ᠱᠢ ᠲᠠᠢ ᠹᠧᠩ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠠᠷᠪᠠᠨ ᠳᠣᠯᠤᠳᠤᠭᠠᠷ ᠤᠳᠠᠭ᠎ᠠ ᠶᠢᠨ ᠥᠷᠭᠡᠳᠬᠡᠭᠰᠡᠨ ᠬᠤᠷᠠᠯ ᠳᠤ ᠣᠷᠤᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/1/11

     1 ᠰᠠᠷ᠎ᠡ ᠶᠢᠨ 7 ᠠᠴᠠ 8 ᠤ ᠡᠳᠤᠷ ᠪᠤᠯᠳᠠᠯ᠎ᠡ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠠᠷᠪᠡᠨ ᠲᠤᠯᠤᠳᠤᠭᠠᠷ ᠤᠳᠠᠭ᠎ᠠ ᠶᠢᠨ ᠦᠷᠭᠡᠳᠭᠡᠭᠰᠡᠨ ᠬᠤᠷᠠᠯ ᠬᠦᠭᠡᠬᠤᠳᠠ ᠳᠤ ᠬᠤᠷᠠᠯᠳᠤᠵᠤ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠬᠡᠯᠳᠡᠰ ᠪᠠ ᠤᠮᠠᠷᠠᠳᠤ ᠭᠡᠰᠡᠭ ᠤᠨ ᠪᠠᠶᠢᠯᠳᠤᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠳᠤᠨᠤᠨ ᠤ ᠠᠵᠢᠯ ᠢᠶᠠᠨ ᠳ᠋ᠦᠡᠭᠨᠡᠵᠤ᠂ ᠡᠨᠡ ᠵᠢᠯ ᠤᠨ ᠡᠬᠦᠷᠭᠡ ᠪᠠᠨ ᠪᠠᠶᠢᠷᠢᠯᠠᠭᠤᠯᠵᠤ᠂ 2020 ᠣᠨ ᠤ ᠲᠡᠷᠢᠬᠦᠨ ᠤ ᠬᠠᠮᠳᠤ ᠪᠠ ᠬᠤᠪᠢ ᠬᠦᠮᠦᠨ ᠢ ᠬᠦᠬᠢᠬᠦᠯᠤᠨ ᠰᠠᠶᠢᠰᠢᠶᠠᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠤᠭᠡᠷ ᠱᠦᠵᠢ ᠱᠢ ᠲᠠᠢ ᠹᠧᠩ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃



     ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳ᠋ᠯᠠᠬᠴᠢ ᠮᠠ ᠴᠢᠩ ᠯᠸᠢ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠶᠠᠩ ᠰᠢᠶᠤᠤ ᠺᠠᠩ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠲᠡᠳ᠋ ᠺᠤᠮᠠᠨᠳ᠋ᠯᠠᠬᠴᠢ ᠵᠠᠩ ᠶᠢᠩ ᠺᠦᠢ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠲᠡᠳ᠋ ᠺᠤᠮᠢᠰᠰᠠᠷ ᠯᠢ ᠱᠤᠤ ᠵᠢᠶᠦ᠋ᠨ ᠬᠤᠷᠠᠯ ᠳᠤ ᠤᠷᠤᠯᠴᠠᠪᠠ᠃



     ᠱᠢ ᠲᠠᠢ ᠹᠧᠩ ᠡᠩ ᠲᠡᠷᠢᠬᠦᠨ ᠳᠤ ᠬᠦᠬᠢᠬᠦᠯᠤᠨ ᠰᠠᠶᠢᠰᠢᠶᠠᠬᠳᠠᠬᠰᠡᠨ ᠲᠡᠷᠢᠬᠦᠨ ᠤ ᠬᠠᠮᠳᠤ ᠪᠠ ᠬᠤᠪᠢ ᠬᠦᠮᠦᠨ ᠳᠤ ᠪᠠᠶᠠᠷ ᠬᠦᠷᠭᠡᠵᠤ ᠪᠠᠶᠢᠬᠤ ᠪᠠᠨ ᠢᠯᠡᠳᠭᠡᠵᠤ᠂ ᠬᠤᠷᠠᠯ ᠳᠤ ᠤᠷᠤᠯᠴᠠᠬᠰᠡᠨ ᠪᠦᠬᠦ ᠨᠦᠬᠦᠳ᠂ ᠪᠦᠬᠦ ᠤᠷᠤᠨ ᠤ ᠦᠷᠭᠡᠨ ᠤᠯᠠᠨ ᠲᠠᠷᠤᠭ᠎ᠠ ᠪᠠᠶᠢᠯᠳᠤᠬᠴᠢ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠡ ᠶᠢᠨ ᠬᠦᠮᠦᠰ ᠪᠠ ᠮᠠᠨ ᠤ ᠤᠷᠤᠨ ᠳᠤ ᠰᠠᠭᠤᠭ᠎ᠠ ᠴᠡᠷᠢᠭ ᠠᠩᠭᠢ ᠶᠢᠨ ᠵᠢᠯᠤᠭᠤᠳᠤᠬᠴᠢ ᠪᠠᠶᠢᠯᠳᠤᠬᠴᠢᠳ ᠲᠤ ᠲᠤᠳᠤᠨᠤ ᠮᠠᠨᠳᠤᠴᠢᠯᠠᠯ ᠪᠠ ᠡᠷᠬᠢᠮ ᠲᠡᠭᠡᠳᠤ ᠬᠦᠨᠳᠤᠳᠭᠡᠯ ᠲᠡᠪᠰᠢᠬᠦᠯᠪᠠ᠃ ᠲᠡᠷᠡ᠂ 2020 ᠣᠨ ᠳᠤ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠴᠡᠷᠢᠭ ᠠᠩᠬᠢ ᠰᠢᠨ᠎ᠡ ᠴᠠᠭ ᠦᠶ᠎ᠡ ᠳᠤ ᠬᠠᠨᠳᠤᠭᠤᠯᠵᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠰᠢᠰᠲ᠋ᠧᠮ ᠢ ᠲᠡᠬᠦᠯᠳᠡᠷᠵᠢᠬᠦᠯᠤᠨ᠂ ᠡᠯ᠎ᠡ ᠵᠦᠢᠯ ᠤᠨ ᠴᠡᠷᠢᠭ ᠤᠨ ᠶᠠᠪᠤᠳᠠᠯ ᠤᠨ ᠪᠤᠯᠪᠠᠰᠤᠷᠠᠯ ᠪᠠ ᠲᠠᠶᠢᠨ ᠳᠤ ᠪᠡᠯᠡᠳᠭᠡᠬᠦ ᠡᠬᠦᠷᠭᠡ ᠶᠢ ᠦᠨᠡᠨ ᠬᠦ ᠰᠠᠶᠢᠳᠤᠷ ᠠᠳᠬᠤᠵᠤ᠂ ᠴᠡᠷᠢᠭ ᠠᠷᠠᠳ ᠤᠨ ᠭᠡᠷᠡᠭᠯᠡᠭᠡ ᠶᠢᠨ ᠠᠭᠤᠰᠤᠯᠴᠠᠨ ᠬᠦᠭᠵᠢᠬᠦ ᠶᠢ ᠢᠳᠡᠪᠬᠢᠳᠠᠢ ᠠᠬᠢᠭᠤᠯᠤᠨ᠂ ᠡᠯ᠎ᠡ ᠵᠦᠢᠯ ᠤᠨ ᠠᠵᠢᠯ ᠨᠢ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠲᠤᠮᠳᠠ ᠰᠢᠨ᠎ᠡ ᠲᠡᠭᠳᠡᠷ ᠲᠤ ᠭᠠᠷᠴᠤ᠂ ᠴᠡᠷᠢᠭ ᠠᠩᠭᠢ ᠶᠢᠨ ᠪᠠᠶᠢᠭᠤᠯᠤᠯᠳᠠ ᠰᠢᠨ᠎ᠡ ᠠᠮᠵᠢᠯᠳᠠ ᠪᠦᠳᠦᠮᠵᠢ ᠤᠯᠪᠠ᠃ ᠴᠡᠷᠢᠭ ᠤᠨ ᠲᠤᠭᠤᠷᠢᠭ ᠤᠨ ᠴᠡᠷᠢᠭ ᠠᠩᠭᠢ ᠤᠷᠤᠨ ᠨᠤᠳᠤᠭ ᠤᠨ ᠬᠢᠵᠢᠭ ᠲᠠᠢ ᠲᠡᠮᠡᠴᠡᠬᠦ᠂ ᠪᠡᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠢᠳᠡᠪᠬᠢᠳᠠᠢ ᠤᠷᠤᠯᠴᠠᠵᠤ ᠳᠡᠮᠵᠢᠨ ᠲᠤᠰᠠᠯᠠᠵᠦ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠴᠢᠬᠤᠯᠠ ᠬᠤᠪᠢ ᠨᠠᠮᠠᠷᠢ ᠦᠵᠡᠬᠦᠯᠵᠡᠢ ᠭᠡᠵᠤ ᠵᠢᠭᠠᠵᠤ ᠭᠠᠷᠭᠠᠪᠠ᠃



     ᠱᠢ ᠲᠠᠢ ᠹᠧᠩ᠂ ᠡᠨᠡ ᠵᠢᠯ ᠪᠤᠯ ︽ᠠᠷᠪᠡᠨ ᠲᠦᠷᠪᠡᠳᠤᠭᠡᠷ ᠲᠠᠪᠤᠨ ᠵᠢᠯ︾ ᠤᠨ ᠡᠬᠢᠯᠡᠯᠳᠠ ᠶᠢᠨ ᠵᠢᠯ ᠪᠤᠯᠤᠨ᠎ᠡ᠂ ᠮᠠᠨ ᠤ ᠤᠯᠤᠰ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠵᠤ᠂ ᠠᠷᠠᠳ ᠤᠨ ᠴᠡᠷᠢᠭ ᠠᠩᠭᠢ ᠶᠢᠨ ᠬᠢᠨ ᠴᠡᠷᠢᠭ ᠪᠠᠶᠢᠭᠤᠯᠤᠬᠳᠠᠬᠰᠡᠨ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ ᠳᠤ ᠠᠩᠬᠠᠷᠤᠯ ᠢᠶᠠᠨ ᠲᠦᠪᠯᠡᠷᠡᠬᠦᠯᠵᠤ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠤᠳᠤᠬᠢᠴᠢᠯᠠᠯᠳᠠ ᠶᠢᠨ ᠰᠢᠨ᠎ᠡ ᠠᠶᠠᠯᠠᠯ ᠤᠨ ᠲᠦᠷᠦᠬᠦᠤ ᠠᠯᠬᠤᠮ ᠢ ᠰᠠᠶᠢᠳᠤᠷ ᠠᠯᠬᠤᠬᠤ ᠪᠤᠯᠤᠨ᠎ᠡ᠃ ᠴᠡᠷᠢᠭ ᠤᠨ ᠲᠤᠭᠤᠷᠢᠭ ᠤᠨ ᠡᠯ᠎ᠡ ᠱᠠᠳᠤᠨ ᠤ ᠨᠠᠮ ᠤᠨ ᠬᠤᠷᠢᠶ᠎ᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠠ ᠶᠢ ᠬᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠪᠠᠷ ᠴᠡᠷᠢᠭ ᠪᠠᠶᠢᠭᠤᠯᠬᠤ᠂ ᠦᠭᠡᠷᠡᠴᠢᠯᠡᠯᠳᠠ ᠪᠠᠷ ᠴᠡᠷᠢᠭ ᠢ ᠬᠦᠴᠦᠷᠭᠡᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠭᠡᠭᠵᠢᠬᠦᠯᠬᠦ᠂ ᠴᠢᠳᠠᠪᠤᠷᠢᠳᠠᠨ ᠢᠶᠠᠷ ᠴᠡᠷᠢᠭ ᠢ ᠬᠦᠴᠦᠷᠭᠡᠭᠵᠢᠬᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠳᠠᠯᠠᠵᠤ᠂ ᠡᠯ᠎ᠡ ᠵᠦᠢᠯ ᠤᠨ ᠡᠬᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠦᠨᠳᠤᠷ ᠪᠠᠷᠢᠮᠵᠢᠶ᠎ᠡ ᠪᠠᠷ ᠴᠢᠨᠠᠷ ᠰᠠᠶᠢᠳᠠᠢ ᠪᠠᠷ ᠰᠠᠶᠢᠳᠤᠷ ᠠᠳᠬᠤᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠡᠬᠦᠳᠬᠦ ᠪᠠᠷ ᠴᠢᠷᠮᠠᠶᠢᠵᠤ᠂ ᠰᠢᠯᠢᠳᠡᠭ ᠠᠮᠵᠢᠯᠳᠠ ᠪᠠᠷ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠡᠨ 100 ᠵᠢᠯ ᠤᠨ ᠤᠢ ᠶᠢ ᠪᠠᠯᠭᠡᠯᠡᠬᠦ ᠭᠡᠷᠡᠭᠳᠠᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠦᠨᠡᠨ ᠬᠦ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠶᠢᠨ ᠬᠠᠷᠢᠭᠤᠴᠠᠬᠤ ᠲᠦᠷᠢᠮ ᠢ ᠡᠷᠡᠰ ᠲᠤᠭᠤᠰᠢᠯᠠᠭᠤᠯᠤᠨ᠂ ᠤᠯᠤᠰ ᠲᠦᠷᠦ ᠶᠢᠨ ᠢᠳᠡᠭᠡᠯ ᠪᠢᠰᠢᠷᠠᠯ ᠢᠶᠠᠨ ᠪᠠᠳᠤᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠳᠤ ᠶᠢ ᠴᠢᠩᠳᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠠᠨ ᠤ ᠠᠵᠢᠯ ᠢ ᠰᠠᠶᠢᠳᠤᠷ ᠬᠢᠵᠤ᠂ ᠦᠷᠭᠡᠨ ᠤᠯᠠᠨ ᠲᠠᠷᠤᠭ᠎ᠠ ᠪᠠᠶᠢᠯᠳᠤᠬᠴᠢ ᠶᠢᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠬᠦ ᠶᠢ ᠬᠦᠮᠦᠵᠢᠬᠦᠯᠵᠦ ᠬᠦᠳᠤᠯᠤᠨ ᠲᠠᠭᠠᠭᠤᠯᠵᠤ᠂ ᠴᠡᠷᠢᠭ ᠤᠨ ᠲᠤᠭᠤᠷᠢᠭ ᠤᠨ ᠴᠡᠷᠢᠭ ᠠᠩᠭᠢ ᠶᠢᠨ ᠶᠠᠮᠠᠷᠪᠠ ᠴᠠᠭ ᠦᠶ᠎ᠡ ᠶᠠᠮᠠᠷᠪᠡ ᠪᠠᠶᠢᠳᠠᠯ ᠲᠤᠤᠷ᠎ᠡ ᠴᠦᠮ ᠲᠡᠷᠢᠬᠦᠯᠡᠭᠴᠢ ᠰᠢ ᠶᠢᠨ ᠫᠢᠩ ᠤᠨ ᠵᠢᠯᠤᠭᠤᠳᠤᠯᠭ᠎ᠠ ᠶᠢ ᠡᠷᠡᠰ ᠰᠤᠨᠤᠰᠴᠤ᠂ ᠲᠡᠷᠢᠬᠦᠯᠡᠭᠴᠢ ᠰᠢ ᠶᠢᠨ ᠫᠢᠩ ᠳᠤ ᠬᠠᠷᠢᠭᠤᠴᠠᠵᠤ᠂ ᠲᠡᠷᠢᠬᠦᠯᠡᠭᠴᠢ ᠰᠢ ᠶᠢᠨ ᠫᠢᠩ ᠢ ᠰᠠᠨᠠᠭ᠎ᠠ ᠠᠮᠤᠷ ᠪᠠᠶᠢᠯᠭᠠᠬᠤ ᠭᠡᠷᠡᠭᠳᠠᠢ᠃ ᠤᠳᠤᠬᠠᠨ ᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠦᠷᠢᠰᠦᠯᠳᠤᠭᠡᠨ ᠢ ᠬᠦᠢᠴᠡᠳ ᠲᠠᠨᠢᠵᠤ᠂ ᠤᠯᠤᠰ ᠤᠨ ᠶᠡᠷᠤᠩᠭᠡᠢ ᠴᠤᠬᠴᠠ ᠶᠢᠨ ᠠᠮᠤᠷ ᠲᠦᠪᠰᠢᠨ ᠤ ᠦᠵᠡᠯᠳᠠ ᠶᠢ ᠡᠷᠡᠰ ᠲᠤᠭᠤᠰᠢᠯᠠᠭᠤᠯᠵᠤ᠂ ᠲᠠᠶᠢᠨ ᠳᠤ ᠪᠡᠯᠡᠳᠭᠡᠵᠤ ᠪᠠᠶᠢᠯᠳᠤᠭᠠᠨ ᠬᠢᠬᠦ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠬᠦᠯᠤᠨ᠂ ᠲᠠᠶᠢᠴᠢᠨ ᠡᠩᠨᠡᠭᠡ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠰᠢᠰᠲ᠋ᠧᠮ ᠢ ᠲᠡᠬᠦᠯᠳᠡᠷᠵᠢᠬᠦᠯᠬᠦ ᠪᠠᠷ ᠭᠠᠷᠳᠠᠴᠠ ᠪᠤᠯᠭᠠᠵᠤ᠂ ᠴᠡᠷᠢᠭ ᠪᠤᠯᠪᠠᠰᠤᠷᠠᠭᠤᠯᠵᠤ ᠲᠠᠶᠢᠨ ᠳᠤ ᠪᠠᠯᠡᠳᠭᠡᠬᠦ ᠶᠠᠰᠤ ᠴᠢᠨᠠᠷ ᠢ ᠬᠦᠴᠤᠯᠠᠨ ᠲᠡᠭᠡᠭᠰᠢᠯᠡᠬᠦᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠴᠢᠳᠠᠪᠤᠷᠢ ᠶᠢ ᠪᠦᠬᠦ ᠲᠠᠯ᠎ᠡ ᠪᠠᠷ ᠲᠡᠭᠡᠭᠰᠢᠯᠡᠬᠦᠯᠬᠦ ᠭᠡᠷᠡᠭᠳᠠᠢ᠃ ᠢᠳᠡᠪᠬᠢᠳᠠᠢ ᠪᠠᠷ ᠰᠢᠨ᠎ᠡ ᠶᠢ ᠡᠬᠦᠳᠴᠤ᠂ ᠰᠠᠨᠠᠭᠠᠴᠢᠯᠠᠭ᠎ᠠ ᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠨᠵᠡᠭᠡᠢ ᠬᠦᠭᠵᠢᠬᠦᠯᠬᠦ ᠶᠢ ᠲᠦᠷᠭᠡᠳᠭᠡᠨ ᠠᠬᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠪᠠ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠰᠠᠶᠢᠨ ᠤᠷᠴᠢᠯ᠂ ᠬᠤᠤᠰ ᠤᠷᠴᠢᠯ ᠤᠨ ᠬᠠᠮᠳᠤ ᠪᠠᠷ ᠠᠰᠢᠭ ᠬᠦᠷᠳᠡᠬᠦ ᠶᠢ ᠪᠠᠶᠠᠯᠡᠬᠦᠯᠬᠦ ᠪᠠᠷ ᠴᠢᠷᠮᠠᠶᠢᠬᠤ ᠭᠡᠷᠡᠭᠳᠠᠢ᠃ ᠴᠡᠷᠢᠭ ᠠᠩᠭᠢ ᠪᠠ ᠤᠷᠤᠨ ᠨᠤᠳᠤᠭ ᠤᠨ ᠬᠢᠨ ᠬᠤᠶᠠᠷ ᠲᠠᠯ᠎ᠡ ᠪᠠᠷ ᠢᠶᠠᠨ ᠨᠠᠮ ᠠᠴᠠ ᠵᠡᠪᠰᠡᠭᠳᠤ ᠬᠦᠴᠤᠨ ᠢ ᠬᠠᠮᠢᠶᠡᠷᠬᠤ ᠲᠦᠷᠢᠮ ᠢ ᠬᠠᠮᠳᠤᠷᠠᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠢ ᠬᠦᠴᠦᠷᠭᠡᠭᠵᠢᠬᠦᠯᠵᠤ ᠰᠡᠷᠭᠡᠶᠢᠯᠡᠯᠳᠠ ᠶᠢ ᠪᠠᠬᠢᠵᠢᠬᠦᠯᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠤᠷᠤᠨ ᠨᠤᠳᠤᠭ  ᠤᠨ ᠡᠯ᠎ᠡ ᠱᠠᠳᠤᠨ ᠤ ᠨᠠᠮ  ᠤᠨ ᠬᠤᠷᠢᠶ᠎ᠡ ᠪᠠ ᠵᠠᠰᠠᠭ ᠤᠨ ᠤᠷᠳᠤᠨ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠪᠠᠶᠢᠭᠤᠯᠤᠯᠳᠠ ᠶᠢ ᠶᠡᠭᠡ ᠬᠦᠴᠤᠨ ᠢᠶᠠᠷ ᠲᠠᠮᠵᠢᠵᠤ᠂ ᠦᠨᠡᠨ ᠬᠦ ᠴᠡᠷᠢᠭ ᠠᠩᠭᠢ ᠶᠢ ᠬᠠᠪᠰᠤᠷᠤᠨ ᠪᠤᠳᠠᠳᠠᠢ ᠠᠰᠠᠭᠤᠳᠠᠯ ᠢ ᠨᠢ ᠰᠢᠢᠳᠪᠤᠷᠢᠯᠡᠵᠤ᠂ ᠴᠡᠷᠢᠭ ᠤᠨ ᠲᠤᠭᠤᠷᠢᠭ ᠤᠨ ᠡᠯ᠎ᠡ ᠱᠠᠳᠤᠨ ᠤ ᠬᠢᠨ ᠤᠷᠤᠨ ᠨᠤᠳᠤᠭ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢ ᠢᠳᠡᠪᠬᠢᠳᠠᠢ ᠲᠠᠮᠵᠢᠵᠤ᠂ ᠦᠪᠤᠷ ᠮᠤᠩᠭᠤᠯ ᠤᠨ ᠴᠡᠷᠢᠭ ᠵᠠᠰᠠᠭ ᠴᠡᠷᠢᠭ ᠠᠷᠠᠳ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠬᠦᠯᠤᠨ ᠬᠦᠭᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ