2020 ᠣᠨ ᠳᠤ ᠮᠠᠨ ᠤ ᠣᠷᠤᠨ ᠤ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠦᠷᠭᠡᠳᠪᠡ
ᠨᠡᠶᠢᠲᠡᠯᠡᠭᠰᠡᠨ ᠴᠠᠭ᠄
2021/1/19

     1 ᠳ᠋ᠦ᠋ᠭᠡᠷ ᠰᠠᠷ᠎ᠠ ᠶᠢᠨ 18᠎ ᠤ ᠡᠳᠦᠷ᠂ ᠦᠪᠡᠷᠲᠡᠭᠡᠨ ᠵᠠᠰᠠᠬᠤ ᠣᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠤᠨ ᠪᠦᠬᠦ ᠠᠷᠠᠳ ᠢᠶᠠᠷ ᠢᠶᠠᠨ ᠨᠡᠶᠢᠭᠡᠮ ᠤᠨ ᠳᠠᠭᠠᠳᠬᠠᠯ ᠳᠤ ᠣᠷᠤᠯᠴᠠᠬᠤ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠦᠷᠭᠡᠳᠴᠦ᠂ 2020 ᠣᠨ ᠤ 12 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠪᠦᠬᠦ ᠣᠷᠤᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠯᠳᠠᠭᠰᠠᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 785.9 ᠲᠦᠮᠡᠨ ᠬᠥᠮᠦᠨ᠂ 276.5 ᠲᠦᠮᠡᠨ ᠬᠥᠮᠦᠨ᠂ 336 ᠲᠦᠮᠡᠨ ᠬᠥᠮᠦᠨ ᠳᠤ ᠬᠦᠷᠴᠦ᠂ ᠤᠯᠤᠰ ᠠᠴᠠ ᠪᠠᠭᠤᠯᠭᠠᠭᠰᠠᠨ ᠣᠨ ᠤ ᠦᠷᠭᠡᠳᠬᠡᠬᠦ ᠬᠡᠪᠴᠢᠶ᠎ᠡ ᠶᠢᠨ ᠡᠭᠦᠷᠭᠡ ᠶᠢ ᠴᠥᠮ ᠤᠷᠢᠳᠴᠢᠯᠠᠨ ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ 784.7 ᠲᠦᠮᠡᠨ ᠬᠥᠮᠦᠨ ᠣᠷᠣᠯᠴᠠᠵᠤ᠂ 2019 ᠣᠨ ᠤ ᠡᠴᠦᠰ ᠤᠨ ᠬᠢ ᠠᠴᠠ 16.5 ᠲᠦᠮᠡᠨ ᠬᠥᠮᠦᠨ ᠨᠡᠮᠡᠭᠳᠡᠪᠡ᠃
     ᠡᠭᠦᠨ ᠤ ᠬᠠᠮᠲᠤ᠂ 2020 ᠣᠨ ᠳᠤ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ ᠬᠥᠮᠦᠨ ᠳᠤᠮᠳᠠᠴᠢ ᠪᠠᠷ 147.25 ᠲᠥᠭᠦᠷᠢᠭ ᠥᠰᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ 128 ᠲᠥᠭᠦᠷᠢᠭ ᠪᠠᠶᠢᠭᠰᠠᠨ ᠠᠴᠠ 133 ᠲᠥᠭᠦᠷᠢᠭ ᠪᠣᠯᠭᠠᠨ ᠥᠰᠭᠡᠵᠦ᠂ ᠪᠠᠰᠠ ᠠᠵᠢᠯ ᠠᠴᠠ ᠪᠣᠯᠵᠣ ᠭᠡᠮᠲᠦᠭᠰᠡᠨ ᠠᠵᠢᠯᠲᠠᠨ ᠠᠵᠢᠯᠴᠢᠨ ᠤ ᠰᠢᠷᠬ᠎ᠠ ᠪᠠ ᠵᠡᠮᠳᠡᠭ ᠤᠨ ᠨᠡᠮᠡᠯᠭᠡ᠂ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠠᠰᠠᠷᠠᠮᠵᠢ ᠶᠢᠨ ᠮᠥᠩᠭᠦ᠂ ᠠᠮᠢᠳᠤᠷᠠᠯ ᠤᠨ ᠰᠤᠪᠢᠯᠠᠯᠲᠠ ᠶᠢᠨ ᠰᠦᠢᠳᠬᠡᠯ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠠᠵᠢᠯ ᠠᠯᠳᠠᠭᠰᠠᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ 4.36 ᠳ᠋ᠦᠩᠰᠢᠭᠤᠷ ᠲᠥᠭᠦᠷᠢᠭ᠂ ᠨᠢᠭᠡ ᠯᠡ ᠤᠳᠠᠭ᠎ᠠ ᠳᠤ ᠨᠦᠬᠦᠪᠦᠷᠢᠯᠡᠬᠦ ᠠᠮᠢᠳᠤᠷᠠᠯ ᠤᠨ ᠨᠥᠬᠦᠪᠥᠷᠢ 2599.3 ᠲᠦᠮᠡᠨ ᠲᠥᠭᠦᠷᠢᠭ᠂ ᠠᠵᠢᠯ ᠠᠯᠳᠠᠭᠰᠠᠨ ᠨᠥᠬᠦᠪᠥᠷᠢ ᠮᠥᠩᠭᠦ ᠶᠢ 1.74 ᠳ᠋ᠦᠩᠰᠢᠭᠤᠷ ᠲᠥᠭᠦᠷᠢᠭ ᠲᠠᠷᠬᠠᠭᠠᠪᠠ᠃ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠪᠦᠷᠢᠨᠰᠢᠭᠦᠯᠦᠨ᠂ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠷᠭᠦᠯᠵᠢᠯᠡᠬᠦᠶᠢᠴᠡ ᠬᠦᠭᠵᠢᠯᠲᠡ ᠶᠢ ᠲᠦᠯᠬᠢᠨ ᠠᠬᠢᠭᠤᠯᠬᠤ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠳᠦᠷᠢᠮ ᠤᠨ ᠬᠡᠷᠡᠭᠵᠢᠭᠦᠯᠬᠦ ᠰᠠᠨᠠᠯ ᠪᠣᠯᠤᠨ ᠬᠢᠨᠠᠨ ᠰᠢᠯᠭᠠᠵᠤ ᠱᠠᠩᠨᠠᠨ ᠵᠠᠯᠬᠠᠭᠠᠬᠤ ᠠᠷᠭ᠎ᠠ ᠶᠢ ᠲᠣᠭᠲᠠᠭᠠᠨ ᠵᠢᠷᠤᠮᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠬᠤᠷᠢᠶᠠᠵᠤ ᠨᠢᠭᠡᠳᠦᠯᠲᠡᠶ ᠣᠯᠭᠤᠬᠤ ᠶᠢ ᠪᠡᠶᠡᠯᠡᠭᠦᠯᠪᠡ᠃ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠠᠷᠭ᠎ᠠ︾᠎ ᠶᠢ ᠲᠣᠭᠲᠠᠭᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠵᠢᠷᠤᠮᠵᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ