᠢᠮᠠᠭᠲᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠪᠠᠶᠢᠷᠢᠨ ᠳᠤ | ᠲᠠᠯᠪᠢᠵᠤ᠂ ᠦᠢᠯᠡᠴᠢᠯᠡᠭᠡ ᠶᠢᠨ ᠪᠠᠲᠤᠯᠠᠭ᠎ᠠ ᠶᠢ ᠰᠠᠶᠢᠲᠤᠷ ᠠᠳᠬᠤᠨ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ | ᠬᠥᠭᠵᠢᠬᠦ ᠳᠤ ᠲᠤᠰᠠᠯᠠᠬᠤ ᠬᠡᠷᠡᠭᠲᠡᠢ ᠭᠡᠪᠡ᠃ | ᠵᠠᠩ ᠪᠠᠢ ᠴᠧᠩ ᠬᠠᠮᠤᠭ ᠲᠡᠷᠢᠭᠦᠨ ᠳᠤ ᠥᠪᠥᠷ ᠮᠣᠩᠭᠤᠯ ᠤᠨ ᠸᠠᠩ ᡁᠢ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠮᠡᠷᠭᠡᠵᠢᠯ ᠤᠨ | ᠨᠡᠭᠡᠭᠡᠨ ᠬᠥᠭᠵᠢᠭᠦᠯᠦᠯᠲᠡ᠂ ᠴᠢᠳᠠᠪᠤᠷᠢᠲᠠᠨ ᠤᠷᠢᠬᠤ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠤᠨ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ | ᠬᠢᠨᠠᠮᠠᠭᠠᠢ ᠯᠠᠪᠯᠠᠵᠤ ᠠᠰᠠᠭᠤᠪᠠ᠃ ᠲᠡᠷᠡ ᠠᠵᠤ ᠠᠬᠤᠶᠢᠯᠠᠯ ᠢ ᠥᠪᠡᠷ ᠤᠨ ᠳᠠᠪᠠᠭᠤᠯᠢᠭ ᠲᠤ ᠪᠠᠨ ᠰᠠᠭᠤᠷᠢᠯᠠᠵᠤ᠂ | ᠵᠣᠷᠢᠭᠲᠠᠢ ᠬᠠᠶᠢᠨ ᠰᠦᠪᠡᠭᠴᠢᠯᠡᠵᠦ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠳᠣᠣᠷ᠎ᠠ ᠰᠢᠨ᠎ᠡ | ᠬᠥᠭᠵᠢᠯᠲᠡ ᠲᠠᠢ ᠪᠣᠯᠬᠤ ᠶᠢ ᠬᠦᠰᠡᠵᠡᠢ᠃ ᠲᠡᠷᠡ ᠱᠠᠭᠠᠷᠳᠠᠬᠤ ᠳᠤ ᠪᠠᠨ᠂ ᠬᠤᠯᠪᠣᠭᠳᠠᠯ ᠪᠦᠬᠦᠢ ᠭᠠᠵᠠᠷ ᠣᠷᠣᠨ ᠪᠠ | ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠦᠢᠯᠡᠴᠢᠯᠡᠨ ᠲᠤᠰᠠᠯᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠮᠠᠯᠠᠭᠰᠠᠨ ᠲᠥᠷᠥ ᠶᠢᠨ ᠪᠣᠳᠣᠯᠭ᠎ᠠ ᠶᠢ ᠵᠠᠪᠠᠯ ᠲᠡᠷᠡ ᠶᠣᠰᠣᠭᠠᠷ ᠨᠢ ᠪᠣᠳᠠᠲᠠᠶᠢᠵᠢᠭᠤᠯᠤᠨ | ᠪᠡᠶᠡᠯᠡᠭᠦᠯᠵᠦ᠂ ᠠᠵᠤ ᠠᠬᠤᠶᠢᠯᠠᠯ ᠤᠨ ᠲᠣᠮᠣᠷᠠᠵᠤ ᠬᠦᠴᠦᠷᠬᠡᠭᠵᠢᠵᠦ ᠰᠢᠯᠢᠳᠡᠭᠵᠢᠬᠦ ᠳᠤ ᠲᠤᠰᠠᠯᠠᠬᠤ ᠬᠡᠷᠡᠭᠲᠡᠢ | ᠭᠡᠪᠡ᠃ | ᠵᠦᠩ ᠬᠠᠢ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠳᠤ᠂ ᠵᠠᠩ ᠪᠠᠢ ᠴᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠢ ᠠᠶᠤᠯᠭᠦᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ | ᠴᠢᠩᠭ᠎ᠠ ᠰᠠᠬᠢᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠤᠯᠠᠮ ᠨᠢᠭᠡ | ᠠᠯᠬᠤᠮ ᠠᠷᠭ᠎ᠠ ᠪᠣᠳᠣᠯᠭ᠎ᠠ ᠠᠪᠴᠤ᠂ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠬᠦ ᠶᠢᠨ ᠬᠠᠮᠲᠤ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠨᠡᠩ ᠶᠡᠭᠡ ᠰᠢᠨ᠎ᠡ ᠬᠤᠪᠢ ᠨᠡᠮᠡᠷᠢ ᠭᠠᠷᠭᠠᠬᠤ ᠶᠢ ᠬᠦᠰᠡᠵᠡᠢ᠃ | ᠥᠪᠥᠷ ᠮᠣᠩᠭᠤᠯ ᠤᠨ ᠬᠤᠸᠠ ᠲᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ | ᠲᠤᠰᠬᠠᠶᠢᠯᠠᠨ ᠶᠡᠭᠡ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢᠴᠢᠯᠠᠯᠲᠠ ᠶᠢᠨ ᠵᠥᠭᠡᠯᠡᠨ ᠲᠣᠨᠤᠭ ᠤᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ᠎ᠠ᠂ ᠤᠳᠤ ᠪᠣᠯᠬᠤ ᠳᠤ ᠨᠢᠭᠡᠨᠲᠡ ᠪᠦᠬᠦ | ᠤᠯᠤᠰ ᠤᠨ 21 ᠮᠤᠵᠢ ᠶᠢᠨ ᠵᠠᠭᠤ ᠰᠢᠬᠠᠮ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠰᠢᠨ᠎ᠡ ᠨᠢᠭᠡ ᠦᠶ᠎ᠡ ᠶᠢᠨ ᠣᠶᠤᠨᠲᠤ ᠰᠤᠷᠭᠠᠭᠤᠯᠢ ᠶᠢᠨ ᠬᠦᠷᠢᠶᠡᠨ ᠤ | ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠵᠠᠢ᠃ ᠵᠠᠩ ᠪᠠᠢ ᠴᠧᠩ ᠬᠤᠸᠠ ᠲᠧᠩ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠬᠡᠪᠴᠢᠶᠡᠵᠢᠯ᠂ ᠣᠶᠤᠨᠲᠤ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡ᠂ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠸᠠ ᠲᠧᠩ ᠰᠢᠨᠵᠢᠯᠡᠬᠦ | ᠤᠬᠠᠭᠠᠨ ᠮᠡᠷᠭᠡᠵᠢᠯ ᠤᠨ ᠲᠥᠪ ᠬᠤᠲᠠ ᠳᠤ ᠰᠠᠭᠤᠷᠢᠰᠢᠨ ᠵᠣᠷᠢᠭᠲᠠᠢ ᠪᠠᠷ ᠨᠡᠭᠡᠭᠡᠨ ᠬᠥᠭᠵᠢᠭᠦᠯᠵᠦ ᠰᠢᠨ᠎ᠡ ᠶᠢ | ᠡᠭᠦᠳᠬᠦ ᠳᠤ ᠣᠯᠣᠭᠰᠠᠨ ᠬᠢᠷᠢ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠠᠵᠤ ᠠᠬᠤᠶᠢᠯᠠᠯ ᠢ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠡᠨᠡᠬᠦ ᠭᠤᠣᠯᠳᠠᠯᠭ᠎ᠠ ᠪᠠ ᠵᠠᠩᠭᠢᠯᠠᠭ᠎ᠠ ᠶᠢ ᠦᠷᠭᠦᠯᠵᠢᠯᠡᠨ | ᠠᠳᠬᠤᠵᠤ᠂ ᠮᠡᠷᠭᠡᠵᠢᠯ ᠤᠨ ᠰᠢᠨ᠎ᠡ ᠶᠢ ᠡᠭᠦᠳᠬᠦ ᠳᠡᠭᠡᠷ᠎ᠡ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠭᠠᠷᠭᠠᠵᠤ᠂ | ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠬᠥᠭᠵᠢᠯᠲᠡ ᠶᠢ ᠲᠠᠰᠤᠷᠠᠯᠲᠠ ᠦᠭᠡᠢ ᠪᠡᠶᠡᠯᠡᠭᠦᠯᠬᠦ ᠶᠢ | ᠬᠦᠰᠡᠵᠡᠢ᠃ | ᠵᠠᠩ ᠪᠠᠢ ᠴᠧᠩ ᠪᠠᠰᠠ ᠥᠪᠥᠷ ᠮᠣᠩᠭᠤᠯ ᠤᠨ ᠺᠦᠨᠮᠢᠩ ᠨᠠᠪᠴᠢᠨ ᠲᠠᠮᠠᠬᠢᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠨᠢ ᠪᠠᠶᠢᠴᠠᠭᠠᠨ ᠰᠤᠳᠤᠯᠪᠠ᠃ | ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ | ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ | ᠣᠷᠣᠯᠴᠠᠵᠠᠢ᠃ |