ᠪᠦ᠋ ᠰᠢᠶᠤᠤ ᠯᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠪᠠ
ᠨᠡᠶᠢᠲᠡᠯᠡᠭᠰᠡᠨ ᠴᠠᠭ᠄
2021/1/18

     ᠤᠢᠢᠷ᠎ᠠ ᠶᠢᠨ ᠡᠳᠤᠷ ᠤᠳ ᠲᠤ᠂ ᠤᠯᠤᠰ ᠤᠨ ᠳᠤᠳᠤᠭᠠᠳᠤ ᠶᠢᠨ ᠤᠯᠠᠨ ᠭᠠᠵᠠᠷ ᠲᠤ ᠲᠤᠰ ᠭᠠᠵᠠᠷ ᠤᠷᠤᠨ ᠤ ᠲᠠᠷᠠᠬᠠᠢ ᠪᠤᠳᠠᠷᠬᠠᠢ ᠡᠪᠡᠳᠴᠢᠨ ᠤ ᠵᠢᠱᠢᠶ᠎ᠠ ᠪᠤᠯᠤᠨ ᠬᠡᠰᠡᠭ ᠭᠠᠵᠠᠷ ᠲᠤ ᠲᠦᠪᠯᠡᠷᠡᠯ ᠤᠨ ᠴᠢᠨᠠᠷᠳᠠᠢ ᠬᠢᠵᠢᠭ ᠤᠨ ᠪᠠᠶᠢᠳᠠᠯ ᠭᠠᠷᠴᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠨᠠᠷᠢᠨ ᠪᠤᠳᠤᠯᠢᠶᠠᠨᠳᠠᠢ ᠪᠡᠷᠭᠡ ᠬᠠᠳᠠᠭᠤᠵᠢᠯᠳᠠᠢ ᠪᠤᠯᠪᠠ᠃ 1 ᠰᠠᠷ᠎ᠠ ᠶᠢᠨ 15᠎ ᠤ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠳᠤ ᠬᠥᠷᠴᠤ᠂ ᠮᠠᠨ ᠤ ᠤᠷᠤᠨ ᠤ ᠡᠪᠤᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠵᠤ᠂ ᠲᠠᠶᠢᠪᠤᠰᠢᠷᠠᠬᠤ ᠪᠤᠳᠤᠯ ᠢ ᠡᠷᠡᠰ ᠲᠡᠪᠴᠢᠵᠦ᠂ ᠡᠪᠤᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠬᠦ ᠬᠦᠴᠤ ᠪᠠᠷ ᠢᠶᠠᠨ ᠰᠠᠶᠢᠳᠤᠷ ᠬᠢᠵᠤ᠂ ᠬᠢᠵᠢᠭ ᠤᠨ ᠪᠠᠶᠢᠳᠠᠯ ᠲᠠᠬᠢᠨ ᠲᠡᠯᠬᠡᠷᠡᠬᠦ ᠦᠬᠡᠢ ᠪᠠᠶᠢᠬᠤ ᠶᠢ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠤᠷᠤᠯᠴᠠᠪᠠ᠃



     ᠪᠦ᠋ ᠰᠢᠶᠤᠤ ᠯᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠷᠢᠭᠤᠴᠠᠯᠭᠠᠳᠠᠨ ᠨᠦᠬᠦᠳ ᠤᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠠ ᠭᠤᠬᠴᠤᠭ᠎ᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠢᠯᠠᠩᠭᠤᠶ᠎ᠠ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠠᠷ ᠲᠤᠷᠠᠰᠬᠠᠯ ᠤᠨ ᠡᠳᠤᠷ ᠵᠡᠷᠬᠡ ᠭᠤᠤᠯᠳᠠᠯᠭ᠎ᠠ ᠲᠠᠢ ᠴᠠᠬ ᠬᠤᠭᠤᠴᠠᠭ᠎ᠠ᠂ ᠭᠤᠤᠯᠳᠠᠯᠭ᠎ᠠ ᠲᠠᠢ ᠬᠦᠮᠤᠰ ᠤᠨ ᠰᠡᠷᠬᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠶᠡᠭᠡ ᠬᠡᠪᠴᠢᠶᠠᠨ ᠤ ᠬᠤᠷᠠᠯ ᠬᠢᠬᠦ ᠳᠤ ᠪᠦᠷᠢᠨ ᠪᠢᠳᠡᠬᠦᠮᠵᠢᠯᠠᠵᠤ ᠡᠵᠡᠮᠳᠡᠬᠦ ᠬᠠᠮᠢᠶᠠᠷᠤᠯᠳᠠ ᠶᠢ ᠬᠡᠷᠡᠭᠵᠢᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠤᠨ ᠨᠦᠬᠡᠴᠡᠯᠡᠯ ᠬᠠᠩᠭᠠᠯᠭ᠎ᠠ ᠶᠢ ᠪᠠᠳᠤᠯᠠᠵᠤ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠬᠢᠨᠡᠨ ᠬᠡᠮᠵᠢᠵᠦ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ ᠰᠠᠶᠢᠳᠤᠷ ᠬᠢᠬᠦ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠠᠢ᠃
     ᠪᠦ᠋ ᠰᠢᠶᠤᠤ ᠯᠢᠨ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠳᠤᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠡᠷᠬᠡ ᠬᠠᠳᠠᠭᠤᠵᠢᠯᠳᠠᠢ ᠴᠢᠨᠠᠷ᠂ ᠨᠠᠷᠢᠨ ᠪᠤᠳᠤᠯᠢᠶᠠᠨᠳᠠᠢ ᠴᠢᠨᠠᠷ᠂ ᠬᠦᠨᠳᠤ ᠬᠡᠴᠡᠬᠦᠤ ᠴᠢᠨᠠᠷ ᠢ ᠬᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠲᠡᠷᠢᠬᠦᠨ ᠴᠢᠬᠤᠯᠠ ᠶᠠᠪᠤᠳᠠᠯ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠠᠵᠢᠯ ᠤᠨ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠬᠦᠨᠵᠡᠬᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠨᠡ ᠬᠦ ᠬᠦᠪᠴᠢ ᠶᠢ ᠢᠮᠠᠬᠳᠠ ᠴᠢᠩᠳᠠᠯᠠᠵᠦ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠤᠯᠠᠮ ᠴᠢᠨᠠᠬᠰᠢᠳᠠ ᠪᠤᠳᠠᠳᠠᠢ ᠨᠠᠶᠢᠳᠠᠪᠤᠷᠢᠵᠢᠭᠤᠯᠵᠤ᠂ ︽ᠲᠠᠪᠤᠨ ᠪᠠᠶᠢᠬᠤ ᠨᠢᠬᠡ ᠲᠤᠤᠷᠵᠢᠭᠤᠯᠤᠯᠳᠠ︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠮᠤᠨ ᠬᠠᠷ᠎ᠠ᠂ ᠡᠳ᠋ ᠪᠤᠳᠠᠰ᠂ ᠤᠷᠴᠢᠨ ᠲᠤᠭᠤᠷᠢᠨ ᠢ ᠵᠡᠷᠭᠡ ᠪᠠᠷ ᠰᠡᠷᠬᠡᠶᠢᠯᠡᠬᠦ ᠶᠢ ᠪᠠᠷᠢᠮᠳᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠳᠤᠳᠤᠭᠠᠳᠤ ᠳᠠᠭᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ ᠡᠯ᠎ᠠ ᠭᠤᠬᠴᠤᠭ᠎ᠠ ᠶᠢᠨ ᠠᠵᠢᠯ ᠢ ᠴᠢᠩᠭ᠎ᠠ ᠨᠠᠷᠢᠯᠢᠬ ᠪᠤᠳᠠᠳᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠳᠠᠢ ᠬᠡᠵᠤ ᠴᠢᠬᠤᠯᠠᠴᠢᠯᠠᠪᠠ᠃
     ᠪᠦ᠋ ᠰᠢᠶᠤᠤ ᠯᠢᠨ᠂ ᠡᠯ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠢᠨ ᠤᠳᠤᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠤᠯᠠᠮ ᠴᠢᠨᠠᠬᠰᠢᠳᠠ ᠰᠤᠳᠤᠯᠤᠨ ᠪᠠᠶᠢᠷᠢᠯᠠᠭᠤᠯᠵᠦ᠂ ᠠᠶᠤᠯ ᠲᠦᠭᠰᠢᠬᠦᠷᠢ ᠬᠡᠮ ᠰᠤᠭᠤᠬ ᠢ ᠪᠦᠬᠦ ᠬᠦᠴᠤ ᠪᠠᠷ ᠢᠶᠠᠨ ᠵᠢᠬᠰᠠᠭᠠᠨ ᠪᠠᠶᠢᠴᠠᠭᠠᠵᠦ ᠰᠢᠢᠳᠪᠤᠷᠢᠯᠠᠬᠦ ᠭᠡᠷᠡᠭᠳᠠᠢ᠃ ᠢᠮᠠᠬᠳᠠ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠢᠶᠠᠨ ᠪᠠᠳᠤᠯᠠᠵᠤ᠂ ᠬᠦᠮᠤᠨ ᠬᠠᠷ᠎ᠠ᠂ ᠡᠳ᠋ ᠪᠤᠳᠠᠰ᠂ ᠮᠡᠷᠬᠡᠵᠢᠯ ᠤᠨ ᠨᠦᠬᠡᠴᠡᠯᠡᠯ ᠢ ᠴᠢᠩᠭᠠᠳᠬᠠᠵᠤ᠂ 24 ᠴᠠᠬ ᠢᠶᠠᠷ ᠵᠢᠵᠢᠬᠦᠷᠯᠠᠵᠤ ᠬᠠᠷᠠᠭᠤᠯ ᠵᠤᠬᠰᠤᠬᠤ ᠶᠢ ᠪᠠᠷᠢᠮᠳᠠᠯᠠᠵᠤ᠂ ᠡᠳᠤᠷ ᠪᠦᠷᠢ ᠮᠡᠳᠡᠬᠦᠯᠬᠦ᠂ ᠲᠡᠭ ᠮᠡᠳᠡᠭᠦᠯᠤᠯᠳᠡ ᠶᠢᠨ ᠲᠦᠷᠢᠮ ᠢ ᠭᠡᠷᠡᠭᠵᠢᠬᠦᠯᠬᠦ ᠭᠡᠷᠡᠭᠳᠠᠢ᠃ ᠨᠡᠶᠢᠬᠡᠮ ᠤᠨ ᠲᠠᠯ᠎ᠠ ᠶᠢᠨ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠦᠷᠬᠦᠯᠵᠢᠯᠠᠨ ᠰᠠᠶᠢᠳᠤᠷ ᠠᠳᠬᠤᠵᠤ᠂ ᠠᠮᠠᠪᠴᠢ ᠵᠡᠬᠦᠬᠦ᠂ ᠭᠠᠷ ᠢᠶᠠᠨ ᠦᠷᠭᠦᠯᠵᠢ ᠤᠬᠢᠶᠠᠬᠤ᠂ ᠬᠤᠷᠠᠨ ᠴᠤᠬᠯᠠᠷᠠᠬᠤ ᠦᠬᠡᠢ ᠪᠠᠶᠢᠬᠤ ᠵᠡᠷᠬᠡ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
     ᠪᠦ᠋ ᠰᠢᠶᠤᠤ ᠯᠢᠨ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠤᠯᠭᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠬᠤᠳᠠ ᠬᠦᠳᠡᠭᠡ ᠶᠢᠨ ᠠᠭᠤᠯᠵᠠᠷ ᠭᠠᠵᠠᠷ ᠵᠡᠷᠬᠡ ᠭᠠᠵᠠᠷ ᠤᠷᠤᠨ ᠤ ᠰᠡᠷᠬᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠦᠯᠤᠰᠤᠨ ᠠᠵᠢᠯ ᠬᠢᠵᠦ ᠨᠤᠳᠤᠬ ᠲᠠᠭᠠᠨ ᠪᠤᠴᠠᠬᠰᠠᠳ ᠤᠨ ᠮᠡᠳᠡᠭᠡ ᠵᠠᠩᠬᠢ ᠶᠢ ᠲᠠᠩᠰᠠᠯᠠᠬᠤ ᠪᠠ ᠡᠷᠡᠬᠦᠯ ᠮᠡᠨᠳᠤ ᠶᠢᠨ ᠬᠢᠨᠠᠨ ᠪᠠᠶᠢᠴᠠᠭᠠᠯᠳᠠ ᠶᠢ ᠰᠠᠶᠢᠳᠤᠷ ᠬᠢᠬᠦ ᠭᠡᠷᠡᠭᠳᠠᠢ᠃ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠬ᠂ ᠬᠤᠪᠢ ᠬᠦᠮᠤᠨ ᠤ ᠡᠮᠴᠢᠯᠡᠬᠡᠨ ᠤ ᠭᠠᠵᠠᠷ᠂ ᠡᠮ ᠤᠨ ᠲᠡᠯᠬᠡᠬᠦᠷ ᠤᠨ ᠠᠩᠬᠠᠨ ᠤ ᠤᠨᠤᠰᠢᠯᠠᠯᠳᠠ ᠶᠢᠨ ᠮᠡᠳᠡᠬᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠭᠡᠷᠡᠭᠳᠠᠢ᠃ ᠬᠠᠭᠤᠴᠢᠨ ᠵᠠᠩ ᠲᠠᠳᠬᠠᠯ ᠢ ᠦᠬᠡᠷᠡᠴᠢᠯᠡᠬᠦ ᠶᠢ ᠰᠠᠨᠠᠭᠠᠴᠢᠯᠠᠵᠤ᠂ ᠡᠯ᠎ᠠ ᠵᠦᠢᠯ ᠤᠨ ᠲᠦᠪᠯᠡᠷᠡᠯ ᠤᠨ ᠴᠢᠨᠠᠷᠳᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠭᠡᠷᠡᠭᠳᠠᠢ ᠬᠡᠵᠤ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ