ᠪᠤᠭᠤᠲᠤ ᠬᠤᠲᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/19
     1 ᠳ᠋ᠦ᠋ᠭᠡᠷ ᠰᠠᠷ᠎ᠠ ᠶᠢᠨ 15 ᠤ ᠡᠳᠦᠷ᠂ 2021 ᠣᠨ ᠤ ᠪᠦᠬᠦ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠨᠢᠭᠡᠳᠦᠭᠡᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠣᠳᠣᠬᠢ ᠱᠠᠲᠤᠨ ᠤ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ᠂ ᠴᠠᠭᠠᠨ ᠰᠠᠷ᠎ᠠ ᠶᠢᠨ ᠵᠥᠭᠡᠭᠡᠪᠦᠷᠢ ᠪᠣᠯᠤᠨ 2021 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      2021 ᠣᠨ ᠪᠣᠯ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠳᠤ᠂ ᠮᠥᠨ ᠴᠦ ᠬᠠᠮᠤᠭ ᠤᠨ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠬᠤᠷᠠᠯ ᠠᠴᠠ ᠱᠠᠭᠠᠷᠳᠠᠬᠤ ᠳᠤ ᠪᠠᠨ᠂ ᠡᠨᠡ ᠵᠢᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤᠨ ᠤ ᠡᠭᠦᠷᠭᠡ  ᠶᠢᠨ ᠲᠤᠬᠢᠷᠠᠭᠤᠯᠤᠯᠳᠠ ᠶᠢ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠵᠦ᠂ ᠠᠷᠠᠳ ᠲᠦᠮᠡᠨ ᠢᠶᠠᠷ ᠲᠥᠪ ᠪᠣᠯᠭᠠᠬᠤ ᠦᠵᠡᠯ ᠰᠠᠨᠠᠭ᠎ᠠ ᠶᠢ ᠪᠣᠢ ᠪᠣᠯᠭᠠᠵᠤ᠂ ᠬᠠᠮᠢᠶ᠎ᠠ ᠪᠦᠬᠦᠢ ᠭᠡᠰᠢᠭᠦᠨ ᠨᠢᠭᠡᠴᠢ ᠲᠠᠢ ᠨᠢᠭᠲᠠ ᠬᠠᠮᠵᠢᠯᠴᠠᠵᠤ᠂ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠪᠣᠳᠠᠲᠠᠢ ᠬᠠᠷᠢᠭᠤᠴᠠᠯᠭ᠎ᠠ ᠡᠭᠦᠷᠭᠡᠯᠡᠯ᠂ ᠨᠡᠩ ᠴᠢᠩᠭ᠎ᠠ ᠠᠵᠢᠯ ᠤᠨ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠢᠯᠭᠠᠨ ᠪᠠᠶᠢᠴᠠᠭᠠᠵᠤ ᠵᠠᠰᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠤᠬᠠᠭᠤᠯᠤᠨ ᠬᠥᠮᠥᠵᠢᠭᠦᠯᠬᠦ ᠵᠡᠷᠭᠡ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠡᠪᠰᠢᠭᠦᠯᠦᠨ ᠠᠬᠢᠭᠤᠯᠬᠤ ᠬᠡᠷᠡᠭᠲᠡᠢ︔ ᠲᠦᠭᠰᠢᠭᠦᠷᠢ ᠶᠢ ︽ᠬᠤᠶᠠᠷ ᠲᠠᠯ᠎ᠠ ᠪᠠᠷ ᠡᠵᠡᠮᠳᠡᠬᠦ︾ ᠲᠣᠭᠲᠠᠴᠠ ᠪᠣᠯᠤᠨ ᠪᠠᠷᠢᠮᠵᠢᠶᠠᠵᠢᠭᠤᠯᠤᠭᠰᠠᠨ ᠬᠢᠷᠢ ᠬᠡᠮᠵᠢᠶ᠎ᠡ ᠳᠤ ᠬᠦᠷᠭᠡᠬᠦ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠬᠦᠨᠳᠦ ᠨᠣᠴᠢᠲᠠᠢ ᠣᠨᠴᠠ ᠶᠡᠭᠡ ᠠᠳᠡᠯ ᠭᠠᠷᠭᠠᠬᠤ ᠦᠭᠡᠶ ᠬᠤᠷᠢᠭ᠎ᠠ ᠱᠤᠭᠤᠮ ᠢ ᠡᠷᠡᠰ ᠰᠠᠬᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠪᠣᠯᠤᠨ ᠡᠶ᠎ᠡ ᠵᠣᠬᠢᠴᠠᠯ ᠲᠠᠢ ᠨᠡᠶᠢᠭᠡᠮ ᠢ ᠴᠣᠭᠴᠠᠯᠠᠨ ᠪᠠᠶᠢᠭᠤᠯᠬᠤ ᠳᠤ ᠠᠮᠤᠷ ᠲᠦᠪᠰᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠠᠨ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠳᠠᠯ ᠥᠬᠡᠶ ᠡᠬᠢᠯᠡᠵᠦ᠂ ᠬᠥᠮᠦᠰ  ᠤᠨ ᠨᠡᠭᠦᠳᠡᠯ ᠤᠨ ᠬᠡᠮᠵᠢᠶ᠎ᠡ ᠶᠡᠭᠡ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠨ᠂ ᠭᠠᠳᠠᠭᠠᠳᠤ ᠠᠴᠠ ᠣᠷᠣᠭᠤᠯᠬᠤ ᠬᠦᠶᠲᠡᠨ ᠬᠡᠯᠬᠢᠶᠡᠰᠦ ᠶᠢᠨ ᠢᠳᠡᠭᠡᠨ ᠪᠠ ᠪᠠᠷᠠᠭᠠᠨ ᠤ ᠭᠦᠶᠯᠭᠡᠭᠡ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠨᠠᠩ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠳᠠᠯ ᠳᠤ ᠲᠤᠯᠭᠠᠷᠠᠬᠤ ᠪᠣᠯᠣᠨ᠎ᠠ᠃ ᠡᠯ᠎ᠡ ᠨᠢᠭᠡᠴᠢ ᠶᠢᠨ ᠬᠢᠨ ᠵᠠᠪᠠᠯ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ︽ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠢᠨᠴᠦᠭᠦᠷᠡᠮᠡᠯ ᠦᠵᠡᠯ᠂ ᠭᠤᠷᠢᠳᠠᠬᠤ ᠪᠣᠳᠣᠯ᠂ ᠬᠠᠯᠠᠰᠢᠷᠠᠬᠤ ᠰᠡᠳᠬᠢᠯᠭᠡ᠂ ᠰᠤᠯᠠᠷᠠᠬᠤ ᠣᠪᠣᠷ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢᠶᠠᠨ ᠴᠠᠭ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠡᠪᠰᠢᠭᠦᠯᠦᠭᠰᠡᠨ ︽ᠲᠠᠪᠤ ᠶᠢ ᠪᠦᠷᠢᠳᠦᠭᠦᠯᠦᠭᠰᠡᠨ︾ ᠠᠵᠢᠯ ︵ᠲᠤᠬᠠᠶᠢᠯᠠᠪᠠᠯ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠲᠠᠢ᠂ ᠰᠡᠷᠭᠡᠶᠢᠯᠡᠨ ᠬᠠᠮᠠᠭᠠᠯᠠᠬᠤ ᠵᠦᠭᠯᠡᠭᠦᠷ ᠲᠠᠢ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠲᠥᠬᠦᠭᠡᠷᠦᠮᠵᠢ ᠲᠠᠢ᠂ ᠡᠮᠴᠢ ᠰᠤᠪᠢᠯᠠᠭᠴᠢ ᠶᠢᠨ ᠬᠦᠴᠦᠨ ᠤ ᠳᠡᠮᠵᠢᠯᠭᠡ ᠲᠠᠢ᠂ ᠦᠯᠡᠳᠡᠭᠡᠨ ᠠᠵᠢᠭᠯᠠᠬᠤ ᠲᠠᠰᠤᠭ ᠪᠠ ᠰᠢᠯᠵᠢᠭᠦᠯᠦᠨ ᠵᠥᠭᠡᠭᠡᠪᠦᠷᠢᠯᠡᠬᠦ ᠲᠣᠬᠢᠷᠠᠭᠤᠯᠤᠯᠲᠠ ᠲᠠᠢ︶ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠬᠤ ᠳᠤ ᠪᠠᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠠᠴᠠ ᠪᠣᠯᠵᠤ ᠬᠦᠨᠳᠦ ᠨᠣᠴᠢᠲᠠᠶ ᠰᠢᠯᠭᠠᠯᠲᠠ ᠳᠤ ᠲᠤᠯᠭᠠᠷᠠᠬᠤ ᠪᠣᠯᠣᠨ᠎ᠠ᠃ ᠪᠢᠳᠡ ᠲᠡᠭᠡᠭᠡᠪᠦᠷᠢ ᠶᠢ ᠪᠠᠲᠤᠯᠠᠬᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠦᠶᠯᠡᠴᠢᠯᠡᠭᠡ ᠶᠢ ᠪᠠᠲᠤᠯᠠᠬᠤ  ᠪᠠᠷ ᠪᠠᠷᠠᠬᠤ ᠥᠬᠡᠶ ᠪᠠᠰᠠ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ᠂ ᠡᠷᠡᠭᠦᠯ ᠮᠡᠨᠳᠦ ᠴᠠᠭᠠᠨ ᠰᠠᠷ᠎ᠠ ᠶᠢᠨ ᠵᠥᠭᠡᠭᠡᠪᠦᠷᠢ᠂ ᠳᠥᠭᠦᠮ ᠳᠥᠲᠡ ᠴᠠᠭᠠᠨ ᠰᠠᠷ᠎ᠠ ᠶᠢᠨ ᠵᠥᠭᠡᠭᠡᠪᠦᠷᠢ᠂ ᠳᠣᠲᠣᠨᠣ ᠬᠠᠯᠠᠭᠤᠮᠰᠤᠭ ᠴᠠᠭᠠᠨ ᠰᠠᠷ᠎ᠠ ᠶᠢᠨ ᠵᠥᠭᠡᠭᠡᠪᠦᠷᠢ᠂ ᠦᠨᠡᠨᠴᠢ ᠢᠲᠡᠭᠡᠮᠵᠢᠲᠡᠢ ᠴᠠᠭᠠᠨ ᠰᠠᠷ᠎ᠠ ᠶᠢᠨ ᠵᠥᠭᠡᠭᠡᠪᠦᠷᠢ᠂ ᠪᠣᠬᠢᠷᠲᠤᠯ ᠦᠭᠡᠢ ᠴᠠᠭᠠᠨ ᠰᠠᠷ᠎ᠠ ᠶᠢᠨ ᠵᠥᠭᠡᠭᠡᠪᠦᠷᠢ︾ ᠭᠡᠬᠦ ᠭᠤᠣᠯ ᠰᠡᠳᠦᠪ ᠤᠨ ᠲᠣᠭᠤᠷᠢᠨ ᠳᠤ᠂ ᠪᠣᠳᠠᠲᠠᠢ ᠠᠵᠢᠯ ᠤᠨ ᠲᠥᠰᠦᠯ ᠢ ᠰᠠᠶᠢᠲᠤᠷ ᠲᠣᠭᠲᠠᠭᠠᠵᠤ᠂ ᠨᠠᠷᠢᠨ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠵᠥᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠶᠠᠨᠴᠢᠳ ᠤᠨ ᠠᠶᠠᠯᠠᠯ ᠢ ᠨᠡᠩ ᠠᠮᠤᠷ ᠲᠦᠪᠰᠢᠨ᠂ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ ᠭᠡᠵᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ