︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/1/18
                                                           ᠥᠪᠥᠷ ᠵᠠᠰᠠᠭ ᠠᠯᠪᠠᠨ ᠲᠠᠷᠬᠠᠭᠠᠭᠰᠠᠨ ︹2020︺ 39 ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                                         2020 ᠣᠨ ᠤ 12 ᠳ᠋ᠤᠭᠠᠷ ᠰᠠᠷ᠎ᠠ ᠶᠢᠨ 6 ᠤ ᠡᠳᠦᠷ                                                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                 ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶      ︽ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠠᠬᠢᠭᠤᠯᠵᠤ ᠰᠦᠨ ᠤ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 9 ᠶᠠᠮᠤᠨ ᠵᠥᠪᠯᠡᠯ ᠤᠨ ︽ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ ᠤᠳ︾ ︵ᠲᠠᠷᠢᠶᠠᠯᠠᠩ ᠮᠠᠯ ᠲᠠᠷᠬᠠᠭᠠᠭᠰᠠᠨ ﹇2018﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠮᠠᠨ ᠤ ᠣᠷᠣᠨ ᠳᠤ ᠮᠢᠩᠭᠠᠨ ᠳ᠋ᠦᠩᠰᠢᠭᠤᠷ ᠲᠠᠰ ᠤᠨ ᠰᠦ ᠶᠢᠨ ᠠᠵᠤ ᠦᠢᠯᠡᠰ ᠬᠥᠭᠵᠢᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠲᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠤᠷᠢᠳ ᠢᠶᠠᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠭᠤᠤᠯ ᠪᠣᠯᠭᠠᠵᠤ᠂ ᠰᠦᠨ ᠤ ᠪᠦᠲᠦᠬᠡᠭᠳᠡᠬᠦᠨ ᠤ ᠬᠥᠲᠥᠴᠢ ᠠᠵᠤ ᠠᠬᠤᠶᠢᠯᠠᠯ ᠤᠨ ᠳᠡᠯᠡᠬᠡᠶᠢᠵᠢᠯᠲᠡ᠂ ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠯᠲᠡ ᠪᠠ ᠦᠨᠳᠦᠰᠦᠲᠡᠨ ᠤ ᠰᠦ ᠴᠠᠭᠠᠨ ᠢᠳᠡᠭᠡᠨ ᠤ ᠣᠨᠴᠠᠯᠢᠭ ᠲᠠᠢ ᠬᠥᠭᠵᠢᠯᠲᠡ ᠶᠢᠨ ᠨᠢᠭᠡ ᠴᠣᠭᠴᠠ ᠪᠣᠯᠬᠤ ᠶᠢ ᠨᠢ ᠠᠬᠢᠭᠤᠯᠤᠨ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠤᠭᠰᠠᠨ᠂  ᠲᠣᠭᠠᠴᠢᠯᠠᠬᠤ ᠪᠠ ᠣᠶᠣᠨᠴᠢᠯᠠᠬᠤ ᠪᠠᠷ ᠬᠥᠳᠡᠯᠭᠡᠭᠦᠷ ᠪᠣᠯᠭᠠᠭᠰᠠᠨ᠂ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠳᠡᠯᠡᠬᠡᠶ ᠶᠢᠨ ᠲᠠᠰ ᠤᠨ ᠠᠵᠤ ᠦᠢᠯᠡᠰ ᠤᠨ ᠪᠥᠯᠥᠭᠵᠢᠯ ᠢ ᠪᠣᠢ ᠪᠣᠯᠭᠠᠵᠤ᠂ ᠮᠠᠨ ᠤ ᠤᠯᠤᠰ ᠤᠨ ᠰᠦ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠰᠦ ᠶᠢᠨ ᠦᠢᠯᠡᠰ ᠤᠨ ᠪᠦᠬᠦ ᠲᠠᠯ᠎ᠠ ᠪᠠᠷ ᠬᠥᠭᠵᠢᠨ ᠮᠠᠨᠳᠤᠬᠤ ᠶᠢ ᠪᠡᠶᠡᠯᠡᠭᠦᠯᠬᠦ ᠳᠤ ᠵᠢᠱᠢᠶ᠎ᠡ ᠦᠵᠡᠭᠦᠯᠬᠦ᠂ ᠳᠠᠶᠢᠴᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠨ᠎ᠡ᠃      ︵ᠬᠤᠶᠠᠷ︶ ᠠᠵᠢᠯᠯᠠᠭᠠᠨ ᠤ ᠬᠠᠷᠠᠯᠲᠠ᠃ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ᠂ ᠲᠡᠵᠢᠭᠡᠯ ᠡᠪᠡᠰᠦ ᠪᠣᠷᠳᠤᠭ᠎ᠠ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠲᠡᠷᠢᠭᠦᠨ ᠳᠡᠰ ᠤᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠣᠢ ᠪᠣᠯᠭᠠᠨ᠂ ᠲᠡᠷᠢᠭᠦᠨ ᠳᠡᠰ ᠤᠨ ᠪᠦᠲᠦᠭᠡᠭᠳᠡᠬᠦᠨ ᠢ ᠪᠦᠲᠦᠭᠡᠵᠦ᠂ ᠲᠡᠷᠢᠭᠦᠨ ᠳᠡᠰ ᠤᠨ ᠨᠡᠷᠡᠲᠦ ᠲᠡᠮᠳᠡᠭ ᠢ ᠡᠭᠦᠳᠦᠨ᠂ 2022 ᠣᠨ ᠪᠣᠯᠬᠤ ᠳᠤ᠂ ᠰᠠᠭᠠᠯᠢ ᠶᠢᠨ ᠮᠠᠯ ᠤᠨ ᠲᠤᠭ᠎ᠠ ᠲᠣᠯᠣᠭᠠᠢ ᠶᠢ 215 ᠲᠦᠮᠡ ᠳᠤ ᠬᠦᠷᠭᠡᠵᠦ᠂ ᠰᠦ ᠶᠢᠨ ᠭᠠᠷᠤᠯᠲᠠ ᠶᠢ 720 ᠲᠦᠮᠡᠨ ᠲᠣᠨ ᠳᠤ ᠬᠦᠷᠭᠡᠨ᠎ᠡ᠃ ᠪᠦᠬᠦ ᠠᠵᠤ ᠦᠢᠯᠡᠰ ᠤᠨ ᠬᠡᠯᠬᠢᠶᠡᠨ ᠳᠠᠬᠢ ᠪᠦᠲᠦᠬᠡᠭᠳᠡᠬᠦᠨ ᠤ ᠥᠷᠲᠡᠭ ᠢ 2100 ᠳ᠋ᠦᠩᠰᠢᠭᠤᠷ ᠲᠥᠭᠦᠷᠢᠭ ᠲᠤ ᠬᠦᠷᠭᠡᠵᠦ᠂ ᠪᠦᠬᠦ ᠤᠯᠤᠰ ᠲᠤ ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠡᠩ ᠲᠡᠷᠢᠭᠦᠨ ᠳᠤ ᠪᠡᠶᠡᠯᠡᠭᠦᠯᠦᠨ᠎ᠡ᠃ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃      1. ᠦᠷ᠎ᠡ ᠡᠭᠦᠯᠳᠡᠷ ᠬᠠᠮᠲᠤᠷᠠᠨ ᠪᠤᠶᠢᠵᠢᠭᠤᠯᠬᠤ ᠰᠢᠪᠲᠤᠯᠤᠯᠲᠠ ᠶᠢᠨ ᠠᠵᠢᠯ ᠢ ᠥᠷᠨᠢᠭᠦᠯᠦᠨ᠎ᠡ᠃ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠤᠨ ᠰᠢᠪᠲᠤᠯᠤᠯᠲᠠ ᠶᠢᠨ ᠠᠵᠢᠯ ᠤᠨ ᠲᠤᠰᠬᠠᠶ ᠮᠡᠷᠭᠡᠵᠢᠯᠲᠡᠨ ᠤ ᠬᠠᠮᠲᠤᠷᠠᠭᠰᠠᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠣᠷᠣᠨ ᠤ ᠳᠣᠲᠣᠷᠠᠬᠢ ᠳᠠᠭᠠᠭᠤᠯᠤᠭᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠨ᠂ ᠲᠡᠷᠢᠭᠦᠨ ᠰᠢᠨᠵᠢᠯᠡᠬᠦ ᠤᠬᠠᠭᠠᠨᠲᠠᠨ ᠨᠠᠷ ᠮᠡᠷᠭᠡᠵᠢᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠵᠤ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ᠂ ᠶᠡᠭᠡ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠯ᠎ᠡ ᠲᠠᠯ᠎ᠠ ᠶᠢᠨ ᠬᠦᠴᠦᠨ ᠣᠷᠣᠯᠴᠠᠭᠰᠠᠨ᠂ ᠬᠠᠮᠲᠤᠷᠠᠨ ᠰᠢᠪᠲᠤᠯᠤᠯᠲᠠ ᠬᠢᠬᠦ ᠡᠭᠦᠷᠭᠡ ᠶᠢ ᠬᠠᠮᠲᠤ ᠪᠠᠷ ᠨᠠᠶᠢᠳᠠᠪᠤᠷᠢᠵᠢᠭᠤᠯᠤᠨ᠎ᠠ᠃ 2022 ᠣᠨ ᠪᠣᠯᠬᠤ ᠳᠤ᠂ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠤᠭᠰᠠᠨ ᠳ᠋ᠠᠶᠢᠲ᠋ᠠ ᠶᠢ ᠴᠤᠭᠯᠠᠭᠤᠯᠬᠤ ᠪᠠ ᠤᠳᠤᠮᠰᠢᠯ ᠢ ᠦᠨᠡᠯᠡᠨ ᠵᠢᠱᠢᠬᠦ ᠲᠠᠪᠴᠠᠩ᠂ ᠥᠨᠳᠥᠷ ᠦᠷ᠎ᠡ ᠪᠦᠲᠦᠮᠵᠢᠲᠡᠢ ᠲᠦᠷᠭᠡᠨ ᠨᠡᠮᠡᠭᠳᠡᠭᠦᠯᠵᠦ ᠦᠷᠡᠵᠢᠭᠦᠯᠬᠦ ᠠᠵᠤ ᠦᠢᠯᠡᠰᠴᠢᠯᠡᠭᠰᠡᠨ ᠮᠡᠷᠭᠡᠵᠢᠯ ᠤᠨ ᠲᠠᠪᠴᠠᠩ᠂ ᠦᠷ᠎ᠡ ᠶᠢᠨ ᠴᠣᠭᠴᠠ ᠳᠤ ᠰᠢᠨ᠎ᠡ ᠡᠭᠦᠳᠦᠯᠲᠡ ᠪᠠᠷ ᠲᠤᠯᠭᠠᠭᠤᠷᠢᠯᠠᠭᠰᠠᠨ ᠬᠠᠮᠲᠤ ᠳᠤ ᠪᠠᠨ ᠬᠦᠷᠲᠡᠬᠦ ᠲᠠᠪᠴᠠᠩ ᠵᠢᠴᠢ ᠰᠠᠭᠠᠯᠢ ᠶᠢᠨ ᠦᠨᠢᠶᠡᠨ ᠤ ᠰᠢᠯᠢᠳᠡᠭ ᠰᠠᠶᠢᠨ ᠦᠷ᠎ᠡ ᠶᠢᠨ ᠴᠣᠭᠴᠠ ᠶᠢᠨ ᠦᠵᠡᠭᠦᠯᠭᠡ ᠬᠢᠭᠡᠳ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠶ ᠪᠣᠯᠬᠤᠷ᠂ ᠳᠣᠷᠣᠭᠰᠢ ᠳᠠᠭᠢᠵᠤ ᠵᠢᠭᠰᠠᠭᠠᠵᠤ ᠲᠣᠳᠣᠷᠬᠠᠢᠯᠠᠬᠤ ᠥᠬᠡᠶ︶      2. ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ ᠬᠤᠰᠲ᠋ᠠᠨ ᠰᠠᠭᠠᠯᠢ ᠶᠢᠨ ᠦᠨᠢᠶ᠎ᠡ᠂ ᠰᠠᠭᠠᠯᠢ ᠪᠠ ᠠᠯᠠᠰᠢᠨ ᠤ ᠰᠢᠮᠡᠨ᠋ᠳᠡᠷ ᠦᠬᠡᠷ ᠪᠠ ᠭᠤᠷᠪᠠᠨ ᠭᠤᠤᠯ ᠤᠨ ᠦᠬᠡᠷ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠪᠦᠬᠦ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯᠯᠠᠬᠤ ᠰᠦᠷᠦᠭᠵᠢᠯ ᠢ ᠵᠣᠬᠢᠶᠠᠨ ᠪᠠᠶᠢᠭᠤᠯᠤᠨ᠎ᠠ᠃ 2022 ᠣᠨ ᠪᠣᠯᠬᠤ ᠳᠤ᠂ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠨᠢ ᠵᠢᠯ ᠪᠦᠷᠢ ᠡᠭᠦᠯᠳᠡᠷ ᠤᠨ ᠪᠤᠬᠠᠨ ᠤ ᠥᠷᠲᠡᠭᠡ ᠳᠤ ᠪᠡᠶ᠎ᠡ ᠪᠠᠨ ᠳᠠᠭᠠᠭᠠᠵᠤ ᠡᠭᠦᠯᠳᠡᠷ ᠪᠣᠶᠢᠵᠢᠭᠤᠯᠤᠭᠰᠠᠨ ᠪᠤᠬ᠎ᠠ ᠶᠢ 5 ᠠᠴᠠ ᠢᠯᠡᠭᠦᠦ ᠬᠠᠩᠭᠠᠵᠤ᠂ ᠭᠤᠤᠯᠯᠠᠬᠤ ᠡᠭᠦᠯᠳᠡᠷ ᠤᠨ ᠢᠷᠡᠯᠲᠡ ᠶᠢᠨ ᠥᠪᠡᠰᠦᠪᠡᠨ ᠬᠠᠩᠭᠠᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠦᠵᠦᠭᠦᠷᠯᠡᠬᠦ ᠳᠡᠰ ᠤᠨ ᠪᠤᠬ᠎ᠠ ᠶᠢ ᠪᠤᠶᠢᠵᠢᠭᠤᠯᠤᠨ᠎ᠠ᠃ ᠳᠡᠯᠡᠬᠡᠶ ᠶᠢᠨ ᠦᠵᠦᠭᠦᠷᠯᠡᠬᠦ ᠲᠡᠰ ᠤᠨ ᠪᠤᠬ᠎ᠠ ᠶᠢᠨ ᠬᠦᠪᠦᠷᠡᠯ᠂ ᠢᠴᠡᠭᠡᠯ ᠦᠷ᠎ᠡ ᠶᠢ ᠣᠷᠣᠭᠤᠯᠤᠨ ᠠᠪᠴᠢᠷᠠᠵᠤ᠂ ᠪᠦᠬᠦ ᠭᠧᠨ ᠤ ᠪᠦᠯᠦᠭ ᠰᠣᠩᠭᠤᠬᠤ ᠮᠡᠷᠭᠡᠵᠢᠯ ᠢᠶᠠᠷ ᠰᠢᠯᠢᠳᠡᠭ ᠡᠭᠦᠯᠳᠡᠷ ᠤᠨ ᠪᠡᠯᠡᠳᠬᠡᠯ ᠪᠤᠬ᠎ᠠ ᠶᠢ ᠡᠷᠲᠡ ᠰᠣᠩᠭᠤᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠰᠢᠯᠢᠳᠡᠭ ᠡᠭᠦᠯᠳᠡᠷ ᠤᠨ ᠪᠤᠬ᠎ᠠ ᠶᠢ ᠲᠦᠷᠭᠡᠳᠬᠡᠨ ᠪᠤᠶᠢᠵᠢᠭᠤᠯᠤᠨ᠎ᠠ᠃ 2022 ᠣᠨ ᠪᠣᠯᠬᠤ ᠳᠤ᠂ ᠳᠡᠯᠡᠬᠡᠶ ᠶᠢᠨ 100 ᠤ ᠳᠣᠲᠣᠷ᠎ᠠ ᠵᠢᠭᠰᠠᠭᠠᠭᠳᠠᠭᠰᠠᠨ ᠬᠤᠰᠲ᠋ᠠᠨ ᠡᠭᠦᠯᠳᠡᠷ ᠤᠨ ᠪᠤᠬ᠎ᠠ ᠶᠢ 5᠂ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ ᠬᠤᠰᠲ᠋ᠠᠨ ᠡᠭᠦᠯᠳᠡᠷ ᠤᠨ ᠪᠤᠬ᠎ᠠ ᠶᠢ 30 ᠭᠠᠷᠤᠢ ᠪᠤᠶᠢᠵᠢᠭᠤᠯᠤᠨ᠎ᠠ︔ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ ᠰᠢᠮᠡᠨ᠋ᠳᠡᠷ ᠪᠤᠬ᠎ᠠ ᠶᠢ 30 ᠪᠤᠶᠢᠵᠢᠭᠤᠯᠤᠨ᠎ᠠ︔ ᠤᠳᠤᠮ ᠢ ᠨᠢ ᠰᠢᠯᠭᠠᠨ ᠲᠣᠭᠲᠠᠭᠠᠭᠰᠠᠨ ᠭᠤᠷᠪᠠᠨ ᠭᠤᠤᠯ ᠤᠨ ᠦᠬᠡᠷ ᠤᠨ ᠦᠷ᠎ᠡ ᠠᠪᠬᠤ ᠪᠤᠬ᠎ᠠ ᠶᠢ 60 ᠭᠠᠷᠤᠢ ᠪᠤᠶᠢᠵᠢᠭᠤᠯᠤᠨ᠎ᠠ᠃ ᠰᠠᠭᠠᠯᠢ ᠶᠢᠨ ᠬᠤᠨᠢ ᠢᠮᠠᠭᠠᠨ ᠤ ᠣᠷᠣᠭᠤᠯᠵᠤ ᠠᠪᠴᠢᠷᠠᠭᠰᠠᠨ ᠡᠭᠦᠯᠳᠡᠷ ᠢ ᠨᠤᠲᠤᠭᠰᠢᠭᠤᠯᠤᠨ ᠪᠤᠶᠢᠵᠢᠭᠤᠯᠬᠤ ᠠᠵᠢᠯ ᠢ ᠥᠷᠨᠢᠭᠦᠯᠵᠦ᠂ ᠮᠣᠩᠭᠤᠯ ᠠᠳᠤᠭᠤ᠂ ᠬᠤᠤᠰ ᠪᠥᠬᠦᠲᠦ ᠲᠡᠮᠡᠭᠡᠨ ᠤ ᠡᠭᠦᠯᠳᠡᠷ ᠰᠣᠩᠭᠤᠨ ᠪᠤᠶᠢᠵᠢᠭᠤᠯᠬᠤ ᠠᠵᠢᠯ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠲᠡᠵᠢᠭᠡᠯ ᠡᠪᠡᠰᠦ ᠪᠣᠷᠳᠣᠭᠠᠨ ᠤ ᠲᠡᠷᠢᠭᠦᠨ ᠳᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃      4. ᠴᠢᠨᠠᠷ ᠰᠠᠶᠢᠲᠠᠢ ᠲᠡᠵᠢᠭᠡᠯ ᠡᠪᠡᠰᠦᠨ ᠤ ᠦᠷ᠎ᠡ ᠬᠠᠩᠭᠠᠵᠤ ᠥᠭᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠷᠭᠠᠰᠤ ᠪᠠᠷ ᠭᠤᠣᠯᠳᠠᠯᠭ᠎ᠠ ᠪᠣᠯᠭᠠᠵᠤ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠦᠷ᠎ᠡ ᠶᠢ ᠪᠣᠶᠢᠵᠢᠭᠤᠯᠬᠤ ᠮᠡᠷᠭᠡᠵᠢᠯ ᠤᠨ ᠰᠤᠳᠤᠯᠭᠠᠨ ᠢ ᠨᠢ ᠴᠢᠩᠭᠠᠳᠬᠠᠨ᠂ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠦᠷ᠎ᠡ ᠡᠭᠦᠯᠳᠡᠷ ᠲᠠᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ ᠴᠠᠷᠭᠠᠰᠤ ᠶᠢᠨ ᠦᠷ᠎ᠡ ᠶᠢᠨ ᠰᠠᠭᠤᠷᠢᠨ ᠭᠠᠵᠠᠷ ᠤᠨ ᠲᠠᠯᠠᠪᠠᠢ ᠶᠢ 10 ᠲᠦᠮᠡᠨ ᠮᠦ ᠳᠤ ᠬᠦᠷᠭᠡᠵᠦ᠂ ᠵᠢᠯ ᠤᠨ ᠴᠠᠷᠭᠠᠰᠤᠨ ᠤ ᠦᠷ᠎ᠡ ᠶᠢᠨ ᠤᠨᠠᠯᠲᠠ ᠶᠢ 160 ᠲᠦᠮᠡᠨ ᠺᠢᠯᠣᠭ᠍ᠷᠠᠮ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      5. ᠤᠨᠠᠯᠲᠠ ᠥᠨᠳᠥᠷ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠬᠠᠲᠤᠨ ᠭᠤᠤᠯ᠂ ᠨᠤᠨ ᠮᠥᠷᠡᠨ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠪᠠ ᠬᠥᠯᠥᠨ ᠪᠤᠶᠢᠷ᠂ ᠰᠢᠯᠢ ᠶᠢᠨ ᠭᠤᠤᠯ ᠤᠨ ᠲᠠᠯ᠎ᠠ ᠨᠤᠲᠤᠭ ᠲᠠᠬᠢ ᠰᠦ ᠶᠢᠨ ᠢᠷᠡᠯᠲᠡ ᠶᠢᠨ ᠲᠠᠪᠤᠨ ᠶᠡᠭᠡ ᠰᠠᠭᠤᠷᠢᠨ ᠭᠠᠵᠠᠷ ᠲᠤ ᠡᠷᠳᠡᠨᠢ ᠰᠢᠰᠢ ᠶᠢ ᠡᠰᠢ ᠰᠦᠷᠡᠯ ᠲᠠᠢ ᠨᠢ ᠳᠠᠷᠤᠰᠢᠭᠤᠯᠬᠤ ᠶᠢ ᠶᠡᠭᠡ ᠪᠠᠷ ᠳᠡᠯᠭᠡᠷᠡᠭᠦᠯᠦᠨ᠂ ᠡᠷᠳᠡᠨᠢ ᠰᠢᠰᠢ ᠳᠠᠷᠤᠰᠢᠭᠤᠯᠬᠤ ᠰᠠᠭᠤᠷᠢᠨ ᠭᠠᠵᠠᠷ ᠢ 700 ᠲᠦᠮᠡᠨ ᠮᠦ ᠲᠥᠬᠦᠷᠵᠢᠭᠦᠯᠦᠨ ᠪᠠᠶᠢᠭᠤᠯᠵᠤ᠂ ᠲᠣᠰ ᠭᠠᠵᠠᠷ ᠤᠨ ᠣᠶᠢᠷ᠎ᠠ ᠬᠠᠪᠢ ᠳᠤ ᠪᠠᠨ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠬᠠᠩᠭᠠᠬᠤ ᠶᠢ ᠪᠠᠲᠤᠯᠠᠨ᠎ᠠ᠃ ᠳᠤᠮᠳᠠ ᠪᠠ ᠪᠠᠷᠠᠭᠤᠨ ᠬᠡᠰᠡᠭ ᠲᠠᠬᠢ ᠬᠠᠳᠤᠨ ᠭᠤᠣᠯ ᠤᠨ ᠰᠠᠪᠠ ᠭᠠᠵᠠᠷ᠂ ᠵᠡᠭᠦᠨ ᠬᠡᠰᠡᠭ ᠲᠠᠬᠢ ᠪᠠᠷᠠᠭᠤᠨ ᠯᠢᠶᠣᠤ ᠾᠧ ᠭᠤᠣᠯ — ᠨᠤᠨ ᠮᠥᠷᠡᠨ ᠤ ᠰᠠᠪᠠ ᠭᠠᠵᠠᠷ ᠪᠠ ᠬᠤᠶᠢᠲᠤ ᠬᠡᠰᠡᠭ ᠲᠠᠬᠢ ᠮᠠᠯᠵᠢᠬᠤ ᠣᠷᠣᠨ ᠤ ᠬᠦᠢᠲᠡᠨ ᠳᠤ ᠲᠡᠰᠪᠦᠷᠢᠲᠡᠢ ᠴᠠᠷᠭᠠᠰᠤ ᠲᠠᠷᠢᠬᠤ ᠪᠦᠰᠡ ᠪᠠᠶᠢᠭᠤᠯᠬᠤ ᠶᠢ ᠳᠡᠮᠵᠢᠵᠦ᠂ 700 ᠲᠦᠮᠡᠨ ᠮᠦ ᠴᠢᠨᠠᠷ ᠰᠠᠶᠢᠲᠠᠶ ᠴᠠᠷᠭᠠᠰᠤ ᠲᠠᠷᠢᠬᠤ ᠰᠠᠭᠤᠷᠢᠨ ᠭᠠᠵᠠᠷ ᠢ  ᠪᠠᠶᠢᠭᠤᠯᠤᠨ᠂ ᠤᠯᠤᠰ ᠲᠤ ᠪᠠᠨ ᠦᠢᠯᠡᠳᠪᠦᠷᠢᠯᠡᠭᠰᠡᠨ ᠴᠠᠷᠭᠠᠰᠤ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      6. ᠲᠡᠵᠢᠭᠡᠯ ᠡᠪᠡᠰᠦ ᠪᠣᠷᠳᠤᠭ᠎ᠠ ᠶᠢ ᠮᠧᠬᠠᠨᠢᠭᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠮᠧᠬᠠᠨᠢᠭᠵᠢᠯᠲᠠ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠴᠠᠷᠭᠠᠰᠤ᠂ ᠳᠠᠷᠤᠰᠢᠭᠤᠯᠬᠤ ᠪᠤᠷᠳᠤᠭ᠎ᠠ ᠵᠡᠷᠭᠡ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠢ ᠬᠠᠳᠤᠵᠤ ᠬᠤᠷᠢᠶᠠᠬᠤ᠂ ᠪᠣᠯᠪᠠᠰᠤᠷᠠᠭᠤᠯᠬᠤ ᠮᠠᠰᠢᠨ ᠳᠤ ᠴᠢᠯᠥᠭᠡᠲᠡᠶ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠬᠡᠮᠵᠢᠶ᠎ᠡ ᠶᠢ ᠬᠠᠮᠤᠭ ᠤᠨ ᠥᠨᠳᠥᠷ ᠲᠤ ᠪᠠᠨ 15 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠮᠠᠯᠵᠢᠬᠤ ᠣᠷᠣᠨ ᠤ ᠭᠡᠷ ᠪᠦᠯᠢ ᠶᠢᠨ ᠰᠠᠭᠠᠯᠢ ᠶᠢᠨ ᠮᠠᠯ ᠤᠨ ᠮᠠᠯᠵᠢᠯ ᠤᠨ ᠲᠠᠯᠠᠪᠠᠢ᠂ ᠰᠠᠭᠠᠯᠢ ᠶᠢᠨ ᠲᠠᠷᠢᠶᠠᠴᠢᠨ ᠤ ᠬᠤᠷᠰᠢᠶᠠᠵᠢᠯ ᠤᠨ ᠮᠠᠯᠵᠢᠯ ᠳᠤ ᠬᠡᠷᠡᠭᠯᠡᠬᠦ ᠮᠠᠰᠢᠨ ᠪᠠᠭᠠᠵᠢ ᠬᠤᠳᠠᠯᠳᠤᠨ ᠠᠪᠬᠤ ᠳᠤ ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠪ ᠤᠨ ᠡᠳ᠋ ᠤᠨ ᠵᠠᠰᠠᠭ ᠠᠴᠠ 30% ᠶᠢᠨ ᠨᠡᠮᠡᠭᠦᠷᠢ ᠥᠭᠭᠦᠭᠰᠡᠨ ᠰᠠᠭᠤᠷᠢᠨ ᠳᠡᠭᠡᠷ᠎ᠡ᠂ ᠨᠡᠮᠡᠭᠦᠷᠢ ᠶᠢᠨ ᠪᠠᠷᠢᠮᠵᠢᠶ᠎ᠠ ᠶᠢ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠦᠨᠢᠶ᠎ᠡ ᠰᠠᠭᠠᠬᠤ ᠮᠠᠰᠢᠨ ᠪᠠ ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠬᠠᠮᠤᠭ ᠤᠨ ᠥᠨᠳᠥᠷ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠰᠦ ᠶᠢᠨ ᠢᠷᠡᠯᠲᠡ ᠶᠢᠨ ᠲᠡᠷᠢᠭᠦᠨ ᠳᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃      7. ᠠᠵᠤ ᠦᠢᠯᠡᠰ ᠤᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ︽ᠦᠷᠡᠵᠢᠭᠦᠯᠵᠦ ᠪᠣᠶᠢᠵᠢᠭᠤᠯᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠢᠴᠡᠭᠡᠯ ᠦᠷ᠎ᠡ᠂ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠳᠡᠯᠭᠡᠷᠡᠭᠦᠯᠵᠦ᠂ ᠥᠪᠡᠰᠦᠪᠡᠨ ᠦᠷᠡᠵᠢᠭᠦᠯᠬᠦ ᠪᠥᠭᠡᠳ ᠪᠣᠷᠳᠣᠵᠤ ᠪᠣᠶᠢᠵᠢᠭᠤᠯᠤᠨ᠎ᠠ᠃  ︽ᠣᠷᠣᠭᠤᠯᠵᠤ ᠠᠪᠴᠢᠷᠠᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢ ᠵᠣᠷᠢᠭᠵᠢᠭᠤᠯᠵᠤ ᠪᠠᠶᠢᠭᠠᠳ ᠴᠢᠨᠠᠷ ᠰᠠᠶᠢᠲᠠᠶ ᠦᠨᠢᠶ᠎ᠡ ᠶᠢ ᠣᠷᠣᠭᠤᠯᠵᠤ ᠠᠪᠴᠢᠷᠠᠨ᠎ᠠ᠃ ︽ᠪᠡᠯᠡ ᠣᠷᠣᠭᠤᠯᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠨᠡᠶᠢᠭᠡᠮ ᠤᠨ ᠬᠥᠷᠥᠩᠭᠡ ᠮᠥᠩᠭᠦ ᠪᠠ ᠬᠥᠲᠥᠴᠢ ᠪᠣᠯᠪᠠᠰᠤᠷᠠᠭᠤᠯᠬᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠪᠠᠷ ᠪᠡᠯᠡ ᠤᠷᠤᠭᠤᠯᠤᠭᠤᠯᠤᠨ᠎ᠠ᠃ ᠬᠦᠬᠡᠬᠤᠲᠠ ᠪᠠᠷ ᠭᠤᠤᠯ ᠪᠣᠯᠭᠠᠭᠰᠠᠨ ᠬᠠᠳᠤᠨ ᠭᠤᠤᠯ ᠳᠠᠭᠠᠤ ᠶᠢᠨ ᠣᠷᠣᠨ ᠳᠤ ᠬᠤᠰᠲ᠋ᠠᠨ ᠰᠠᠭᠠᠯᠢ ᠶᠢᠨ ᠦᠨᠢᠶᠡᠨ ᠤ ᠲᠤᠭ᠎ᠠ ᠶᠢ 75 ᠲᠦᠮᠡ ᠪᠣᠯᠲᠠᠯ᠎ᠠ ᠦᠷᠡᠵᠢᠭᠦᠯᠦᠨ ᠥᠰᠬᠡᠵᠦ᠂ ᠴᠢᠨᠠᠷ ᠪᠠ ᠰᠠᠭᠠᠯᠢ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨ ᠬᠡᠰᠡᠭ ᠪᠠ ᠬᠢᠩᠭᠠᠨ ᠠᠶᠢᠮᠠᠭ ᠵᠡᠷᠭᠡ ᠨᠤᠨ ᠮᠥᠷᠡᠨ ᠤ ᠰᠠᠪᠠ ᠭᠠᠵᠠᠷ ᠵᠢᠴᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠨᠢ ᠬᠤᠰᠲ᠋ᠠᠨ ᠰᠠᠭᠠᠯᠢ ᠶᠢᠨ ᠦᠨᠢᠶ᠎ᠡ ᠪᠠᠷ ᠭᠤᠣᠯ ᠪᠣᠯᠭᠠᠨ᠂ ᠰᠠᠭᠠᠯᠢ ᠪᠠ ᠠᠯᠠᠰᠢᠨ ᠤ ᠦᠬᠡᠷ ᠢ ᠦᠷᠡᠵᠢᠭᠦᠯᠦᠨ ᠨᠡᠮᠡᠭᠳᠡᠭᠦᠯᠬᠦ ᠶᠢ ᠨᠢ ᠠᠬᠢᠭᠤᠯᠵᠤ᠂ ᠬᠤᠰᠲ᠋ᠠᠨ ᠰᠠᠭᠠᠯᠢ ᠶᠢᠨ ᠦᠨᠢᠶ᠎ᠡ ᠬᠢᠭᠡᠳ ᠰᠠᠭᠠᠯᠢ ᠪᠠ ᠠᠯᠠᠰᠢᠨ ᠤ ᠦᠬᠡᠷ ᠢ ᠲᠣᠰ ᠲᠣᠰ 45 ᠲᠦᠮᠨ ᠪᠠ 20 ᠲᠦᠮᠨ ᠪᠣᠯᠲᠠᠯ᠎ᠠ ᠦᠷᠡᠵᠢᠭᠦᠯᠦᠨ ᠥᠰᠬᠡᠵᠦ᠂ ᠪᠠᠷᠢᠮᠵᠢᠶ᠎ᠠ ᠪᠠᠷ ᠥᠨᠳᠥᠷ ᠪᠥᠭᠡᠳ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠬᠥᠯᠥᠨ ᠪᠣᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠠᠯᠵᠢᠬᠤ ᠣᠷᠣᠨ ᠨᠢ ᠭᠤᠷᠪᠠᠨ ᠭᠤᠤᠯ ᠤᠨ ᠦᠬᠡᠷ᠂ ᠰᠢᠮᠡᠨ᠋ᠳᠡᠷ ᠦᠬᠡᠷ ᠵᠡᠷᠭᠡ ᠰᠠᠭᠠᠯᠢ ᠪᠠ ᠠᠯᠠᠰᠢᠨ ᠤ ᠡᠭᠦᠯᠳᠡᠷ ᠢᠶᠠᠷ ᠭᠤᠤᠯ ᠪᠣᠯᠭᠠᠨ᠂ 20 ᠲᠦᠮᠨ ᠪᠣᠯᠲᠠᠯ᠎ᠠ ᠦᠷᠡᠵᠢᠭᠦᠯᠦᠨ ᠥᠰᠬᠡᠵᠦ᠂ ᠣᠨᠴᠠᠯᠢᠭ ᠲᠠᠢ ᠪᠥᠭᠡᠳ ᠪᠣᠬᠢᠷᠲᠤᠯ ᠦᠭᠡᠢ ᠣᠷᠭᠠᠨᠢᠭ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠰᠠᠨᠧᠩ ᠪᠠ ᠵᠡᠭᠦᠨ ᠹᠷᠤᠷᠢᠰᠤᠨ ᠵᠡᠷᠭᠡ ᠡᠭᠦᠯᠳᠡᠷ ᠤᠨ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠵᠦ᠂ 50 ᠲᠦᠮᠡ ᠦᠷᠡᠵᠢᠭᠦᠯᠦᠨ ᠥᠰᠬᠡᠵᠦ᠂ ᠳᠡᠭᠡᠳᠦ ᠳᠡᠰ ᠴᠢᠨᠠᠷ ᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠠᠳᠤᠭᠤ᠂ ᠲᠡᠮᠡᠭᠡ ᠵᠡᠷᠭᠡ ᠶᠢ ᠲᠣᠭᠲᠠᠭᠤᠨ ᠥᠰᠦᠯᠲᠡ ᠲᠠᠢ ᠪᠠᠶᠢᠯᠭᠠᠵᠤ᠂ ᠭᠡᠭᠦᠦ ᠶᠢᠨ ᠰᠦ᠂ ᠢᠩᠭᠡᠨ ᠤ ᠰᠦ ᠵᠡᠷᠭᠡ ᠣᠨᠴᠠᠯᠢᠭ ᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠣᠢ ᠪᠣᠯᠭᠠᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      8. ᠪᠠᠷᠢᠮᠵᠢᠶᠠᠵᠢᠭᠤᠯᠤᠭᠰᠠᠨ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠡᠪᠴᠢᠶᠡᠵᠢᠭᠦᠯᠦᠨ ᠡᠵᠡᠩᠨᠡᠬᠦ ᠶᠢ ᠳᠠᠮᠵᠢᠵᠤ᠂ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ︽ᠡᠭᠦᠯᠳᠡᠷ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠶᠢ ᠪᠡᠯᠡᠳᠬᠡᠮᠵᠢᠭᠦᠯᠬᠦ᠂ ᠦᠢᠯᠡᠳᠪᠦᠷᠢᠯᠡᠬᠦ ᠶᠢ ᠵᠢᠷᠤᠮᠵᠢᠭᠤᠯᠬᠤ᠂ ᠬᠢᠵᠢᠭ ᠰᠡᠷᠭᠡᠶᠢᠯᠡᠬᠦ ᠶᠢ ᠳᠦᠷᠢᠮᠵᠢᠭᠦᠯᠬᠦ᠂ ᠰᠢᠭᠡᠭ ᠰᠠᠩᠭᠠᠰᠤ ᠰᠢᠢᠳᠪᠦᠷᠢᠯᠡᠬᠦ ᠶᠢ ᠬᠤᠣᠷ ᠦᠭᠡᠶᠢᠳᠡᠭᠦᠯᠬᠦ᠂ ᠬᠢᠨᠠᠨ ᠬᠠᠮᠢᠶᠠᠷᠬᠤ ᠶᠢ ᠪᠠᠶᠢᠩᠭᠤᠵᠢᠭᠤᠯᠬᠤ︾ ᠱᠠᠭᠠᠷᠳᠠᠯᠭ᠎ᠠ ᠶᠣᠰᠣᠭᠠᠷ᠂ ᠳᠤᠮᠳᠠ ᠵᠢᠵᠢᠭ ᠬᠡᠪᠴᠢᠶᠡᠨ ᠤ ᠮᠠᠯᠵᠢᠯ ᠤᠨ ᠲᠠᠯᠠᠪᠠᠢ ᠶᠢ ᠥᠭᠡᠷᠡᠴᠢᠯᠡᠨ ᠰᠢᠨᠡᠳᠬᠡᠵᠦ ᠳᠡᠰ ᠳᠡᠪᠰᠢᠬᠦᠯᠬᠦ ᠶᠢ ᠨᠢ ᠠᠬᠢᠭᠤᠯᠵᠤ᠂ ᠪᠠᠷᠢᠮᠵᠢᠶᠠᠵᠢᠭᠰᠠᠨ ᠲᠡᠵᠢᠭᠡᠵᠦ ᠦᠷᠡᠵᠢᠭᠦᠯᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ 50 ᠭᠠᠷᠤᠢ ᠮᠠᠯ ᠲᠠᠢ ᠬᠡᠷ ᠪᠦᠯᠢ ᠶᠢᠨ ᠮᠠᠯᠵᠢᠯ ᠤᠨ ᠲᠠᠯᠠᠪᠠᠶ ᠪᠠ ᠬᠤᠷᠰᠢᠶᠠᠵᠢᠯ ᠪᠥᠬᠦᠨ ᠢ ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠨ ᠳᠡᠭᠡᠭᠰᠢᠯᠡᠭᠦᠯᠬᠦ ᠠᠵᠢᠯ ᠢ ᠨᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      9. ᠲᠣᠭᠠᠴᠢᠯᠠᠭᠰᠠᠨ ᠮᠠᠯᠵᠢᠯ ᠤᠨ ᠲᠠᠯᠠᠪᠠᠢ ᠶᠢ ᠲᠦᠷᠭᠡᠳᠬᠡᠨ ᠬᠥᠭᠵᠢᠭᠦᠯᠦᠨ᠎ᠡ᠃ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ ᠮᠠᠯᠵᠢᠯ ᠤᠨ ᠲᠠᠯᠠᠪᠠᠢ ᠳᠤ ︽ᠲᠣᠭᠠᠴᠢᠯᠠᠭᠰᠠᠨ ᠮᠠᠯᠵᠢᠯ ᠤᠨ ᠲᠠᠯᠠᠪᠠᠢ︾ ᠶᠢ ᠪᠦᠲᠦᠭᠡᠨ ᠪᠠᠶᠢᠭᠤᠯᠬᠤ ᠠᠵᠢᠯ ᠥᠷᠨᠢᠭᠦᠯᠬᠦ ᠶᠢ ᠨᠢ ᠳᠠᠮᠵᠢᠵᠤ᠂ ᠦᠷᠡᠵᠢᠭᠦᠯᠦᠨ ᠪᠤᠶᠢᠵᠢᠭᠤᠯᠬᠤ᠂ ᠪᠣᠷᠳᠣᠨ ᠲᠡᠵᠢᠭᠡᠬᠦ᠂ ᠰᠠᠭᠠᠬᠤ᠂ ᠲᠣᠷᠨᠢᠭᠤᠨ ᠦᠰᠬᠡᠬᠦ᠂ ᠭᠡᠮ ᠬᠢᠵᠢᠭ ᠰᠡᠷᠭᠡᠶᠢᠯᠡᠨ ᠵᠠᠰᠠᠬᠤ᠂ ᠲᠡᠭᠡᠭᠡᠪᠦᠷᠢᠯᠡᠬᠦ᠂ ᠰᠢᠭᠡᠭ ᠰᠠᠩᠭᠠᠰᠤ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠲᠣᠭᠠᠴᠢᠭᠤᠯᠤᠨ ᠬᠠᠮᠢᠶᠠᠷᠬᠤ ᠶᠢ ᠬᠡᠷᠡᠭᠵᠢᠭᠦᠯᠦᠨ᠂ ᠮᠠᠯᠵᠢᠯ ᠤᠨ ᠲᠠᠯᠠᠪᠠᠢ ᠶᠢᠨ ᠠᠷᠠᠴᠢᠯᠠᠨ ᠲᠡᠵᠢᠭᠡᠵᠦ ᠪᠠᠶᠢᠬᠤ ᠶᠢ ᠨᠢ ᠬᠠᠷᠠᠵᠤ ᠪᠣᠯᠬᠤ᠂ ᠦᠢᠯᠡᠳᠪᠦᠷᠢᠯᠡᠵᠦ ᠪᠠᠶᠢᠬᠤ ᠶᠠᠪᠤᠴᠠ ᠶᠢ ᠨᠢ ᠡᠵᠡᠮᠳᠡᠵᠦ ᠪᠣᠯᠬᠤ᠂ ᠶᠠᠰᠤ ᠴᠢᠨᠠᠷ ᠢ ᠨᠢ ᠮᠥᠷᠳᠡᠨ ᠤᠬᠤᠴᠢᠯᠠᠵᠤ ᠪᠣᠯᠬᠤ ᠪᠣᠯᠭᠠᠨ᠎ᠠ᠃ 2022 ᠣᠨ ᠪᠣᠯᠬᠤ ᠳᠤ᠂ ᠰᠦ ᠰᠠᠭᠠᠯᠢ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ ᠮᠠᠯᠵᠢᠯ ᠤᠨ ᠲᠠᠯᠠᠪᠠᠢ ᠪᠦᠬᠦᠨ ᠳᠤ ᠰᠦ ᠶᠢᠨ ᠢᠷᠡᠯᠲᠡ ᠶᠢ ᠨᠢ ᠲᠣᠭᠠᠴᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠰᠦ ᠶᠢᠨ ᠢᠷᠡᠯᠲᠡ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠶᠠᠰᠤ ᠴᠢᠨᠠᠷ ᠢ ᠨᠢ ᠬᠠᠮᠢᠶᠠᠷᠬᠤ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      ︵ᠳᠥᠷᠪᠡ︶ ᠪᠣᠯᠪᠠᠰᠤᠷᠠᠭᠤᠯᠬᠤ ᠲᠡᠷᠢᠭᠦᠨ ᠤ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃      10. ᠰᠦ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠡᠯᠡᠬᠡᠶᠢᠴᠢᠯᠡᠭᠰᠡᠨ ᠬᠥᠭᠵᠢᠯᠲᠡ ᠶᠢ ᠳᠠᠮᠵᠢᠨ᠎ᠠ᠃ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠠᠪᠠᠭᠤᠯᠢᠭ ᠣᠷᠣᠨ ᠪᠦᠰᠡ ᠳᠤ ᠥᠪᠡᠷᠰᠡᠳ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠪᠣᠯᠪᠠᠰᠤᠷᠠᠭᠤᠯᠬᠤ ᠦᠢᠯᠡᠳᠪᠦᠷᠢ ᠪᠠᠶᠢᠷᠢᠰᠢᠭᠤᠯᠬᠤ ᠶᠢ ᠠᠬᠢᠭᠤᠯᠤᠨ᠂ ᠠᠵᠤ ᠦᠢᠯᠡᠰ ᠢ ᠲᠥᠪᠯᠡᠷᠡᠭᠦᠯᠦᠨ ᠪᠦᠯᠦᠭᠵᠢᠭᠦᠯᠬᠦ 9 ᠲᠥᠷᠥᠯ ᠵᠦᠢᠯ ᠢ ᠳᠣᠪᠤᠶᠢᠮ᠎ᠠ ᠰᠠᠶᠢᠲᠤᠷ ᠠᠳᠬᠤᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠰᠢᠭᠯᠠᠵᠤ᠂ ︽ᠣᠷᠣᠭᠤᠯᠵᠤ ᠢᠷᠡᠬᠦ︾ ᠪᠠ ︽ᠭᠠᠳᠠᠭᠰᠢ ᠭᠠᠷᠭᠠᠬᠤ︾ ᠪᠠᠨ ᠤᠶᠠᠯᠳᠤᠭᠤᠯᠬᠤ ᠶᠢ ᠪᠠᠷᠢᠮᠲᠠᠯᠠᠨ᠂ ᠳᠡᠯᠡᠬᠡᠶ ᠶᠢᠨ ᠲᠡᠰ ᠤᠨ ᠰᠦ ᠶᠢᠨ ᠢᠷᠡᠯᠳᠡ᠂ ᠮᠡᠷᠭᠡᠵᠢᠯ᠂ ᠪᠠᠷᠢᠮᠵᠢᠶ᠎ᠠ ᠶᠢ ᠬᠡᠷᠡᠭᠯᠡᠵᠦ᠂ ᠳᠡᠯᠡᠬᠡᠶ ᠶᠢᠨ ᠲᠡᠰ ᠤᠨ ᠠᠵᠤ ᠠᠬᠤᠶᠢᠯᠠᠯ ᠪᠠ ᠣᠯᠠᠨ ᠤᠯᠤᠰ ᠤᠨ ᠨᠡᠷᠡᠲᠦ ᠲᠡᠮᠳᠡᠭ ᠢ ᠪᠤᠢ ᠪᠣᠯᠭᠠᠨ᠂ ᠲᠡᠷᠢᠭᠦᠨ ᠤ ᠪᠦᠲᠦᠬᠡᠭᠳᠡᠬᠦᠨ ᠪᠠ ᠦᠢᠯᠡᠴᠢᠯᠡᠭᠡ ᠶᠢ ᠬᠠᠩᠭᠠᠨ᠎ᠠ᠃ 2022 ᠣᠨ ᠪᠣᠯᠬᠤ ᠳᠤ᠂ ᠲᠣᠮᠣ ᠬᠡᠪᠴᠢᠶᠡᠨ ᠤ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠳᠡᠯᠡᠬᠡᠶ ᠳᠡᠭᠡᠷᠡᠬᠢ ᠦᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠳᠡᠯᠡᠬᠡᠶ ᠶᠢᠨ ᠰᠦ ᠶᠢᠨ ᠦᠢᠯᠡᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      11. ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠰᠦ ᠴᠠᠭᠠᠨ ᠢᠳᠡᠭᠡ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶᠢᠯᠠᠯ ᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠣᠷᠣᠭᠤᠯᠬᠤ ᠶᠢ ᠨᠢ ᠳᠠᠮᠵᠢᠵᠤ᠂ ᠳᠡᠭᠡᠳᠦ ᠳᠣᠤᠷᠠᠳᠤ ᠬᠡᠯᠬᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠯᠤᠭ᠎ᠠ ᠲᠥᠬᠦᠷᠵᠢᠭᠦᠯᠵᠦ ᠬᠠᠮᠲᠤᠷᠠᠯᠴᠠᠬᠤ ᠶᠢ ᠨᠢ ᠴᠢᠩᠭᠠᠳᠬᠠᠨ᠎ᠠ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠬᠡᠷᠡᠭᠵᠢᠭᠦᠯᠵᠦ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠎ᠠ᠃ ᠬᠤᠲᠠ ᠪᠠ ᠬᠥᠮᠦᠨ ᠠᠮᠠ ᠨᠢᠭᠲᠠᠷᠠᠭᠰᠠᠨ ᠣᠷᠣᠨ ᠳᠤ ᠫᠠᠰᠳ᠋ᠸᠦ᠋ᠷ ᠤᠨ ᠠᠷᠭ᠎ᠠ ᠪᠠᠷ ᠪᠠᠺᠲ᠋ᠧᠷᠢ ᠤᠰᠠᠳᠬᠠᠭᠰᠠᠨ ᠰᠦ ᠦᠢᠯᠡᠳᠪᠦᠷᠢᠯᠡᠬᠦ ᠠᠵᠢᠯ ᠢ ᠥᠷᠨᠢᠭᠦᠯᠵᠦ᠂ ︽ᠥᠪᠡᠷ ᠤᠨ ᠮᠠᠯᠵᠢᠯ ᠤᠨ ᠲᠠᠯᠠᠪᠠᠶ + ᠰᠦ ᠶᠢᠨ ᠪᠠᠭᠠᠷ︾ ᠵᠡᠷᠭᠡ ᠦᠢᠯᠡᠳᠪᠦᠷᠢᠯᠡᠵᠦ ᠪᠣᠷᠣᠯᠠᠭᠤᠯᠬᠤ ᠵᠠᠭᠪᠤᠷ ᠢ ᠬᠥᠭᠵᠢᠭᠦᠯᠦᠨ᠂ ᠫᠠᠰᠳ᠋ᠸᠦ᠋ᠷ ᠤᠨ ᠠᠷᠭ᠎ᠠ ᠪᠠᠷ ᠪᠠᠺᠲ᠋ᠧᠷᠢ ᠤᠰᠠᠳᠬᠠᠭᠰᠠᠨ ᠰᠦ ᠬᠡᠷᠡᠭᠯᠡᠭᠰᠡᠳ ᠢ ᠪᠣᠢ ᠪᠣᠯᠭᠠᠨ᠎ᠠ᠃ ᠰᠠᠭᠠᠯᠢ ᠶᠢᠨ ᠢᠮᠠᠭᠠᠨ ᠤ ᠵᠡᠷᠭᠡ ᠣᠨᠴᠠᠯᠢᠭ ᠲᠠᠢ ᠴᠠᠭᠠᠨ ᠢᠳᠡᠭᠡ ᠶᠢ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠥᠷᠭᠡᠳᠬᠡᠨ᠎ᠡ᠃ 2022 ᠣᠨ ᠪᠣᠯᠬᠤ ᠳᠤ᠂ ᠣᠷᠣᠨ ᠪᠦᠰᠡ ᠶᠢᠨ ᠣᠨᠴᠠᠯᠢᠭ ᠲᠠᠢ ᠰᠦ ᠴᠠᠭᠠᠨ ᠢᠳᠡᠭᠡ ᠪᠣᠯᠪᠠᠰᠤᠷᠠᠭᠤᠯᠬᠤ ᠨᠢᠭᠡ ᠪᠦᠯᠦᠭ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠪᠤᠢ ᠪᠣᠯᠭᠠᠵᠤ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠪᠠᠨ ᠨᠢᠭᠡ ᠴᠣᠭᠴᠠᠵᠢᠭᠤᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      12. ᠦᠨᠳᠦᠰᠦᠲᠡᠨ ᠤ ᠴᠠᠭᠠᠨ ᠢᠳᠡᠭᠡ ᠪᠠᠨ ᠣᠨᠴᠠᠯᠢᠬᠵᠢᠭᠤᠯᠤᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠦᠨᠳᠦᠰᠦᠲᠡᠨ ᠤ ᠴᠠᠭᠠᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠥᠪᠰᠢᠶᠡᠷᠡᠯ ᠲᠠᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ᠂ ᠲᠡᠵᠢᠭᠡᠯ ᠡᠪᠡᠰᠦ ᠲᠠᠷᠢᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ᠂ ᠡᠵᠡᠩᠨᠡᠨ ᠪᠣᠷᠣᠯᠠᠭᠤᠯᠬᠤ᠂ ᠲᠡᠭᠡᠭᠡᠪᠦᠷᠢᠯᠡᠵᠦ ᠬᠠᠳᠠᠭᠠᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠪᠠᠷᠢᠮᠵᠢᠶ᠎ᠠ ᠶᠢᠨ ᠰᠢᠰᠲ᠋ᠧᠮᠵᠢ ᠲᠠᠢ ᠪᠣᠯᠭᠠᠨ᠎ᠠ᠃ ᠦᠨᠳᠦᠰᠦᠲᠡᠨ ᠤ ᠴᠠᠭᠠᠨ ᠢᠳᠡᠭᠡᠨ ᠤ ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 2022 ᠣᠨ ᠪᠣᠯᠬᠤ ᠳᠤ᠂ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠵᠦ ᠳᠠᠭᠤᠷᠢᠶᠠᠯ ᠪᠣᠯᠬᠤ ᠦᠢᠯᠡᠳᠪᠦᠷᠢ ᠶᠢ 300 ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠲᠡᠷᠢᠭᠦᠨ ᠳᠡᠰ ᠤᠨ ᠪᠦᠲᠦᠬᠡᠭᠳᠡᠬᠦᠨ ᠢ ᠰᠠᠶᠢᠲᠤᠷ ᠪᠣᠯᠪᠠᠰᠤᠷᠠᠭᠤᠯᠤᠨ᠎ᠠ᠃      13. ᠰᠦ ᠴᠠᠭᠠᠨ ᠢᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ ᠰᠦ ᠶᠢᠨ ᠪᠦᠲᠦᠬᠡᠭᠳᠡᠬᠦᠨ ᠤ ᠪᠥᠬᠦ ᠶᠠᠪᠤᠴᠠ ᠳᠠᠬᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠮᠡᠷᠭᠡᠵᠢᠯ ᠤᠨ ᠰᠢᠰᠲ᠋ᠧᠮᠵᠢ ᠪᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠨᠠᠶᠢᠷᠠᠯᠭ᠎ᠠ᠂ ᠲᠡᠷᠢᠭᠦᠨ ᠤ ᠠᠷᠠᠴᠢᠯᠠᠨ ᠲᠡᠵᠢᠭᠡᠵᠦ ᠬᠠᠮᠢᠶᠠᠷᠤᠨ ᠠᠵᠢᠯᠯᠠᠬᠤ ᠳᠦᠷᠢᠮᠯᠡᠯ ᠢ ᠬᠡᠷᠡᠭᠯᠡᠨ᠂ ᠰᠢᠨ᠎ᠡ ᠲᠦᠭᠦᠬᠡᠶ ᠰᠦ ᠶᠢᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠰᠢᠨ᠎ᠡ ᠲᠦᠭᠦᠬᠡᠢ ᠰᠦ ᠶᠢᠨ ᠤᠭᠤᠷᠠᠭ ᠤᠨ ᠨᠣᠷᠮ᠎ᠠ ᠶᠢ 3.2% ᠪᠠ ᠰᠦ ᠶᠢᠨ ᠥᠭᠡᠬᠦ ᠶᠢᠨ ᠨᠣᠷᠮ᠎ᠠ ᠶᠢ 3.8% ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      14. ᠰᠦ ᠴᠠᠭᠠᠨ ᠢᠳᠡᠭᠡᠨ ᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠡᠵᠢᠭᠡᠨ ᠦᠷᠡᠵᠢᠭᠦᠯᠬᠦ ᠭᠤᠭᠴᠣᠭᠠᠨ ᠳᠠᠬᠢ ᠪᠣᠷᠳᠤᠭ᠎ᠠ᠂ ᠮᠠᠯ ᠤᠨ ᠡᠮ ᠵᠡᠷᠭᠡ ᠬᠡᠷᠡᠭᠯᠡᠬᠦ ᠡᠳ᠋ ᠢ ᠬᠢᠨᠠᠨ ᠬᠠᠮᠢᠶᠠᠷᠬᠤ ᠪᠠᠨ ᠴᠢᠩᠭᠠᠷᠠᠭᠤᠯᠤᠨ᠂ ᠭᠡᠮ ᠬᠢᠵᠢᠭ ᠢ ᠰᠡᠷᠭᠡᠶᠢᠯᠡᠵᠦ ᠳᠠᠷᠤᠬᠤ ᠡᠷᠴᠢᠮ ᠢᠶᠠᠨ ᠴᠢᠩᠭᠠᠳᠬᠠᠨ᠂ ᠪᠷᠦ᠋ᠼᠧᠯ ᠡᠪᠡᠳᠴᠢᠨ ᠪᠠ ᠰᠦᠷᠢᠶ᠎ᠡ ᠡᠪᠡᠳᠴᠢᠨ ᠢ ᠠᠷᠢᠭᠤᠳᠬᠠᠨ ᠴᠡᠪᠡᠷᠰᠢᠭᠦᠯᠬᠦ ᠶᠢ ᠠᠬᠢᠭᠤᠯᠵᠤ᠂ ᠰᠢᠨ᠎ᠡ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠪᠠᠶᠢᠬᠤ ᠶᠢ ᠢᠷᠡᠯᠲᠡ ᠠᠴᠠ ᠨᠢ ᠪᠠᠲᠤᠯᠠᠨ᠎ᠠ᠃ ᠰᠢᠨ᠎ᠡ ᠲᠦᠭᠦᠬᠡᠶ ᠰᠦ ᠬᠤᠳᠠᠯᠳᠤᠨ ᠠᠪᠬᠤ ᠥᠷᠲᠡᠭᠡ᠂ ᠲᠡᠭᠡᠭᠡᠪᠦᠷᠢ ᠶᠢᠨ ᠲᠡᠷᠭᠡ᠂ ᠰᠦ ᠴᠠᠭᠠᠨ ᠢᠳᠡᠭᠡᠨ ᠤ ᠠᠵᠤ ᠠᠬᠤᠶᠢᠯᠠᠯ ᠳᠤ ᠣᠨᠣᠪᠴᠢᠲᠠᠶ ᠪᠠᠶᠢᠯᠭᠠᠬᠤ ᠪᠠ ᠬᠡᠵᠢᠶ᠎ᠡ ᠢᠮᠠᠭᠲᠠ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠰᠦ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠲᠥᠯᠥᠪᠯᠡᠭᠡ ᠶᠢ ᠬᠡᠷᠡᠭᠵᠢᠭᠦᠯᠵᠦ᠂ ᠪᠠᠶᠢᠴᠠᠭᠠᠨ ᠰᠢᠯᠭᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠶ ᠲᠣᠭᠲᠠᠭᠠᠨ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠠᠴᠠ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠠᠵᠢᠯ ᠥᠷᠨᠢᠭᠦᠯᠬᠦ ᠶᠢ ᠳᠠᠮᠵᠢᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠠᠮᠵᠢᠵᠤ᠂ ᠲᠦᠭᠦᠬᠡᠶ ᠰᠦ ᠵᠢᠴᠢ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠡᠷᠬᠢᠮᠯᠡᠪᠡᠰᠦ ᠵᠣᠬᠢᠬᠤ ᠵᠦᠢᠯ ᠢ ᠰᠠᠶᠢᠲᠤᠷ ᠪᠠᠲᠤᠯᠠᠨ᠎ᠠ᠃ ᠬᠠᠤᠯᠢ ᠬᠡᠷᠡᠭᠵᠢᠭᠦᠯᠦᠨ ᠪᠠᠶᠢᠴᠠᠭᠠᠬᠤ ᠬᠢᠭᠡᠳ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠶᠢᠨ ᠬᠤᠯᠪᠣᠭᠠᠯᠠᠨ ᠬᠦᠳᠡᠯᠦᠯᠴᠡᠬᠦ ᠶᠢ ᠪᠠᠷᠢᠮᠲᠠᠯᠠᠨ᠂ ᠵᠠᠰᠠᠭ ᠵᠠᠬᠢᠷᠭᠠᠨ ᠬᠢᠭᠡᠳ ᠬᠠᠤᠯᠢ ᠴᠠᠭᠠᠵᠠ ᠶᠢ ᠵᠣᠯᠭᠠᠯᠳᠤᠭᠤᠯᠵᠤ᠂ ᠬᠠᠤᠯᠢ ᠠᠴᠠ ᠵᠥᠷᠢᠴᠡᠨ ᠨᠡᠮᠡᠯᠲᠡ ᠡᠳ᠋ ᠬᠢᠵᠦ ᠣᠷᠣᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷᠢᠭᠤᠯᠤᠭᠰᠠᠨ ᠰᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠮᠳᠡᠭ ᠬᠠᠳᠠᠵᠤ ᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠲᠡᠷᠢᠭᠦᠨ ᠤ ᠨᠠᠷᠠᠲᠤ ᠲᠡᠮᠳᠡᠭ ᠢ ᠡᠭᠦᠳᠦᠨ᠎ᠠ᠃      15. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠤᠢ ᠪᠣᠯᠭᠠᠨ᠎ᠠ᠃ ᠰᠢᠯᠢ ᠶᠢᠨ ᠭᠤᠣᠯ ᠤᠨ ᠬᠤᠷᠤᠳ᠂ ᠬᠥᠯᠥᠨ ᠪᠣᠶᠢᠷ ᠤᠨ ᠦᠨᠢᠶᠡᠨ ᠰᠦ ᠵᠡᠷᠭᠡ ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ᠂ ᠠᠵᠤ ᠦᠢᠯᠡᠰ ᠤᠨ ᠰᠠᠭᠤᠷᠢ ᠪᠠᠷ ᠰᠠᠶᠢᠨ ᠪᠠᠶᠢᠭ᠎ᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠢ ᠪᠣᠯᠭᠠᠨ ᠪᠣᠵᠠᠭᠠᠶᠢᠷᠠᠭᠤᠯᠵᠤ᠂ ᠰᠦ ᠶᠢᠨ ᠳᠠᠪᠠᠭᠤᠯᠢᠭ ᠠᠵᠤ ᠦᠢᠯᠡᠰ ᠤᠨ ᠪᠦᠰᠡ᠂ ᠠᠵᠤ ᠦᠢᠯᠡᠰ ᠤᠨ ᠪᠦᠯᠦᠭᠵᠢᠯ ᠤᠨ ᠪᠥᠳᠥᠭᠡᠨ ᠪᠠᠶᠢᠭᠤᠯᠤᠯᠲᠠ ᠬᠢᠭᠡᠳ ᠰᠦ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃ ᠭᠠᠵᠠᠷ ᠵᠦᠢ ᠶᠢᠨ ᠲᠡᠮᠳᠡᠭ ᠬᠠᠳᠠᠭᠰᠠᠨ ᠰᠦᠨ ᠤ ᠪᠦᠲᠦᠭᠡᠭᠳᠡᠬᠦᠨ ᠢᠶᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠣᠷᠣᠨ ᠨᠤᠲᠤᠭ ᠵᠢᠴᠢ ᠠᠵᠢᠯ ᠲᠥᠷᠥᠯ ᠤᠨ ᠨᠡᠶᠢᠭᠡᠮᠯᠢᠭ ᠵᠡᠷᠭᠡ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠲᠠᠸᠠᠷ ᠤᠨ ᠲᠡᠮᠳᠡᠭ ᠳᠠᠩᠰᠠᠯᠠᠭᠤᠯᠬᠤ ᠪᠤᠶᠤ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠢᠶᠠᠨ ᠬᠠᠮᠠᠭᠠᠯᠠᠬᠤ ᠪᠠᠷ ᠭᠤᠶᠤᠴᠢᠯᠠᠬᠤ ᠶᠢ ᠨᠢ ᠵᠣᠷᠢᠭᠵᠢᠭᠤᠯᠵᠤ᠂ ︽ᠥᠪᠥᠷ ᠮᠣᠩᠭᠤᠯ ᠨᠡᠷᠡᠮᠵᠢᠲᠦ︾ ᠭᠡᠷᠡᠴᠢᠯᠡᠯ ᠬᠢᠬᠦ ᠶᠢ ᠥᠷᠨᠢᠭᠦᠯᠦᠨ᠂ ᠭᠠᠵᠠᠷ ᠵᠦᠶ ᠶᠢᠨ ᠲᠡᠮᠳᠡᠭᠲᠦ ᠰᠦᠨ ᠤ ᠪᠦᠲᠦᠬᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠣᠳᠣᠨ ᠪᠣᠯᠭᠠᠵᠤ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      16. ᠠᠵᠤ ᠦᠢᠯᠡᠰ ᠤᠨ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ ᠰᠦ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯ ᠬᠦᠴᠦᠨ ᠪᠣᠯᠭᠠᠵᠤ᠂ ᠠᠵᠤ ᠠᠬᠤᠶᠢᠯᠠᠯ ᠤᠨ ᠠᠵᠤ ᠦᠢᠯᠡᠰ ᠢᠶᠠᠨ ᠳᠡᠰ ᠳᠡᠪᠰᠢᠭᠦᠯᠬᠦ ᠶᠢ ᠨᠢ ᠳᠠᠮᠵᠢᠨ ᠵᠣᠷᠢᠭᠵᠢᠭᠤᠯᠵᠤ᠂ ᠪᠦᠲᠦᠬᠡᠭᠳᠡᠬᠦᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠲᠠᠸᠠᠷ ᠤᠨ ᠲᠡᠮᠳᠡᠭ ᠢ ᠨᠢ ᠳᠠᠩᠰᠠᠯᠠᠭᠤᠯᠵᠤ᠂ ᠨᠡᠷᠡᠲᠦ ᠲᠡᠮᠳᠡᠭ ᠢ ᠪᠤᠢ ᠪᠣᠯᠭᠠᠨ᠎ᠠ᠃ ᠳᠤᠮᠳᠠᠳᠤ ᠤᠯᠤᠰ ᠤᠨ ᠨᠢᠯᠬ᠎ᠠ ᠨᠢᠷᠠᠶ ᠬᠡᠤᠬᠡᠳ ᠲᠤ ᠲᠣᠬᠢᠷᠠᠬᠤ ᠪᠦᠲᠥᠭᠡᠭᠳᠡᠬᠦᠨ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠨᠢᠯᠬ᠎ᠠ ᠨᠢᠷᠠᠶ ᠬᠡᠤᠬᠡᠳ ᠲᠤ ᠵᠣᠷᠢᠭᠤᠯᠤᠭᠰᠠᠨ ᠨᠠᠶᠢᠷᠠᠯᠭ᠎ᠠ ᠲᠠᠢ ᠪᠠᠷ ᠤᠯᠤᠰ ᠲᠤ ᠪᠠᠨ ᠦᠢᠯᠡᠳᠪᠦᠷᠢᠯᠡᠵᠦ ᠪᠠᠶᠢᠭ᠎ᠠ ᠳᠡᠯᠡᠬᠡᠶ ᠳᠡᠭᠡᠷ᠎ᠡ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ ᠰᠦᠨ ᠲᠠᠯᠬ᠎ᠠ ᠶᠢᠨ ᠨᠡᠷᠡᠲᠦ ᠲᠡᠮᠳᠡᠭ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      17. ᠪᠣᠬᠢᠷᠲᠤᠯ ᠥᠬᠡᠶ ᠴᠢᠨᠠᠷ ᠰᠠᠶᠢᠲᠠᠶ ᠪᠠᠶᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ ᠪᠦᠲᠦᠬᠡᠭᠳᠡᠭᠦᠨ ᠤ ᠨᠠᠷᠠᠲᠤ ᠲᠡᠮᠳᠡᠭ ᠢ ᠪᠣᠶ ᠪᠣᠯᠭᠠᠨ᠎ᠡ᠃ ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠬᠦ ᠭᠤᠣᠯ ᠴᠣᠭᠴᠠ ᠪᠠᠷ ᠳᠠᠪᠠᠭᠤᠯᠢᠭ ᠲᠠᠢ ᠣᠨᠴᠠᠯᠢᠭ ᠲᠠᠢ ᠰᠦᠨ ᠤ ᠪᠦᠲᠦᠭᠡᠭᠳᠡᠬᠦᠨ ᠳᠤ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠬᠢᠬᠦ ᠶᠢ ᠵᠣᠷᠢᠭᠵᠢᠭᠤᠯᠵᠤ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠬᠢᠬᠦ ᠠᠵᠢᠯ ᠢ ᠥᠷᠨᠢᠭᠦᠯᠦᠨ᠂ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠰᠢᠮ᠎ᠡ ᠴᠢᠨᠠᠷ ᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ ᠨᠥᠯᠥᠭᠡᠯᠡᠬᠦ ᠬᠦᠴᠦᠨ ᠲᠠᠢ ᠪᠦᠲᠦᠬᠡᠭᠳᠡᠬᠦᠨ ᠤ ᠨᠡᠷᠡᠲᠦ ᠲᠡᠮᠳᠡᠭ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      18. ︽ᠥᠪᠥᠷ ᠮᠣᠩᠭᠤᠯ ᠨᠡᠷᠡᠮᠵᠢᠲᠦ︾ ᠨᠠᠷᠠᠲᠤ ᠲᠡᠮᠳᠡᠭ ᠢᠶᠠᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ ᠢ ᠵᠣᠬᠢᠶᠠᠨ ᠪᠠᠶᠢᠭᠤᠯᠵᠤ ᠡᠷᠬᠢᠯᠡᠬᠦ ᠪᠠ ︽ᠳᠤᠮᠳᠠᠳᠤ ᠤᠯᠤᠰ ᠤᠨ ᠨᠡᠷᠡᠲᠦ ᠲᠡᠮᠳᠡᠭ ᠤᠨ ᠡᠳᠦᠷ︾ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠲᠦᠮᠡᠨ ᠭᠠᠵᠠᠷ ᠤᠨ ᠠᠶᠠᠯᠠᠯ︾ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ ᠪᠠᠨ ᠣᠯᠠᠨ ᠤᠯᠤᠰ ᠤᠨ ᠦᠵᠡᠰᠬᠦᠯᠡᠩ ᠵᠡᠷᠭᠡ ᠠᠵᠢᠯᠯᠠᠭ᠎ᠠ ᠳᠤ ᠣᠷᠣᠯᠴᠠᠵᠤ᠂ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠨ᠎ᠡ᠃ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ ᠤᠬᠠᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠰᠦᠯᠵᠢᠶ᠎ᠡ ᠪᠠᠷ ᠤᠬᠠᠭᠤᠯᠤᠨ ᠲᠠᠨᠢᠯᠴᠠᠭᠤᠯᠬᠤ ᠶᠢ ᠴᠢᠩᠭᠠᠷᠠᠭᠤᠯᠤᠨ᠎ᠠ᠃ ᠨᠡᠷᠡᠲᠦ ᠲᠡᠮᠳᠡᠭ ᠤᠨ ᠸᠢᠳᠢᠣ᠋ ᠣᠬᠤᠷ ᠹᠢᠯᠢᠮ ᠪᠠ ︽ᠥᠪᠥᠷ ᠮᠣᠩᠭᠤᠯ ᠤᠨ ᠦᠨᠦᠷ ᠠᠮᠲᠠ ᠶᠢᠨ ᠲᠣᠭᠤᠭᠠᠨ ᠭᠡᠷ︾ ᠲᠧᠯᠸᠢᠰ ᠫᠷᠤᠭ᠍ᠷᠠᠮ ᠢ ᠵᠣᠬᠢᠶᠠᠨ ᠦᠢᠯᠡᠳᠴᠦ᠂ ᠰᠦ ᠶᠢᠨ ᠦᠢᠯᠡᠰ ᠤᠨ ᠣᠨᠴᠠᠯᠢᠭ ᠲᠠᠢ ᠣᠬᠢ ᠰᠣᠳᠣᠨ ᠦᠵᠡᠮᠵᠢ ᠶᠢᠨ ᠣᠷᠣᠨ ᠢ ᠡᠭᠦᠳᠬᠦ ᠠᠵᠢᠯᠯᠠᠭ᠎ᠠ ᠥᠷᠨᠢᠭᠦᠯᠦᠨ᠂ ᠴᠠᠭᠠᠨ ᠢᠳᠡᠭᠡᠨ ᠤ ᠨᠥᠯᠥᠭᠡᠯᠡᠬᠦ ᠬᠦᠴᠦᠨ ᠪᠠ ᠠᠯᠳᠠᠷ ᠴᠣᠣ ᠶᠢ ᠮᠠᠨᠳᠤᠭᠤᠯᠵᠤ᠂ ︽ᠥᠪᠥᠷ ᠮᠣᠩᠭᠤᠯ ᠤᠨ ᠦᠨᠦᠷ ᠠᠮᠲᠠ︾ ᠶᠢ ᠲᠦᠮᠡᠨ ᠭᠠᠵᠠᠷ ᠳᠠᠭᠤᠷᠢᠰᠬᠠᠨ᠂ ᠤᠯᠤᠰ ᠳᠠᠶᠠᠭᠠᠷ ᠪᠠ ᠳᠡᠯᠡᠬᠡᠢ ᠳ᠋ᠠᠬᠢᠨ ᠳᠤ ᠠᠯᠳᠠᠷᠰᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷᠯᠢᠭ ᠪᠥᠭᠡᠳ ᠪᠦᠷᠢᠨ ᠭᠦᠢᠴᠡᠳ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ᠂ ᠪᠠᠯᠠ ᠮᠥᠩᠭᠦ ᠶᠢ ᠬᠡᠷᠡᠭᠯᠡᠬᠦ᠂ ᠬᠡᠷᠡᠭᠵᠢᠭᠦᠯᠬᠦ ᠶᠢ ᠠᠬᠢᠭᠤᠯᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠲᠤᠰᠬᠠᠶ ᠪᠡᠯᠡ ᠮᠥᠩᠭᠦ ᠶᠢ ᠴᠠᠭ ᠲᠤᠬᠠᠶ ᠳᠤ ᠨᠢ ᠰᠠᠯᠭᠠᠨ ᠥᠭᠴᠦ᠂ ᠬᠡᠷᠡᠭᠵᠢᠭᠦᠯᠦᠭᠰᠡᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ ᠵᠣᠬᠢᠶᠠᠨ ᠪᠠᠶᠢᠭᠤᠯᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠂ ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦ ᠪᠠᠷ ᠳᠡᠮᠵᠢᠬᠦ ᠶᠢ ᠴᠢᠩᠭᠠᠷᠠᠭᠤᠯᠤᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠬᠤ ᠳᠦᠷᠢᠮ ᠢᠶᠠᠨ ᠪᠦᠷᠢᠨᠰᠢᠭᠦᠯᠦᠨ᠂ ᠪᠡᠯᠡ ᠮᠥᠩᠭᠦ ᠣᠷᠣᠭᠤᠯᠬᠤ ᠲᠣᠭᠲᠠᠴᠠ ᠪᠠ ᠬᠡᠷᠡᠭᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠥᠰᠦᠪ ᠤᠨ ᠠᠮᠵᠢᠯᠲᠠ ᠪᠦᠲᠦᠮᠵᠢ ᠲᠠᠢ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠢ᠃      ︵ᠭᠤᠷᠪᠠ︶ ᠭᠠᠵᠠᠷ ᠰᠢᠷᠣᠶ ᠬᠡᠷᠡᠭᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠩᠭᠠᠵᠤ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ︽ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠦᠰᠦᠭ ﹇2020﹈ 310 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠷᠢᠶ᠎ᠡ ᠬᠡᠪᠴᠢᠶ᠎ᠡ᠂ ᠭᠠᠵᠠᠷ ᠰᠣᠩᠭᠤᠬᠤ ᠪᠠ ᠭᠠᠵᠠᠷ ᠬᠡᠷᠡᠭᠯᠡᠬᠦ ᠪᠠᠷᠢᠮᠵᠢᠶ᠎ᠠ ᠵᠡᠷᠭᠡ ᠲᠠᠯ᠎ᠠ ᠪᠠᠷ ᠰᠦ ᠶᠢᠨ ᠦᠢᠯᠡᠰ ᠤᠨ ᠬᠥᠭᠵᠢᠯᠲᠡ ᠳᠤ ᠳᠡᠮᠵᠢᠯᠭᠡ ᠦᠵᠡᠭᠦᠯᠵᠦ᠂ ᠡᠵᠡᠭᠦᠢ ᠠᠭᠤᠯᠠ ᠭᠤᠤ ᠲᠣᠪᠣᠴᠠᠭ ᠰᠠᠶᠢᠷᠭᠠᠯ ᠵᠢᠴᠢ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠤ ᠰᠠᠭᠠᠯᠢ ᠶᠢᠨ ᠮᠠᠯ ᠤᠨ ᠦᠢᠯᠡᠳᠪᠦᠷᠢᠯᠡᠯ ᠢ ᠲᠣᠬᠢᠷᠠᠭᠤᠯᠬᠤ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ