ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 46 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ  ᠵᠠᠩ ᠱᠣᠤ ᠴᠦᠨ  ᠡᠸᠤ ᠶᠠᠩ ᠰᠢᠶᠤᠤ ᠬᠤᠶ ᠬᠤᠷᠠᠯ ᠳᠤ ᠣᠷᠤᠯᠴᠠᠪᠠ
ᠨᠡᠶᠢᠲᠡᠯᠡᠭᠰᠡᠨ ᠴᠠᠭ᠄
2021/1/20

     1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 46 ᠳ᠋ᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠤᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠢᠨᠵᠢᠯᠡᠬᠦ ᠤᠬᠠᠭᠠᠨᠴᠢ ᠲᠦᠢᠯ ᠤᠨ ᠣᠨᠤᠪᠴᠢᠲᠠᠢ ᠪᠠᠷ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠰᠣᠳᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠶ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠢᠮᠠᠭᠲᠠ ᠴᠢᠩᠭᠠᠷᠠᠭᠤᠯᠤᠨ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠲᠥᠰᠦᠯ ᠢᠶᠠᠨ ᠪᠦᠷᠢᠨᠰᠢᠭᠦᠯᠦᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠶ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠲᠠᠪᠤᠨ ᠪᠠᠶᠢᠬᠤ ᠪᠠ ᠨᠢᠭᠡ ᠲᠣᠣᠷᠴᠢᠯᠠᠭᠰᠠᠨ ᠬᠠᠮᠢᠶᠠᠷᠤᠯᠲᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ