|
ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠠᠭᠠᠷ ᠤᠨ ᠠᠶᠠᠯᠠᠯ ᠢᠶᠠᠨ 10 ᠡᠳᠦᠷ ᠲᠦᠷ ᠵᠤᠭᠰᠤᠭᠠᠬᠤ ᠪᠠᠷ ᠪᠤᠢ |
|
|
ᠨᠡᠶᠢᠲᠡᠯᠡᠭᠰᠡᠨ ᠴᠠᠭ᠄
2020/9/9
|
|
ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠨᠢ ᠠᠶᠠᠨᠴᠢᠳ ᠤᠨ ᠲᠡᠭᠡᠭᠡᠪᠦᠷᠢ ᠶᠢ ᠪᠠᠲᠤᠯᠠᠬᠤ ᠴᠢᠳᠠᠪᠤᠷᠢ ᠪᠠᠨ ᠲᠡᠭᠡᠭᠰᠢᠯᠡᠭᠦᠯᠵᠦ᠂ ᠥᠷᠭᠡᠨ ᠣᠯᠠᠨ ᠠᠶᠠᠨᠴᠢᠳ ᠲᠤ ᠨᠠᠩ ᠠᠮᠤᠷ ᠲᠦᠪᠰᠢᠨ᠂ ᠨᠡᠩ ᠲᠦᠭᠦᠮ ᠲᠦᠳᠡ ᠦᠢᠯᠡᠴᠢᠯᠡᠭᠡ ᠬᠠᠩᠭᠠᠬᠤ ᠶᠢᠨ ᠲᠦᠯᠦᠭᠡ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠶᠠᠭ ᠲᠦᠷᠭᠡᠳᠭᠡᠨ ᠬᠡᠷᠡᠭᠵᠢᠭᠦᠯᠵᠦ ᠪᠠᠶᠢᠨ᠎ᠠ᠃ ᠡᠶᠢᠨ ᠬᠦ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠨᠢ 2020 ᠣᠨ ᠤ 9 ᠰᠠᠷ᠎ᠠ ᠶᠢᠨ 18 ᠤ ᠡᠳᠦᠷ ᠤᠨ 00᠄ 00 ᠴᠠᠭ ᠠᠴᠠ 9 ᠰᠠᠷ᠎ᠠ ᠶᠢᠨ 27 ᠤ ᠡᠳᠦᠷ ᠤᠨ 24᠄ 00 ᠴᠠᠭ ᠪᠣᠯᠲᠠᠯ᠎ᠠ ᠨᠢᠰᠬᠡᠯ ᠤᠨ ᠪᠠᠭᠤᠳᠠᠯ ᠢᠶᠠᠨ 10 ᠡᠳᠦᠷ ᠲᠦᠷ ᠵᠤᠭᠰᠤᠭᠠᠬᠤ ᠪᠠᠷ ᠲᠥᠯᠥᠪᠯᠡᠵᠦ᠂ ᠠᠶᠠᠯᠠᠯ ᠢᠶᠠᠨ ᠵᠤᠭᠰᠤᠭᠠᠵᠤ ᠭᠦᠶᠦᠯᠲᠡ ᠶᠢᠨ ᠵᠠᠮ ᠤᠨ ᠪᠠᠷᠢᠯᠭ᠎ᠠ ᠪᠠᠨ ᠡᠬᠢᠯᠡᠭᠦᠯᠬᠦ ᠪᠠᠷ ᠪᠤᠢ᠃ ᠡᠨᠡ ᠬᠤᠭᠤᠴᠠᠭᠠᠨ ᠳᠤ᠂ ᠣᠳᠣ ᠶᠢᠨ ᠪᠠᠶᠢᠭ᠎ᠠ ᠪᠦᠬᠦ ᠠᠶᠠᠯᠠᠯ ᠤᠨ ᠱᠤᠭᠤᠮ ᠢᠶᠠᠨ ᠪᠦᠬᠦᠨ ᠢ ᠲᠦᠷ ᠵᠣᠭᠰᠣᠭᠠᠨ᠎ᠠ᠃ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠠᠶᠠᠯᠠᠯ ᠵᠣᠭᠰᠣᠬᠤ ᠪᠤᠯᠬᠤᠷ ᠠᠶᠠᠨᠴᠢᠳ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠭᠠᠳᠠᠭᠰᠢ ᠭᠠᠷᠬᠤ ᠪᠤᠰᠤᠳ ᠠᠷᠭ᠎ᠠ ᠮᠠᠶ᠋ᠢᠭ ᠢ ᠲᠣᠬᠢᠷᠠᠭᠤᠯᠵᠤ ᠪᠣᠯᠤᠨ᠎ᠠ᠂ ᠪᠢᠯᠧᠲ ᠢᠶᠠᠨ ᠨᠢᠭᠡᠨᠲᠡ ᠤᠷᠢᠳᠴᠢᠯᠠᠨ ᠵᠠᠬᠢᠶᠠᠯᠠᠭᠰᠠᠨ ᠠᠶᠠᠨᠴᠢᠳ ᠤᠤᠯ ᠤᠨ ᠬᠤᠳᠠᠯᠳᠤᠨ ᠠᠪᠤᠭᠰᠠᠨ ᠠᠷᠭ᠎ᠠ ᠵᠠᠮ ᠢᠶᠠᠷ ᠢᠶᠠᠨ ᠪᠢᠯᠧᠲ ᠢᠶᠠᠨ ᠪᠤᠴᠠᠭᠠᠬᠤ ᠪᠤᠶᠤ ᠪᠢᠯᠧᠲ ᠤᠨ ᠴᠠᠭ ᠢᠶᠠᠨ ᠬᠤᠪᠢᠷᠠᠭᠤᠯᠵᠤ ᠪᠣᠯᠤᠨ᠎ᠠ᠃ ᠨᠠᠷᠢᠨ ᠪᠠᠶᠢᠳᠠᠯ ᠢ ᠡᠯ᠎ᠡ ᠠᠭᠠᠷ ᠤᠨ ᠠᠶᠠᠯᠠᠯ ᠤᠨ ᠺᠣᠮᠫᠠᠨᠢ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠲᠠᠮᠵᠢᠨ ᠯᠠᠪᠯᠠᠵᠤ ᠪᠣᠯᠤᠨ᠎ᠠ᠃ ᠭᠦᠶᠦᠯᠲᠡ ᠶᠢᠨ ᠵᠠᠮ ᠢ ᠵᠠᠰᠠᠵᠤ ᠳᠠᠭᠤᠰᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠥᠷᠭᠡᠨ ᠣᠯᠠᠨ ᠬᠤᠲᠠ ᠶᠢᠨ ᠠᠷᠠᠳ ᠲᠤ ᠮᠡᠳᠡᠭᠳᠡᠵᠦ᠂ ᠤᠤᠯ ᠤᠨ ᠠᠶᠠᠯᠠᠯ ᠤᠨ ᠱᠤᠭᠤᠮ ᠴᠤ ᠬᠡᠪ ᠤᠨ ᠶᠣᠰᠣᠭᠠᠷ ᠠᠶᠠᠯᠠᠯ ᠢᠶᠠᠨ ᠰᠡᠷᠭᠦᠭᠡᠬᠦ ᠪᠣᠯᠤᠨ᠎ᠠ᠃ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠠᠰᠠᠭᠤᠨ ᠯᠠᠪᠯᠠᠬᠤ ᠤᠲᠠᠰᠤ᠄ 0476 — 8333956
|
|
|
|
ᠢᠷᠡᠯᠲᠡ᠄
ᠲᠣᠲᠣᠷᠬᠠᠢ ᠦᠭᠡᠢ
|