ᠦᠬᠠᠶ ᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ ᠴᠣᠭᠴᠠᠯᠠᠬᠤ ᠠᠵᠢᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2021/1/19
    ᠨᠢᠳᠤᠨᠤᠨ᠂ ᠦᠬᠠᠶ ᠬᠤᠲᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ ᠴᠣᠭᠴᠠᠯᠠᠬᠤ ᠠᠵᠢᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ 2020 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠠᠴᠠ ᠦᠬᠠᠶ ᠬᠤᠲᠠ ᠳᠤ 1775 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠦᠶᠯᠡᠰ ᠴᠣᠭᠴᠠᠯᠠᠭᠤᠯᠬᠤ ᠠᠵᠢᠯ ᠤᠨ ᠡᠭᠦᠷᠭᠡ ᠪᠠᠭᠤᠯᠭᠠᠵᠤ᠂ 12 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠦᠬᠠᠶ ᠬᠤᠲᠠ ᠨᠡᠶᠢᠲᠡ 2759 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ ᠴᠣᠭᠴᠠᠯᠠᠬᠤ ᠶᠢ ᠳᠡᠮᠵᠢᠨ ᠲᠡᠳᠬᠦᠵᠦ᠂ ᠪᠡᠶᠡᠯᠡᠭᠦᠯᠦᠭᠰᠡᠨ ᠬᠠᠷᠢᠴᠠᠯ ᠨᠢ 155.4% ᠳᠤ ᠬᠥᠷᠪᠡ᠃      ᠨᠢᠳᠤᠨᠤᠨ᠂ ᠦᠬᠠᠶ ᠬᠤᠲᠠ ᠠᠵᠤ ᠠᠬᠤᠶᠢᠯᠠᠯ ᠪᠠ ᠬᠤᠪᠢ ᠬᠥᠮᠦᠨ ᠤ ᠢᠨᠲ᠋ᠧᠷ ᠰᠦᠯᠵᠢᠶ᠎ᠡ ᠶᠢ ᠠᠰᠢᠭᠯᠠᠨ ᠰᠦᠯᠵᠢᠶᠡᠨ ᠳᠡᠭᠡᠷ᠎ᠡ ᠠᠵᠢᠯ ᠡᠷᠢᠵᠦ ᠠᠵᠢᠯᠲᠠᠨ ᠡᠯᠰᠡᠬᠦ ᠶᠢ ᠨᠢ ᠵᠣᠷᠢᠭᠵᠢᠭᠤᠯᠤᠨ ᠵᠢᠯᠣᠭᠤᠳᠴᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠤᠰᠬᠠᠶ ᠴᠤᠭᠯᠠᠭᠠᠨ ᠢ 6 ᠤᠳᠠᠭ᠎ᠠ ᠵᠣᠬᠢᠶᠠᠨ ᠪᠠᠶᠢᠭᠤᠯᠵᠤ ᠥᠭᠪᠡ︔ ᠳᠠᠳᠤᠯᠭ᠎ᠠ ᠬᠢᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠥᠬᠠᠢ ᠬᠤᠲᠠ ᠤᠤᠯ ᠤᠨ 49 ᠪᠡᠯᠡᠳᠬᠡᠯ ᠳᠠᠳᠤᠯᠭ᠎ᠠ  ᠶᠢᠨ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠰᠢᠨ᠎ᠡ ᠪᠠᠷ 18 ᠶᠢ ᠪᠠᠶᠢᠭᠤᠯᠵᠤ᠂ ᠣᠳᠣᠬᠠᠨ ᠳᠤ ᠪᠥᠬᠦ ᠬᠤᠲᠠ ᠶᠢᠨ ᠪᠡᠯᠡᠳᠬᠡᠯ ᠳᠠᠳᠤᠯᠭ᠎ᠠ ᠶᠢᠨ ᠰᠠᠭᠤᠷᠢᠨ ᠭᠠᠵᠠᠷ ᠨᠡᠶᠢᠲᠡ 67 ᠪᠣᠶ᠃ 2020 ᠣᠨ ᠳᠤ᠂ ᠬᠢᠵᠢᠭ ᠤᠨ ᠪᠠᠶᠢᠳᠠᠯ ᠠᠴᠠ ᠪᠣᠯᠵᠣ᠂ ᠦᠬᠠᠶ ᠬᠤᠲᠠ ᠰᠦᠯᠵᠢᠶᠡᠨ ᠳᠡᠭᠡᠷ᠎ᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠢᠨᠡᠴᠢᠯᠡᠬᠦ ᠴᠢᠨᠠᠷᠲᠠᠶ ᠪᠠᠷ ᠥᠷᠨᠢᠭᠦᠯᠦᠭᠰᠡᠨ ᠪᠥᠭᠡᠳ ᠯᠠᠨᠵᠧᠦ ᠶᠡᠭᠡ ᠰᠤᠷᠭᠠᠭᠤᠯᠢ ᠲᠠᠢ ᠬᠠᠮᠲᠤ ᠪᠠᠷ ︽ᠯᠠᠨᠵᠧᠦ ᠶᠡᠭᠡ ᠰᠤᠷᠭᠠᠭᠤᠯᠢ ᠶᠢᠨ ᠭᠤᠤᠯᠳᠠᠯᠭ᠎ᠠ ᠲᠠᠢ ᠬᠠᠮᠲᠤᠷᠠᠯᠴᠠᠭᠠᠨ ᠤ ᠬᠤᠲᠠ ᠶᠢᠨ ᠰᠢᠷᠢᠰ ᠰᠦᠯᠵᠢᠶᠡᠨ ᠳᠡᠭᠡᠷᠡᠬᠢ ᠬᠤᠤᠰ ᠰᠣᠩᠭᠤᠯᠲᠠ ᠶᠢᠨ ᠬᠤᠷᠠᠯ ᠤᠨ ᠦᠬᠠᠶ ᠬᠤᠲᠠ ᠶᠢᠨ ᠲᠤᠰᠬᠠᠶ ᠲᠠᠯᠠᠪᠤᠷ︾ ᠢ ᠥᠷᠨᠢᠭᠦᠯᠵᠦ᠂ ᠪᠥᠬᠦ ᠬᠤᠲᠠ ᠶᠢᠨ ᠠᠵᠢᠯ ᠦᠶᠯᠡᠰ ᠤᠨ ᠨᠢᠭᠡᠴᠢ ᠳᠤ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠣᠶᠤᠲᠠᠨ ᠢ 654 ᠨᠡᠷᠡᠰ ᠣᠷᠣᠭᠤᠯᠤᠨ ᠠᠪᠴᠢᠷᠠᠪᠠ᠃      2021 ᠣᠨ ᠳᠤ᠂ ᠦᠬᠠᠶ ᠬᠤᠲᠠ ᠠᠵᠢᠯ ᠣᠯᠭᠤᠵᠤ ᠦᠶᠯᠡᠰ ᠴᠣᠭᠴᠠᠯᠠᠭᠤᠯᠬᠤ ᠦᠶᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ ᠴᠣᠭᠴᠠᠯᠠᠬᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠴᠢᠳᠠᠪᠤᠷᠢᠲᠠᠨ ᠤ ᠨᠥᠭᠡᠴᠡᠯᠡᠯᠲᠡ ᠪᠠ ᠠᠵᠢᠯ ᠣᠯᠭᠤᠯᠲᠠ ᠶᠢᠨ ᠳᠠᠳᠤᠯᠭ᠎ᠠ ᠶᠢᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠦᠶᠯᠡᠰ ᠴᠣᠭᠴᠠᠯᠠᠬᠤ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ ᠳᠡᠮᠵᠢᠵᠦ᠂ ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠦᠶᠯᠡᠰ ᠴᠣᠭᠴᠠᠯᠠᠬᠤ ᠵᠢᠯᠣᠭᠤᠳᠣᠯᠭ᠎ᠠ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ ᠴᠣᠭᠴᠠᠯᠠᠬᠤ ᠳᠤ ᠪᠠᠲᠤᠯᠠᠭ᠎ᠠ ᠬᠠᠩᠭᠠᠬᠤ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ