2021 ᠣᠨ ᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠡᠬᠢᠯᠡᠪᠡ  ᠢᠤᠢ ᠹᠦ᠋ ᠯᠦᠩ  ᠯᠢᠨ ᠱᠣᠤ ᠴᠦᠨ ᠣᠷᠣᠯᠴᠠᠪᠠ
ᠨᠡᠶᠢᠲᠡᠯᠡᠭᠰᠡᠨ ᠴᠠᠭ᠄
2021/1/19

     1 ᠳ᠋ᠦ᠋ᠭᠡᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠠᠮᠲᠤᠷᠠᠨ ᠡᠷᠭᠢᠯᠡᠭᠰᠡᠨ 2021 ᠣᠨ ᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠬᠥᠬᠡᠬᠤᠲᠠ ᠳᠤ ᠡᠬᠢᠯᠡᠪᠡ᠃
     ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠢᠤᠢ ᠹᠦ᠋ ᠯᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 1900 ᠬᠠᠶᠢᠷᠴᠠᠭ ᠬᠠᠶᠢᠷ᠎ᠠ ᠬᠠᠯᠠᠮᠵᠢ ᠶᠢᠨ ᠡᠳ᠋ ᠪᠣᠳᠠᠰ ᠪᠡᠯᠡᠭᠯᠡᠵᠦ᠂ ᠶᠡᠷᠦᠩᠬᠡᠶ ᠥᠷᠲᠡᠭ ᠨᠢ 57 ᠲᠦᠮᠡᠨ ᠲᠥᠭᠦᠷᠢᠭ ᠲᠤ ᠬᠦᠷᠴᠡᠶ᠂ ᠡᠭᠦᠨ ᠳᠤ᠂ ᠬᠥᠬᠡᠬᠤᠲᠠ ᠳᠤ 200 ᠬᠠᠶᠢᠷᠴᠠᠭ ᠪᠡᠯᠡᠭᠯᠡᠵᠦ᠂ ᠪᠠᠶᠠᠨᠨᠠᠭᠤᠷ ᠬᠤᠲᠠ ᠳᠤ 500 ᠬᠠᠶᠢᠷᠴᠠᠭ ᠪᠡᠯᠡᠭᠯᠡᠵᠡᠢ᠃ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠢᠷᠳᠡᠯᠲᠡᠶ ᠠᠵᠢᠯᠲᠠᠨ ᠠᠵᠢᠯᠴᠢᠳ ᠲᠤ 30 ᠲᠦᠮᠡᠨ ᠲᠥᠭᠦᠷᠢᠭ ᠤᠨ ᠬᠥᠮᠥᠡᠯᠢᠭ ᠠᠪᠤᠷᠠᠨ ᠲᠤᠰᠠᠯᠠᠬᠤ ᠮᠥᠩᠭᠦ ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠶᠢᠨ ᠬᠦᠴᠢᠷᠳᠡᠯᠲᠡᠶ ᠠᠵᠢᠯᠲᠠᠨ ᠠᠵᠢᠯᠴᠢᠳ ᠲᠤ 50 ᠲᠦᠮᠡᠨ ᠲᠥᠭᠦᠷᠢᠭ ᠤᠨ ᠥᠷᠲᠡᠭ ᠪᠦᠬᠦᠢ 2000 ᠬᠠᠶᠢᠷᠴᠠᠭ ᠬᠠᠶᠢᠷ᠎ᠠ ᠬᠠᠯᠠᠮᠵᠢ ᠶᠢᠨ ᠡᠳ᠋ ᠪᠤᠳᠠᠰ ᠬᠦᠷᠭᠡᠪᠡ᠃
     ᠲᠤᠰ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠡᠳ᠋ ᠳᠠᠷᠤᠭ᠎ᠠ ᠢᠤᠢ ᠹᠦ᠋ ᠯᠦᠩ ᠨᠠᠷ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠭᠠᠮᠰᠢᠭ ᠲᠤ ᠪᠡᠯᠡᠳᠬᠡᠬᠦ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠢᠶᠣᠤ ᠵᠢᠶᠠ ᠶᠢᠩ ᠲᠣᠰᠬᠤᠨ᠂ ᠹᠦ᠋ ᠰᠢᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠪᠣᠯᠤᠨ ᠠᠮᠢᠳᠤᠷᠠᠯ ᠤᠨ ᠬᠡᠷᠡᠭᠰᠡᠯ ᠬᠦᠷᠭᠡᠵᠦ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠢ ᠨᠠᠷᠢᠨ ᠯᠠᠪᠯᠠᠵᠤ᠂ ᠲᠡᠳᠡᠨ ᠢ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ ᠭᠡᠵᠦ ᠵᠣᠷᠢᠭᠵᠢᠭᠤᠯᠪᠠ᠃
     ᠲᠠᠨᠢᠯᠴᠠᠭᠤᠯᠤᠭᠰᠠᠨ ᠢᠶᠠᠷ᠂ 2006 ᠣᠨ ᠠᠴᠠ ᠨᠠᠭᠠᠰᠢ᠂ ᠮᠠᠨ ᠤ ᠣᠷᠣᠨ ᠨᠢᠭᠡᠨᠲᠡ 15 ᠵᠢᠯ ᠳᠠᠷᠠᠭᠠᠯᠠᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ᠂ ᠲᠦᠭ ᠲᠦᠮᠡᠨ ᠠᠶᠢᠯ ᠡᠷᠦᠬᠡ ᠶᠢ ᠬᠠᠯᠠᠮᠵᠢᠯᠠᠬᠤ︾᠎ ᠪᠠᠷ ᠭᠤᠤᠯ ᠰᠡᠳᠦᠪ ᠪᠣᠯᠭᠠᠭᠰᠠᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠵᠥᠪᠬᠡᠨ ︽13·5︾᠎ ᠶᠢᠨ ᠬᠤᠭᠤᠴᠠᠭᠠᠨ ᠳᠤ 1.66 ᠳ᠋ᠦᠩᠰᠢᠭᠤᠷ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠦᠷᠭᠡᠵᠦ᠂ 194.37 ᠲᠦᠮᠡᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ