ᠪᠦ᠋ ᠰᠢᠶᠣᠣ ᠯᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/1/18

     1 ᠰᠠᠷ᠎ᠠ ᠶᠢᠨ 17᠎ ᠤ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠥᠬᠡᠬᠤᠲᠠ ᠶᠢᠨ ᠳᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠬᠡᠬᠦᠷ᠂ ᠬᠠᠮ ᠳᠡᠯᠬᠡᠬᠦᠷ ᠲᠤ ᠬᠦᠨᠵᠡᠬᠡᠶᠢᠷᠡᠵᠥ᠂ ᠠᠮᠢᠳᠤᠷᠠᠯ ᠤᠨ ᠪᠤᠳᠠᠰ ᠤᠨ ᠬᠠᠩᠭᠠᠯᠭ᠎ᠠ᠂ ᠢᠳᠡᠬᠡᠨ ᠤ ᠠᠮᠤᠷ ᠳᠦᠪᠰᠢᠨ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠢ ᠪᠠᠶᠢᠴᠠᠭᠠᠵᠥ᠂ ᠢᠮᠠᠬᠳᠠ ᠤᠯᠠᠨ ᠲᠦᠮᠡᠨ ᠢ ᠰᠡᠳᠬᠢᠯ ᠳᠡᠭᠡᠨ ᠪᠤᠳᠤᠵᠥ᠂ ᠤᠯᠠᠨ ᠳᠦᠮᠡᠨ ᠤ ᠠᠮᠢᠳᠤᠷᠠᠯ ᠪᠤᠯᠤᠨ ᠡᠷᠡᠬᠦᠯ ᠮᠡᠨᠳᠤ ᠶᠢ ᠬᠠᠯᠠᠮᠵᠢᠯᠠᠵᠥ᠂ ᠵᠠᠬ᠎ᠠ ᠳᠡᠯᠬᠡᠬᠦᠷ ᠤᠨ ᠬᠠᠩᠭᠠᠯᠭ᠎ᠠ ᠶᠢ ᠪᠠᠳᠤᠯᠠᠨ ᠦᠨ᠎ᠡ ᠬᠠᠩᠰᠢ ᠶᠢ ᠳᠤᠬᠳᠠᠪᠤᠷᠢᠵᠢᠭᠤᠯᠬᠤ᠂ ᠢᠳᠡᠬᠡᠨ ᠤ ᠠᠮᠤᠷ ᠳᠦᠪᠰᠢᠨ ᠪᠤᠯᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠡᠷᠬᠡ ᠠᠵᠢᠯ ᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠬᠢᠵᠥ᠂ ᠠᠷᠠᠳ ᠤᠨ ᠪᠠᠶᠢᠳᠠᠯ ᠢ ᠦᠢᠯᠠᠭᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠶᠢ ᠠᠵᠢᠯᠯᠠᠭ᠎ᠠ ᠳᠤ ᠪᠠᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃


     ᠪᠦ᠋ ᠰᠢᠶᠤᠤ ᠯᠢᠨ ᠬᠦᠬᠡᠬᠤᠳᠠ ᠶᠢᠨ ᠰᠢᠨ᠎ᠡ ᠬᠤᠳᠠ ᠲᠣᠭᠤᠷᠢᠭ ᠤᠨ ᠹᠦ᠋ ᠬᠠᠢ ᠰᠢᠩ ᠳᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠬᠡᠬᠦᠷ ᠲᠤ ᠬᠦᠷᠴᠤ᠂ ᠬᠦᠢᠲᠡᠨ ᠢᠶᠠᠷ ᠲᠡᠭᠡᠬᠡᠪᠦᠷᠢᠯᠡᠬᠦ ᠢᠳᠡᠬᠡᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠢ ᠠᠷᠢᠭᠤᠳᠬᠠᠬᠤ᠂ ᠪᠡᠶ᠎ᠡ ᠶᠢᠨ ᠬᠠᠯᠠᠭᠤᠨ ᠢ ᠬᠡᠮᠵᠢᠬᠦ ᠪᠠ ᠤᠯᠠᠨ ᠳᠦᠮᠡᠨ ᠤ ᠠᠮᠠᠪᠴᠢ ᠵᠡᠬᠦᠵᠥ ᠪᠠᠶᠢᠭ᠎ᠠ ᠵᠡᠷᠬᠡ ᠪᠠᠶᠢᠳᠠᠯ ᠢ ᠪᠠᠶᠢᠴᠠᠭᠠᠵᠥ᠂ ᠵᠠᠬ᠎ᠠ ᠳᠡᠯᠭᠡᠭᠦᠷ ᠤᠨ ᠤᠷᠴᠢᠨ ᠳᠤᠭᠤᠷᠢᠨ ᠪᠤᠯᠤᠨ ᠡᠵᠡᠩᠨᠡᠯᠳᠡ ᠶᠢᠨ ᠲᠠᠪᠴᠠᠩ ᠤᠨ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠨ ᠦᠵᠡᠵᠦ᠂ ᠠᠮᠤ ᠪᠤᠳᠠᠭ᠎ᠠ ᠳᠤᠰᠤ᠂ ᠢᠳᠡᠰᠢᠨ ᠨᠣᠭᠤᠭ᠎ᠠ᠂ ᠮᠢᠬᠠᠨ ᠤ ᠳᠦᠷᠦᠯ᠂ ᠢᠳᠡᠬᠡᠨ ᠵᠡᠷᠬᠡ ᠶᠢᠨ ᠬᠠᠩᠭᠠᠯᠭ᠎ᠠ ᠶᠢᠨ ᠠᠷᠭ᠎ᠠ ᠵᠠᠮ᠂ ᠡᠳᠤᠷ ᠳᠤᠳᠤᠮ ᠤᠨ ᠨᠥᠭᠡᠴᠡᠯᠡᠯᠲᠡ᠂ ᠲᠠᠸᠠᠷ ᠤᠨ ᠦᠨ᠎ᠡ ᠬᠠᠩᠰᠢ ᠪᠤᠯᠤᠨ ᠢᠳᠡᠬᠡᠨ ᠤ ᠠᠮᠤᠷ ᠳᠦᠪᠰᠢᠨ ᠤ ᠪᠠᠶᠢᠴᠠᠭᠠᠯᠳᠠ ᠶᠢᠨ ᠪᠠᠶᠢᠳᠠᠯ ᠢ ᠨᠠᠷᠢᠯᠢᠬ ᠦᠢᠯᠠᠭᠠᠪᠠ᠃ ᠴᠡᠪᠡᠷ ᠳᠤᠬᠢᠯᠢᠭ ᠵᠠᠬ᠎ᠠ ᠳᠡᠯᠬᠡᠬᠦᠷ ᠤᠨ ᠤᠷᠴᠢᠨ ᠲᠣᠭᠤᠷᠢᠨ ᠢ ᠪᠠᠳᠤᠯᠠᠬᠤ᠂ ᠤᠯᠡᠨ ᠳᠦᠮᠡᠨ ᠳᠤ ᠲᠠᠭᠠᠰᠢᠶᠠᠭᠳᠠᠭᠰᠠᠨ ᠬᠡᠷᠡᠭᠯᠡᠭᠡᠨ ᠤ ᠤᠷᠴᠢᠨ ᠳᠤᠭᠤᠷᠢᠨ ᠪᠤᠯᠤᠨ ᠬᠢᠵᠢᠭ ᠤᠨ ᠪᠠᠶᠢᠳᠠᠯ ᠢ ᠰᠠᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠦᠳᠡ ᠣᠶᠢᠷᠠᠳᠬᠤ ᠪᠠᠷ᠂ ᠳᠡᠷᠡ ᠪᠠᠰᠠ ᠸᠧᠢ ᠳ᠋ᠦᠸᠧ ᠯᠢ ᠶᠢᠨ ᠰᠢ ᠶᠤᠸᠠᠢ ᠬᠤᠢ ᠬᠠᠮ ᠳᠡᠯᠬᠡᠬᠦᠷ ᠲᠤ ᠬᠦᠷᠴᠤ᠂ ᠪᠣᠷᠣᠯᠠᠭᠤᠯᠭ᠎ᠠ ᠶᠢᠨ ᠭᠠᠵᠠᠷ ᠢ ᠨᠢᠬᠡᠳ ᠨᠢᠬᠡ ᠪᠠᠷ ᠪᠠᠶᠢᠴᠠᠭᠠᠨ ᠦᠵᠡᠵᠥ᠂ ᠬᠠᠮᠢᠶ᠎ᠠ ᠪᠦᠬᠦᠢ ᠪᠠᠶᠢᠳᠠᠯ ᠢ ᠬᠦᠨᠵᠡᠬᠡᠢ ᠦᠢᠯᠠᠭᠠᠪᠠ᠃


     ᠪᠦ᠋ ᠰᠢᠶᠣᠣ ᠯᠢᠨ᠂ ᠤᠳᠤ ᠠᠴᠠ ᠴᠠᠭᠠᠨ ᠰᠠᠷ᠎ᠠ ᠪᠣᠯᠲᠠᠯᠠᠬᠢ ᠬᠤᠭᠤᠴᠠᠭ᠎ᠠ ᠪᠣᠯ ᠣᠯᠠᠨ ᠲᠦᠮᠡᠨ ᠤ ᠡᠳ᠋ ᠪᠠᠷᠠᠭ᠎ᠠ ᠬᠤᠳᠠᠯᠳᠤᠨ ᠠᠪᠬᠤ ᠣᠷᠭᠢᠯ ᠤᠨ ᠬᠤᠭᠤᠴᠠᠭ᠎ᠠ ᠪᠣᠯᠣᠨ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠳᠤᠯᠠᠵᠤ ᠦᠨ᠎ᠡ ᠬᠠᠩᠰᠢ ᠶᠢ ᠲᠤᠭᠳᠠᠪᠤᠷᠢᠵᠢᠭᠤᠯᠬᠤ ᠪᠠ ᠲᠠᠸᠠᠷ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠢᠳᠡᠭᠡᠨ ᠤ ᠠᠮᠤᠷ ᠲᠦᠪᠰᠢᠨ ᠢ ᠪᠠᠳᠤᠯᠠᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠪᠦᠬᠦ ᠬᠦᠴᠦ ᠪᠠᠷ ᠢᠶᠠᠨ ᠰᠠᠶᠢᠳᠤᠷ ᠬᠢᠬᠦ ᠬᠡᠷᠡᠭᠳᠠᠢ᠃ ᠪᠠᠷᠠᠭᠠᠨ ᠤ ᠢᠷᠡᠯᠳᠡ ᠶᠢᠨ ᠵᠠᠮ ᠢ ᠰᠢᠯᠤᠭᠤᠳᠬᠠᠵᠤ᠂ ᠲᠠᠸᠠᠷ ᠤᠨ ᠨᠦᠬᠡᠴᠡᠯᠡᠯ ᠢ ᠴᠢᠩᠭᠠᠳᠬᠠᠨ᠂ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠵᠤ᠂ ︽ᠠᠮᠤ ᠪᠤᠳᠠᠭ᠎ᠠ︾᠂ ︽ᠬᠤᠯᠢᠰᠢᠨ ᠢᠳᠡᠬᠡᠨ︾᠎ ᠤ ᠪᠦᠳᠦᠬᠡᠭᠳᠡᠬᠦᠨ ᠢ ᠴᠢᠨᠠᠷᠯᠢᠭ ᠪᠦᠷᠢᠨ ᠭᠦᠢᠴᠡᠳ ᠬᠠᠩᠭᠠᠬᠤ ᠬᠡᠷᠡᠭᠳᠡᠢ᠃ ᠳᠠᠸᠠᠷ ᠤᠨ ᠦᠨ᠎ᠡ ᠬᠠᠩᠰᠢ ᠤᠨᠴᠠᠭᠠᠢᠢᠯᠠᠨ ᠴᠢᠬᠤᠯᠠ ᠪᠦᠬᠦᠢ ᠠᠷᠠᠳ ᠤᠨ ᠠᠮᠢᠳᠤᠷᠠᠯ ᠤᠨ ᠳᠠᠸᠠᠷ ᠤᠨ ᠦᠨ᠎ᠡ ᠬᠠᠩᠰᠢ ᠶᠢᠨ ᠳᠤᠬᠠᠢ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠵᠥ᠂ ᠲᠠᠸᠠᠷ ᠤᠨ ᠶᠠᠰᠤ ᠴᠢᠨᠠᠷ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠴᠢᠩᠭ᠎ᠠ ᠬᠠᠮᠢᠶᠠᠷᠴᠤ᠂ ᠤᠯᠠᠨ ᠲᠦᠮᠡᠨ ᠤ ᠬᠤᠳᠠᠯᠳᠤᠨ ᠠᠪᠬᠤ ᠳᠤ ᠰᠠᠨᠠᠭ᠎ᠠ ᠠᠮᠤᠷ᠂ ᠢᠳᠡᠵᠤ ᠤᠤᠭᠤᠬᠤ ᠳᠤ ᠰᠡᠵᠢᠭ ᠦᠭᠡᠢ ᠪᠠᠶᠢᠬᠤ ᠶᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠪᠦ᠋ ᠰᠢᠶᠤᠤ ᠯᠢᠨ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠨᠳᠦ ᠨᠤᠴᠢᠳᠠᠢ ᠨᠠᠷᠢᠨ ᠪᠤᠳᠤᠯᠢᠶᠠᠨᠳᠠᠢ ᠪᠠᠶᠢᠨ᠎ᠠ᠂ ᠳᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ︵ᠴᠤᠭᠯᠠᠭ᠎ᠠ ᠮᠠᠶᠢᠮᠠᠢ︶ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠠᠮ ᠳᠡᠯᠭᠡᠭᠦᠷ᠂ ᠡᠳ᠋ ᠪᠠᠷᠠᠭᠠᠨ ᠤ ᠭᠦᠢᠯᠭᠡᠭᠡ᠂ ᠬᠦᠮᠦᠨ ᠬᠠᠷ᠎ᠠ ᠶᠢᠨ ᠶᠠᠪᠤᠵᠦ ᠰᠠᠭᠤᠬᠤ ᠤᠯᠠᠨ ᠪᠠᠶᠢᠬᠤ ᠵᠡᠷᠭᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠣᠯᠳᠠᠯᠭ᠎ᠠ ᠪᠤᠯᠵᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠢᠮᠠᠭᠳᠠ ᠴᠢᠩᠳᠠᠯᠠᠵᠤ᠂ ᠰᠤᠯᠠᠷᠠᠬᠤ ᠪᠠ ᠲᠠᠶᠢᠪᠤᠰᠢᠷᠠᠬᠤ ᠪᠤᠳᠤᠯ ᠶᠠᠭᠠᠬᠢᠭᠰᠠᠨ ᠴᠤ ᠪᠠᠶᠢᠵᠤ ᠪᠤᠯᠬᠤ ᠦᠭᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠤ᠂ ᠳᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ︵ᠴᠤᠭᠯᠠᠭ᠎ᠠ ᠮᠠᠶᠢᠮᠠᠢ︶᠎ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠠᠮ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠵᠢᠯᠣᠭᠤᠳᠤᠯᠭ᠎ᠠ᠂ ᠬᠢᠨᠠᠯᠳᠠ ᠪᠠ ᠪᠠᠶᠢᠴᠠᠭᠠᠯᠳᠠ ᠪᠠᠨ ᠴᠢᠩᠭᠠᠳᠬᠠᠵᠤ᠂ ᠬᠦᠴᠦ ᠪᠠᠨ ᠵᠣᠬᠢᠶᠠᠨ ᠪᠠᠶᠢᠭᠤᠯᠵᠤ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠭᠦᠨᠵᠡᠭᠡᠢ ᠵᠢᠭᠰᠠᠭᠠᠨ ᠪᠠᠶᠢᠴᠠᠭᠠᠬᠤ ᠬᠡᠷᠡᠭᠳᠠᠢ᠃ ᠡᠵᠡᠩᠨᠡᠯᠳᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠷᠢᠶᠠᠯᠠᠩ ᠤᠨ ᠳᠤᠰᠠᠯᠠᠬᠤ ᠠᠵᠥ ᠠᠬᠤᠢ ᠶᠢᠨ ᠪᠦᠳᠦᠬᠡᠭᠳᠡᠬᠦᠨ ᠤ ᠠᠷᠠᠯᠵᠢᠶᠠᠨ ᠤ ︵ᠴᠤᠭᠯᠠᠭ᠎ᠠ ᠮᠠᠶᠢᠮᠠᠢ︶ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠠᠮ ᠳᠡᠯᠭᠡᠭᠦᠷ ᠤᠨ ᠬᠢᠵᠢᠭ ᠢ ᠰᠡᠷᠭᠡᠶᠢᠯᠡᠬᠦ ᠮᠡᠷᠭᠡᠵᠢᠯ ᠤᠨ ᠵᠦᠭᠯᠡᠭᠦᠷ ᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦᠷᠢᠮ ᠢ ᠲᠡᠭᠦᠯᠳᠡᠷᠵᠢᠭᠦᠯᠬᠦ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠱᠠᠭᠠᠷᠳᠠᠯᠭ᠎ᠠ᠂ ᠬᠤᠪᠢ ᠬᠦᠮᠦᠨ ᠤ ᠡᠷᠡᠭᠦᠯ ᠬᠠᠮᠠᠭᠠᠯᠠᠯ᠂ ᠬᠦᠢᠳᠡᠨ ᠢᠶᠠᠷ ᠳᠡᠬᠡᠬᠡᠪᠦᠷᠢᠯᠡᠬᠦ ᠢᠳᠡᠭᠡᠨ ᠤ ᠱᠠᠭᠠᠷᠳᠠᠯᠭ᠎ᠠ᠂ ᠬᠦᠮᠦᠠ ᠤ ᠲᠤᠭ᠎ᠠ ᠬᠡᠮᠵᠢᠶ᠎ᠡ ᠪᠠ ᠬᠦᠮᠦᠨ ᠤ ᠬᠤᠭᠤᠷᠣᠨᠳᠤᠬᠢ ᠵᠠᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠪᠤᠳᠠᠳᠠᠢ ᠳᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠳᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠬᠢᠵᠢᠬᠦᠯᠵᠥ᠂ ᠤᠬᠳᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠪᠠᠶᠢᠴᠠᠭᠠᠯᠳᠠ ᠳᠤ ᠤᠷᠤᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ